ᠬᠣᠰᠢᠭᠣᠨ ᠤ ᠳᠥᠷᠪᠡᠨ ᠪᠠᠶᠢᠭᠤᠯᠭ᠎ᠠ ᠶ᠋ᠢᠨ ᠣᠳᠣᠷᠢᠳᠣᠯᠭ᠎ᠠ ᠠᠬᠠᠮᠠᠳ ᠤᠯᠠᠭᠠᠨ ᠴᠡᠷᠢᠭ ᠂ ᠨᠠᠢᠮᠠᠨ ᠳ᠋ᠥ ᠰᠠᠭᠣᠭ᠎ᠠ ᠴᠡᠷᠢᠭ ᠠᠩᠭᠢ ᠂ ᠠᠵᠢᠯ ᠡᠴᠡ ᠪᠠᠨ ᠠᠮᠠᠷᠠᠭᠰᠠᠨ ᠠᠬᠠᠮᠠᠳ ᠴᠡᠷᠢᠭ ᠵᠢᠴᠢ ᠴᠡᠷᠢᠭ ‍ᠤᠨ ᠭᠡᠷ ᠪᠦᠯᠢ ᠵᠢ ᠪᠣᠯᠭᠣᠭᠠᠨ ᠲᠣᠬᠣᠨᠢᠭᠣᠯᠣᠭᠰᠠᠨ

ᠣᠩᠰᠢᠭᠰᠠᠨ ᠤᠳᠠᠭ᠎ᠠ ᠄ 8090     ᠨᠡᠶᠢᠳᠡᠯᠡᠭᠰᠡᠨ ᠴᠠᠭ ᠄ 2019/8/2 16:52:15

 

       《 8.1 》 ᠤ ᠴᠡᠷᠢᠭ ᠪᠠᠶᠢᠭᠣᠯᠣᠭᠳᠠᠭᠰᠠᠨ ᠪᠠᠶᠠᠷ ‍ᠤᠨ ᠡᠳᠦᠷ ᠬᠦᠷᠴᠦ ᠢᠷᠡᠬᠦ ᠲᠠᠰᠢᠷᠠᠮ ᠢᠶᠠᠷ ᠂ ᠬᠣᠰᠢᠭᠤᠨ ‍ᠤ ᠳᠥᠷᠪᠡᠨ ᠪᠠᠶᠢᠭᠤᠯᠭ᠎ᠠ ᠶ᠋ᠢᠨ ᠣᠳᠣᠷᠢᠳᠣᠯᠭ᠎ᠠ ᠠᠬᠠᠮᠠᠳ ᠤᠯᠠᠭᠠᠨ ᠴᠡᠷᠢᠭ ᠂ ᠨᠠᠢᠮᠠᠨ ᠳ᠋ᠥ ᠰᠠᠭᠣᠭ᠎ᠠ ᠴᠡᠷᠢᠭ ᠠᠩᠭᠢ ᠂ ᠠᠵᠢᠯ ᠡᠴᠡ ᠪᠠᠨ ᠠᠮᠠᠷᠠᠭᠰᠠᠨ ᠠᠬᠠᠮᠠᠳ ᠴᠡᠷᠢᠭ ᠵᠢᠴᠢ ᠴᠡᠷᠢᠭ ‍ᠤᠨ ᠭᠡᠷ ᠪᠦᠯᠢ ᠵᠢ ᠪᠣᠯᠭᠣᠭᠠᠨ ᠲᠣᠬᠣᠨᠢᠭᠤᠯᠵᠤ ᠂ ᠳᠡᠳᠡᠨᠡᠷ ᠲᠣ ᠪᠠᠶᠠᠷ ‍ᠤᠨ ᠡᠳᠦᠷ ‍ᠦᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ ᠃

         ᠬᠣᠰᠢᠭᠤᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠤᠨ ‍ᠤ ᠠᠷᠠᠳ ᠤᠨ ᠵᠠᠰᠠᠭ ᠤᠨ ᠣᠷᠳᠣᠨ ᠤ ᠬᠣᠰᠢᠭᠣᠨ ᠳᠠᠷᠤᠭ᠎ᠠ ᠪᠦᠷᠢᠨ ᠪᠠᠶᠠᠨᠳᠠᠯ᠎ᠠ ᠰᠤᠮᠤ ᠶ᠋ᠢᠨ ᠲᠦᠷᠪᠡᠡᠣᠪᠣᠭ᠎ᠠ ᠭᠠᠴᠠᠭᠠᠨ ᠳ᠋ᠦ ᠬᠦᠷᠴᠦ ᠂ 《 ᠯᠢᠶᠣᠤ ᠱᠸᠨ ‍ᠤ ᠪᠠᠶᠢᠯᠳᠣᠭᠠᠨ 》 ᠂ 《 ᠫᠢᠩ ᠶ᠋ᠢᠨ ‍ᠦ ᠪᠠᠶᠢᠯᠳᠣᠭᠠᠨ 》 ᠳ᠋ᠤ ᠣᠷᠣᠯᠴᠠᠵᠤ ᠥᠩᠭᠡᠷᠡᠭᠰᠡᠨ 92 ᠨᠠᠰᠤᠲᠠᠶ ᠠᠬᠠᠮᠠᠳ ᠤᠯᠠᠭᠠᠨ ᠴᠡᠷᠢᠭ ᠰᠢ ᠵᠢᠨ ᠷᠥᠩ ‍ᠢ ᠪᠣᠯᠭᠣᠭᠠᠨ ᠳᠣᠬᠣᠨᠢᠭᠣᠯᠵᠣ ᠂ ᠪᠦᠷᠢᠨ ᠰᠤᠮᠤᠨ ‍ᠤ ᠤᠳᠤᠷᠢᠳᠤᠯᠭ᠎ᠠ ᠳ᠋ᠥ ᠂ ᠲᠡᠳᠡᠨ ‍ᠦ ᠠᠮᠢᠳᠤᠷᠠᠯ ‍ᠢ ᠰᠠᠶᠢᠲᠤᠷ ᠬᠠᠷᠠᠭᠠᠯᠵᠠᠵᠤ ᠂ ᠠᠬᠠᠮᠠᠳ ᠤᠯᠠᠭᠠᠨ ᠴᠡᠷᠢᠭ ‍ᠢ ᠬᠠᠯᠠᠮᠵᠢᠯᠠᠨ ᠬᠠᠶᠢᠷᠠᠯᠠᠵᠤ ᠂ ᠨᠠᠷᠢᠨ ᠨᠢᠮᠪᠠᠶ ᠰᠠᠶᠢᠲᠤᠷ ᠦᠶ᠋ᠯᠡᠴᠢᠯᠡᠬᠦ ᠵᠢ ᠵᠠᠬᠢᠭᠰᠠᠨ ᠪᠠᠶᠢᠨ᠎ᠠ ᠃

        ᠬᠣᠰᠢᠭᠤᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠠᠯᠪᠠᠨ ᠭᠡᠷ ‍ᠦᠨ ᠡᠷᠬᠢᠯᠡᠭᠴᠢ ᠱᠢ ᠮᠢᠩ ᠰᠢᠶᠠᠨ ᠂ ᠬᠣᠰᠢᠭᠤᠨ ‍ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠣ ᠶ᠋ᠢᠨ ᠬᠣᠷᠢᠶᠠᠨ ᠳᠡᠳ᠋ ᠡᠷᠬᠢᠯᠡᠭᠴᠢ ᠸᠠᠩ ᠯᠢ ᠴᠢᠶᠠᠩ ᠂ ᠬᠣᠰᠢᠭᠤᠨ ‍ᠤ ᠠᠷᠠᠳ ‍ᠤᠨ ᠵᠠᠰᠠᠭ ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠵᠤᠤ ᠮᠤᠤ ᠯᠢᠨ ᠂ ᠬᠣᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠰᠢ ᠡᠷᠬᠢᠮᠪᠠᠶᠠᠷ ᠵᠡᠷᠭᠡ ᠤᠳᠤᠷᠢᠳᠤᠯᠭ᠎ᠠ ᠨᠠᠷ ᠬᠣᠰᠢᠭᠤᠨ ‍ᠤ ᠠᠷᠠᠳ ᠤᠨ ᠵᠠᠪᠰᠡᠭᠳᠣ ᠬᠦᠴᠦᠨ ‍ᠦ ᠬᠡᠯᠲᠡᠰ ᠂ ᠵᠠᠪᠰᠡᠭᠳᠣ ᠬᠦᠴᠦᠨ ‍ᠦ ᠴᠠᠭᠳᠠᠭ᠎ᠠ ᠶ᠋ᠢᠨ ᠨᠠᠢᠮᠠᠨ ‍ᠤ ᠳᠤᠮᠳᠠ ᠠᠩᠭᠢ ᠂ 84 ᠬᠤᠪᠢᠶᠠᠷᠢ ᠠᠩᠭᠢ ᠵᠢᠴᠢ ᠬᠣᠰᠢᠭᠤᠨ ‍ᠤ ᠭᠠᠯ ‍ᠢ ᠰᠡᠷᠭᠡᠶᠢᠯᠡᠵᠦ ᠭᠠᠯ ‍ᠢ ᠤᠨᠲᠠᠷᠠᠭᠠᠬᠤ ᠠᠪᠤᠷᠠᠨ ᠲᠤᠰᠠᠯᠠᠬᠤ ᠶᠡᠬᠡ ᠠᠩᠭᠢ ᠳ᠋ᠤ ᠬᠦᠷᠴᠦ ᠂ ᠡᠳᠦᠷ ᠲᠣᠲᠤᠮ ‍ᠤᠨ ᠪᠣᠯᠪᠠᠰᠤᠷᠠᠯ ᠂ ᠠᠵᠢᠯ ᠠᠮᠢᠳᠣᠷᠠᠯ ᠵᠡᠷᠭᠡ ᠪᠠᠶᠢᠳᠠᠯ ‍ᠢ ᠠᠰᠠᠭᠤᠨ ᠯᠠᠪᠯᠠᠵᠣ ᠂ ᠲᠡᠳᠡᠨᠡᠷ ᠲᠤ ᠬᠠᠯᠠᠭᠣᠨ ᠳᠣᠲᠣᠨᠣ ᠲᠣᠬᠣᠨᠢᠭᠤᠯᠤᠯ ᠪᠠ ᠴᠢᠩ ᠰᠡᠳᠬᠢᠯ ‍ᠦᠨ ᠵᠥᠩᠨᠡᠯ ᠳᠡᠪᠰᠢᠭᠦᠯᠵᠦ ᠂ ᠳᠡᠳᠡᠨᠦᠰ ‍ᠤᠨ ᠣᠯᠠᠨ ᠵᠢᠯ ‍ᠦᠨ ᠲᠤᠷᠰᠢ ᠨᠠᠶ᠋ᠮᠠᠨ ᠬᠣᠰᠢᠭᠤᠨ ‍ᠤ ᠠᠵᠤ ᠠᠬᠤᠢ ᠶ᠋ᠢᠨ ᠪᠦᠲᠦᠭᠡᠨ ᠪᠠᠶᠢᠭᠣᠯᠣᠯᠳᠠ ᠂ ᠨᠡᠶᠢᠭᠡᠮ ‍ᠦᠨ ᠠᠮᠤᠷ ᠲᠦᠪᠰᠢᠨ ᠂ ᠠᠶᠤᠯ ᠭᠠᠮᠰᠢᠭ ᠡᠴᠠ ᠠᠪᠤᠷᠠᠬᠤ ᠳᠤᠮᠳᠠ ᠦᠵᠡᠭᠦᠯᠦᠭᠰᠡᠨ ᠯᠤᠲᠤ ᠶᠡᠬᠡ ᠬᠤᠪᠢ ᠨᠡᠮᠡᠷᠢ ᠳ᠋ᠦ ᠳᠠᠯᠠᠷᠬᠠᠯ ᠢᠶᠡᠨ ᠳᠡᠪᠰᠢᠬᠦᠯᠦᠭᠰᠡᠨ ᠪᠠᠶᠢᠨ᠎ᠠ ᠃

        ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠣᠯᠣᠰ ᠲᠦᠷᠦ ᠬᠠᠣᠯᠢ ᠴᠠᠭᠠᠵᠠ ᠶ᠋ᠢᠨ ᠬᠣᠷᠢᠶᠠᠨ ᠤ ᠱᠦᠵᠢ ᠸᠠᠩ ᠵᠧᠨ ᠴᠧᠩ ᠲᠠᠴᠢᠨᠲᠠᠯ᠎ᠠ ᠪᠠᠯᠭᠠᠰᠤᠨ ‍ᠤ ᠳ᠋ᠧ ᠯᠦᠩ ᠳ᠋ᠢ ᠲᠣᠰᠬᠣᠨ ᠳ᠋ᠤ ᠬᠦᠷᠴᠦ 86 ᠨᠠᠰᠤᠲᠠᠶ ᠠᠬᠠᠮᠠᠳ ᠴᠡᠷᠢᠭ ᠳ᠋ᠠᠢ ᠭᠥᠸᠧ ᠴᠧᠨ ‍ᠢ ᠪᠣᠯᠭᠣᠭᠠᠨ ᠲᠣᠬᠣᠨᠢᠭᠤᠯᠵᠤ ᠂ ᠲᠡᠭᠦᠨ ᠳ᠋ᠦ ᠨᠠᠮ ᠪᠠ ᠵᠠᠰᠠᠭ  ᠤᠨ ᠬᠠᠶᠢᠷ᠎ᠠ ᠬᠠᠯᠠᠮᠵᠢ ᠶ᠋ᠢ ᠬᠦᠷᠭᠡᠵᠡᠶ ᠃

       ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠤᠬᠠᠭᠤᠯᠬᠤ ᠬᠡᠯᠲᠡᠰ ‍ᠦᠨ ᠳᠠᠷᠤᠭ᠎ᠠ ᠯᠢ ᠶᠠᠨ ᠾᠦᠢ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠶ᠋ᠢᠨ ᠬᠢᠨ ‍ᠢ ᠪᠣᠯᠭᠣᠭᠠᠨ ᠲᠣᠬᠣᠨᠢᠭᠤᠯᠤᠭᠰᠠᠨ ᠪᠠᠶᠢᠨ᠎ᠠ ᠃ ᠯᠢ ᠶᠠᠨ ᠾᠦᠢ ᠲᠠᠴᠢᠨᠲᠠᠯ᠎ᠠ ᠵᠡᠭᠡᠯᠢ ᠭᠤᠳᠤᠮᠵᠢ ᠶ᠋ᠢᠨ ᠺᠠᠳ᠋ᠷ ᠲᠣ ᠂ ᠬᠠᠮᠤᠭ ᠶᠡᠬᠡ ᠬᠦᠴᠦᠨ ᠢᠶᠠᠷ ᠯᠢ ᠹᠠᠩ ‍ᠤᠨ ᠠᠮᠢᠳᠤᠷᠠᠯ ‍ᠢ ᠬᠠᠷᠠᠭᠠᠯᠵᠠᠨ ᠂ ᠬᠦᠴᠢᠷᠳᠡᠯ ᠪᠣᠯᠣᠨ ᠠᠰᠠᠭᠤᠳᠠᠯ ‍ᠢ ᠦᠨᠡᠨ ᠬᠦ ᠰᠢᠶ᠋ᠳᠪᠦᠷᠢᠯᠡᠬᠦ ᠬᠡᠷᠡᠭᠲᠡᠶ ᠭᠡᠵᠦ ᠵᠠᠬᠢᠭᠰᠠᠨ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ