ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠳᠣᠭᠣᠶᠢᠯᠠᠩ ᠳᠠᠶᠢᠴᠢᠯᠠᠨ ᠵᠠᠷᠤᠳ ᠬᠣᠰᠢᠭᠣ ᠂ ᠬᠣᠣᠯᠢᠩᠭᠣᠯ ᠬᠣᠲᠠ ᠳ᠋ᠤ ᠬᠦᠷᠴᠦ ᠨᠡᠶᠢᠬᠡᠮ ‍ᠦᠨ ᠠᠵᠤ ᠠᠬᠤᠢ ᠶ᠋ᠢᠨ ᠬᠥᠭᠵᠢᠯᠲᠡ ᠶ᠋ᠢᠨ ᠪᠠᠶᠢᠳᠠᠯ ᠳ᠋ᠥ ᠪᠠᠶᠢᠴᠠᠭᠠᠯᠳᠠ ᠬᠢᠭᠰᠡᠨ

ᠣᠩᠰᠢᠭᠰᠠᠨ ᠤᠳᠠᠭ᠎ᠠ ᠄ 1898     ᠨᠡᠶᠢᠳᠡᠯᠡᠭᠰᠡᠨ ᠴᠠᠭ ᠄ 2019/8/2 16:46:33

   
      7 ᠳ᠋ᠣᠭᠠᠷ ᠰᠠᠷ᠎ᠠ ᠶ᠋ᠢᠨ 28 ᠡᠴᠡ 29 ‍ᠦ ᠡᠳᠦᠷ ᠪᠣᠯᠲᠠᠯ᠎ᠠ ᠂ ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠳᠣᠭᠣᠶᠢᠯᠠᠩ ᠳᠠᠶᠢᠴᠢᠯᠠᠨ ᠵᠠᠷᠤᠳ ᠬᠣᠰᠢᠭᠣ ᠂ ᠬᠣᠣᠯᠢᠩᠭᠣᠯ ᠬᠣᠲᠠ ᠳ᠋ᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠂ ᠬᠣᠰᠢᠭᠤᠨ ‍ᠤ ᠤᠳᠤᠷᠢᠳᠤᠯᠭ᠎ᠠ ᠡᠦ ᡁᠢ ᠴᠢᠶᠠᠩ ᠂ ᠭᠦᠸᠧ ᠶᠦᠩ ᠂ ᠱᠢ ᠮᠢᠩ ᠰᠢᠶᠠᠨ ᠂ ᠪᠣᠣ ᠴᠦᠨ ᠭᠤᠸᠠᠩ ᠂ ᠭᠤᠤ ᠭᠦᠸᠧ ᠶᠠᠨ ᠂ ᠯᠢ ᠬᠠᠷᠠᠪᠠᠷᠰ ᠂ ᠯᠢ ᠸᠠᠨ ᠢᠦᠢ ᠂ ᠬᠣᠰᠢᠭᠤᠨ ‍ᠤ ᠡᠯ᠎ᠡ ᠰᠢᠭᠤᠳ ᠬᠠᠷᠢᠶ᠎ᠠ ᠨᠢᠭᠡᠴᠡ ᠶ᠋ᠢᠨ ᠬᠠᠷᠢᠭᠤᠴᠠᠯᠭᠠᠲᠠᠨ ᠵᠢᠴᠢ ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠵᠡᠭᠡᠯᠢ ᠭᠤᠳᠤᠮᠵᠢ ᠶ᠋ᠢᠨ ᠤᠳᠤᠷᠢᠳᠤᠯᠭ᠎ᠠ ᠵᠡᠷᠭᠡ 40 ᠭᠠᠷᠤᠶ ᠬᠥᠮᠦᠨ ᠪᠠᠶᠢᠴᠠᠭᠠᠨ ᠰᠤᠳᠤᠯᠤᠯᠲᠠ ᠳ᠋ᠤ ᠣᠷᠣᠯᠴᠠᠵᠠᠶ ᠃

       28 ‍ᠦ ᠦᠳᠡ ᠶ᠋ᠢᠨ ᠬᠣᠶᠢᠨ᠎ᠠ ᠂ ᠪᠠᠶᠢᠴᠠᠭᠠᠨ ᠰᠣᠳᠣᠯᠬᠣ ᠳᠣᠭᠣᠶᠢᠯᠠᠩ ᠵᠠᠷᠤᠳ ᠬᠣᠰᠢᠭᠤᠨ ‍ᠤ ᠨᠠᠮ ‍ᠤᠨ ᠬᠣᠷᠢᠶᠠᠨ ‍ᠤ ᠱᠦᠵᠢ ᠪᠠᠶ ᠯᠢ ᠵᠤ ᠶ᠋ᠢᠨ ᠪᠠᠷ᠎ᠠ ᠪᠣᠯᠣᠯᠭ᠎ᠠ ᠪᠠᠷ ᠵᠠᠷᠤᠳ ᠬᠣᠰᠢᠭᠣᠨ ᠤ ᠮᠠᠯᠴᠢᠨ ᠠᠶᠢᠯ ᠦᠬᠡᠷ ᠲᠡᠵᠢᠭᠡᠬᠦ ᠲᠤᠰᠬᠠᠶ ᠬᠣᠷᠰᠢᠶᠠᠵᠢᠯ ᠳ᠋ᠤ ᠬᠦᠷᠴᠦ ᠂ ᠬᠣᠷᠰᠢᠶᠠᠵᠢᠯ ‍ᠤᠨ ᠬᠠᠷᠢᠭᠤᠴᠠᠯᠭᠠᠲᠠᠨ ᠲᠠᠶ ᠭᠦᠨᠵᠡᠭᠡᠶ ᠶᠠᠷᠢᠯᠴᠠᠵᠤ ᠂ ᠬᠣᠷᠰᠢᠶᠠᠵᠢᠯ ‍ᠤᠨ ᠠᠵᠢᠯᠯᠠᠭᠠᠨ ‍ᠤ ᠬᠡᠯᠪᠡᠷᠢ ᠵᠢ ᠨᠠᠷᠢᠨ ᠣᠶᠢᠯᠠᠭᠠᠪᠠ

        29 ‍ᠦ ᠦᠳᠡ ᠶ᠋ᠢᠨ ᠡᠮᠦᠨ᠎ᠡ ᠂ ᠪᠠᠶᠢᠴᠠᠭᠠᠨ ᠰᠣᠳᠣᠯᠬᠣ ᠳᠣᠭᠣᠶᠢᠯᠠᠩ ᠬᠣᠣᠯᠢᠩᠭᠣᠯ ᠬᠣᠲᠠ ᠶ᠋ᠢᠨ ᠨᠠᠮ ‍ᠤᠨ ᠬᠣᠷᠢᠶᠠᠨ ‍ᠤ ᠱᠦᠵᠢ ᠵᠠᠩ ᠬᠣᠩ ᠹᠦ᠋ ᠶ᠋ᠢᠨ ᠪᠠᠷ᠎ᠠ ᠪᠣᠯᠣᠯᠭ᠎ᠠ ᠪᠠᠷ ᠤᠷᠢᠳ ᠬᠣᠵᠢᠳ ᠬᠣᠣᠯᠢᠩᠭᠣᠯ ᠬᠣᠲᠠ ᠶ᠋ᠢᠨ ᠨᠢᠭᠡᠳᠦᠭᠡᠷ ᠪᠠᠭ᠎ᠠ ᠰᠤᠷᠭᠠᠭᠤᠯᠢ ᠂  ᠵᠢᠨ ᠯᠢᠶᠠᠨ ᠬᠥᠩᠭᠡᠨ ᠴᠠᠭᠠᠨ ‍ᠤ ᠮᠠᠲ᠋ᠧᠷᠢᠶᠠᠯ ‍ᠤᠨ ᠬᠢᠵᠠᠭᠠᠷᠲᠤ ᠺᠣᠮᠫᠠᠨᠢ ᠶ᠋ᠢᠨ ᠪᠠᠷᠠᠯᠠᠬᠤ ᠲᠠᠪᠴᠠᠩ ᠂ ᠯᠢᠶᠠᠨ ᠱᠸᠩ ᠰᠢᠨ᠎ᠡ ᠮᠠᠲ᠋ᠧᠷᠢᠶᠠᠯ ‍ᠤᠨ ᠬᠢᠵᠠᠭᠠᠷᠲᠤ ᠺᠣᠮᠫᠠᠨᠢ ᠂ ᠴᠤᠸᠠᠩ ᠶᠤᠸᠠᠨ ᠲᠡᠮᠦᠷᠯᠢᠭ ‍ᠤᠨ ᠬᠢᠵᠠᠭᠠᠷᠲᠤ ᠺᠣᠮᠫᠠᠨᠢ ᠂ ᠬᠣᠲᠠ ᠶ᠋ᠢᠨ ᠶᠠᠪᠤᠳᠠᠯ ‍ᠤᠨ ᠦᠶ᠋ᠯᠡᠴᠢᠯᠡᠭᠡᠨ ‍ᠦ ᠲᠥᠪ ᠵᠡᠷᠭᠡ ᠭᠠᠵᠠᠷ ᠢᠶᠠᠷ ᠪᠠᠶᠢᠴᠠᠭᠠᠨ ᠰᠤᠷᠤᠯᠴᠠᠪᠠ ᠃

    ᠬᠦᠷᠦᠭᠰᠡᠨ ᠭᠠᠵᠠᠷ ᠪᠣᠯᠭᠠᠨ ᠳ᠋ᠥ ᠬᠣᠰᠢᠭᠤᠨ ‍ᠤ ᠬᠠᠮᠢᠶ᠎ᠠ ᠪᠦᠬᠦᠢ ᠪᠠᠶᠢᠭᠤᠯᠭ᠎ᠠ ᠶ᠋ᠢᠨ ᠬᠠᠷᠢᠭᠣᠴᠠᠯᠭᠠᠳᠠᠳ ᠲᠤᠬᠠᠶ ᠶ᠋ᠢᠨ ᠭᠠᠵᠠᠷ ‍ᠤᠨ ᠪᠠᠶᠢᠭᠤᠯᠭ᠎ᠠ ᠂ ᠠᠵᠤ ᠠᠬᠣᠶᠢᠯᠠᠯ ‍ᠤᠨ ᠬᠠᠷᠢᠭᠤᠴᠠᠯᠭᠠᠲᠠᠨ ᠲᠠᠶ ᠨᠠᠷᠢᠨ ᠨᠢᠭᠲᠠ ᠶᠠᠷᠢᠯᠴᠠᠵᠤ ᠂ ᠨᠠᠷᠢᠨ ᠬᠢᠨᠠᠮᠠᠭᠠᠶ ᠰᠣᠨᠣᠰᠣᠨ ᠂ ᠮᠠᠨ ‍ᠤ ᠬᠣᠰᠢᠭᠤᠨ ‍ᠤ ᠪᠣᠳᠠᠲᠤ ᠪᠠᠶᠢᠳᠠᠯ ᠲᠠᠢ ᠬᠠᠷᠢᠴᠠᠭᠤᠯᠵᠤ ᠂ ᠲᠤᠬᠠᠶ ᠶ᠋ᠢᠨ ᠭᠠᠵᠠᠷ ‍ᠤᠨ ᠲᠡᠷᠢᠭᠦᠨ ‍ᠦ ᠬᠠᠮᠢᠶᠠᠷᠤᠯᠲᠠ ᠶ᠋ᠢᠨ ᠬᠥᠭᠵᠢᠯᠲᠡ ᠶ᠋ᠢᠨ ᠲᠤᠷᠰᠢᠯᠭ᠎ᠠ ᠶ᠋ᠢ ᠰᠤᠷᠤᠯᠴᠠᠵᠠᠢ ᠃ 2018 ᠣᠨ ᠳ᠋ᠤ ᠂ ᠮᠠᠨ ‍ᠤ ᠬᠣᠰᠢᠭᠤᠨ ‍ᠤ ᠠᠵᠤ ᠠᠬᠤᠶ ᠶ᠋ᠢᠨ ᠬᠦᠭᠵᠢᠯᠳᠡ ᠶ᠋ᠢᠨ ᠪᠠᠶᠢᠳᠠᠯ ᠰᠢᠯᠢᠳᠡᠭ ᠰᠠᠶᠢᠨ ᠪᠠᠶᠢᠵᠣ ᠂ ᠠᠵᠤ ᠠᠬᠤᠢ ᠶ᠋ᠢᠨ ᠦᠢᠯᠡᠳᠪᠦᠷᠢᠯᠡᠯ ‍ᠦᠨ ᠥᠷᠳᠡᠭ ᠪᠦᠬᠦ ᠬᠣᠲᠠ ᠶ᠋ᠢᠨ ᠡᠮᠦᠨ᠎ᠡ ᠡᠩᠨᠡᠭᠡᠨ ᠳ᠋ᠦ ᠣᠷᠣᠵᠤ ᠂ ᠰᠣᠯᠢᠯᠴᠠᠭ᠎ᠠ ᠰᠤᠷᠤᠯᠴᠠᠯᠭ᠎ᠠ ᠪᠠᠷ ᠳᠠᠮᠵᠢᠨ ᠂ ᠪᠠᠶᠢᠴᠠᠭᠠᠨ ᠰᠤᠳᠤᠯᠬᠤ ᠳᠤᠭᠤᠶᠢᠯᠠᠩ ‍ᠤᠨ ᠦᠵᠡᠬᠦ ᠪᠡᠷ ᠂ ᠮᠠᠨ ‍ᠤ ᠬᠣᠰᠢᠭᠤᠨ ‍ᠤ ᠪᠦᠬᠦᠶᠢᠯᠡ ᠴᠣᠭᠴᠠ ᠶ᠋ᠢᠨ ᠬᠥᠭᠵᠢᠯᠲᠡ ᠶ᠋ᠢᠨ ᠬᠢᠷᠢ ᠲᠦᠪᠰᠢᠨ ᠪᠣᠯᠣᠨ ᠠᠬ᠎ᠠ ᠳᠡᠭᠦᠦ ᠬᠣᠰᠢᠭᠤ ᠰᠢᠶᠠᠨ ‍ᠤ ᠬᠣᠭᠣᠷᠣᠨᠳᠣ ᠮᠥᠨ ᠯᠡ ᠵᠥᠷᠢᠶ᠎ᠡ ᠣᠷᠣᠰᠢᠵᠤ ᠂ ᠠᠵᠤ ᠠᠬᠤᠢ ᠶ᠋ᠢᠨ ᠬᠥᠭᠵᠢᠯᠲᠡ ᠶ᠋ᠢᠨ ᠡᠭᠦᠷᠭᠡ ᠬᠦᠨᠳᠦ ᠵᠠᠮ ᠬᠤᠯᠠ ᠪᠠᠶᠢᠵᠣ ᠂ ᠲᠠᠰᠤᠷᠠᠯᠲᠠ ᠦᠭᠡᠢ ᠰᠤᠷᠤᠯᠴᠠᠵᠤ ᠰᠢᠨ᠎ᠡ ᠶ᠋ᠢ ᠡᠭᠦᠳᠪᠡᠯ ᠰᠠᠶᠢ ᠪᠦᠬᠦ ᠬᠣᠰᠢᠭᠤᠨ ‍ᠤ ᠠᠵᠤ ᠠᠬᠤᠢ ᠶ᠋ᠢᠨ ᠬᠥᠭᠵᠢᠯᠲᠡ ᠶ᠋ᠢ ᠰᠢᠨ᠎ᠡ ᠨᠢᠭᠡᠨ ᠳᠡᠭᠲᠡᠷ ᠲᠦ ᠭᠠᠷᠭᠠᠵᠤ ᠴᠢᠳᠠᠨ᠎ᠠ ᠬᠡᠯ᠎ᠡ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ