ᠬᠣᠰᠢᠭᠤᠨ ‍ᠤ ᠨᠠᠮ ‍ᠤᠨ ᠬᠣᠷᠢᠶ᠎ᠠ ᠡᠴᠠ 《 ᠦᠵᠡᠯ ᠰᠠᠨᠠᠭ᠎ᠠ ᠪᠠᠨ ᠳᠠᠬᠢᠨᠲᠠ ᠴᠢᠯᠥᠭᠡᠯᠡᠵᠦ ᠂ ᠰᠢᠨ᠎ᠡ ᠬᠥᠭᠵᠢᠯᠲᠡ ᠶ᠋ᠢᠨ ᠣᠶᠢᠯᠠᠭᠠᠭᠳᠠᠬᠣᠨ ‍ᠢ ᠪᠠᠲᠤᠲᠠᠶ ᠦᠢᠯᠡᠳᠦᠯᠭᠡᠵᠢᠭᠦᠯᠵᠦ ᠂ ᠴᠢᠨᠠᠷ ᠰᠠᠶᠢᠲᠠᠶ ᠬᠥᠭᠵᠢᠯᠲᠡ ᠶ᠋ᠢ ᠠᠬᠢᠭᠤᠯᠬᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ 》 ᠶ᠋ᠢᠨ ᠨᠣᠮ ᠤᠩᠰᠢᠬᠤ ᠬᠣᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 7436     ᠨᠡᠶᠢᠳᠡᠯᠡᠭᠰᠡᠨ ᠴᠠᠭ ᠄ 2019/8/7 17:27:46

 
        7 ᠳ᠋ᠣᠭᠠᠷ ᠰᠠᠷ᠎ᠠ ᠶ᠋ᠢᠨ 30 ‍ᠦ ᠡᠳᠦᠷ ᠂ ᠬᠣᠰᠢᠭᠤᠨ ‍ᠤ ᠨᠠᠮ ‍ᠤᠨ ᠬᠣᠷᠢᠶ᠎ᠠ ᠡᠴᠠ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ᠵᠢᠴᠢ 《 ᠦᠵᠡᠯ ᠰᠠᠨᠠᠭ᠎ᠠ ᠪᠠᠨ ᠳᠠᠬᠢᠨᠲᠠ ᠴᠢᠯᠥᠭᠡᠯᠡᠨ ᠂ ᠰᠢᠨ᠎ᠡ ᠬᠥᠭᠵᠢᠯᠲᠡ ᠶ᠋ᠢᠨ ᠣᠶᠢᠯᠠᠭᠠᠭᠳᠠᠬᠣᠨ ‍ᠢ ᠪᠠᠲᠤᠲᠠᠶ ᠦᠶ᠋ᠯᠡᠳᠦᠯᠭᠡᠵᠢᠭᠦᠯᠵᠦ ᠂ ᠴᠢᠨᠠᠷ ᠰᠠᠶᠢᠲᠠᠶ ᠬᠥᠭᠵᠢᠯᠲᠡ ᠶ᠋ᠢ ᠠᠬᠢᠭᠤᠯᠬᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ 》 ᠶ᠋ᠢᠨ ᠨᠣᠮ ᠤᠩᠰᠢᠬᠤ ᠬᠣᠷᠠᠯ ᠶᠠᠪᠣᠭᠳᠠᠭᠣᠯᠵᠦ ᠂ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠶ᠋ᠢᠨ ᠦᠷ᠎ᠡ ᠪᠦᠲᠦᠭᠡᠯ ‍ᠢ ᠴᠢᠨᠠᠭᠰᠢᠳᠠ ᠪᠡᠬᠢᠵᠢᠭᠦᠯᠦᠨ ᠳᠡᠭᠡᠭᠰᠢᠯᠡᠭᠦᠯᠵᠦ ᠂ ᠲᠠᠷᠠᠭᠠᠴᠢ ᠶ᠋ᠢᠨ ᠠᠯᠬᠤᠮ ᠳ᠋ᠤ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠰᠠᠶᠢᠲᠤᠷ ᠥᠷᠨᠢᠭᠦᠯᠬᠦ ᠳ᠋ᠦ ᠪᠠᠲᠤ ᠰᠠᠭᠤᠷᠢ ᠵᠢ ᠳᠠᠯᠪᠢᠭᠰᠠᠨ ᠪᠠᠶᠢᠨ᠎ᠠ ᠃
        ᠨᠣᠮ ᠤᠩᠰᠢᠬᠤ ᠬᠣᠷᠠᠯ ‍ᠤᠨ ᠬᠤᠭᠤᠴᠠᠭᠠᠨ ᠳ᠋ᠤ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠠᠵᠢᠯ ‍ᠤᠨ ᠬᠤᠷᠠᠯ ᠳᠡᠭᠡᠷᠡᠬᠢ ᠶᠠᠷᠢᠶᠠᠨ ‍ᠤ ᠵᠣᠷᠢᠭ ᠰᠠᠨᠠᠭ᠎ᠠ ᠶ᠋ᠢ ᠲᠠᠮᠵᠢᠭᠣᠯᠣᠨ ᠰᠤᠷᠤᠯᠴᠠᠵᠤ ᠂ ᠲᠦᠩᠯᠢᠶᠣᠤ ᠬᠣᠲᠠ ᠶ᠋ᠢᠨ ᠨᠠᠮ ‍ᠤᠨ ᠬᠣᠷᠢᠶᠠᠨ ‍ᠤ ᠨᠠᠮ ‍ᠤᠨ ᠰᠤᠷᠭᠠᠭᠤᠯᠢ ᠶ᠋ᠢᠨ ᠯᠢᠦ ᠹᠦ᠋ ᠶᠢᠩ ᠫᠷᠤᠹᠸᠰᠰᠤᠷ ‍ᠢ ᠤᠷᠢᠵᠤ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠨ ᠂ ᠡᠬᠡ ᠤᠯᠤᠰ ᠤᠨ ᠤᠮᠠᠷᠠᠲᠤ ᠬᠢᠯᠢ ᠶ᠋ᠢᠨ ᠠᠮᠢ ᠠᠬᠤᠢ ᠶ᠋ᠢᠨ ᠠᠮᠤᠷ ᠲᠦᠪᠰᠢᠨ ‍ᠦ ᠬᠠᠯᠬᠠᠪᠴᠢ ᠶ᠋ᠢ ᠪᠠᠲᠤ ᠴᠣᠭᠴᠠᠯᠠᠬᠤ 》 ᠲᠤᠰᠬᠠᠶ ᠰᠡᠳᠦᠪᠲᠦ ᠬᠠᠪᠰᠤᠷᠤᠨ ᠵᠢᠯᠣᠭᠣᠳᠤᠯᠭ᠎ᠠ  ᠬᠢᠵᠦ ᠂ ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠬᠤᠷᠠᠯ ‍ᠢ ᠡᠷᠬᠢᠯᠡᠬᠦ ᠶ᠋ᠢᠨ ᠬᠠᠮᠳᠣ ᠶᠠᠷᠢᠶ᠎ᠠ ᠲᠠᠯᠪᠢᠵᠠᠶ ᠃

        ᠬᠤᠷᠠᠯ ᠡᠴᠠ ᠵᠢᠭᠠᠵᠤ ᠭᠠᠷᠭᠠᠭᠰᠠᠨ ᠨᠢ ᠂ 7 ᠳ᠋ᠤᠭᠠᠷ ᠰᠠᠷ᠎ᠠ ᠶ᠋ᠢᠨ 15 ‍ᠦ ᠡᠳᠦᠷ ᠡᠴᠡ 16 ‍ᠦ ᠡᠳᠦᠷ ᠪᠣᠯᠲᠠᠯ᠎ᠠ ᠂ ᠰᠢ ᠶ᠋ᠢᠨ ᠫᠢᠩ ᠶᠡᠷᠦᠩᠬᠡᠶ ᠱᠦᠵᠢ ᠥᠪᠥᠷ ᠮᠣᠩᠭᠣᠯ ᠳ᠋ᠤ ᠠᠵᠢᠯ ᠪᠠᠶᠢᠴᠠᠭᠠᠨ ᠵᠢᠯᠣᠭᠣᠳᠬᠤ ᠶ᠋ᠢᠨ ᠬᠠᠮᠲᠤ 《 ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠵᠢᠯᠣᠭᠣᠳᠤᠨ ᠥᠷᠨᠢᠭᠦᠯᠵᠦ ᠂ 《 ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠭᠦᠨ ᠭᠦᠨᠵᠡᠭᠡᠶ ᠠᠴᠢ ᠬᠣᠯᠪᠣᠭᠳᠠᠯ ᠪᠠ ᠦᠶ᠋ᠯᠡᠳᠦᠯᠭᠡ ᠶ᠋ᠢᠨ ᠦᠨ᠎ᠡ ᠥᠷᠲᠡᠭ ‍ᠢ ᠳᠠᠬᠢᠨᠲᠠ ᠴᠢᠩᠭᠠᠳᠬᠠᠨ ᠂ ᠭᠣᠤᠯ ᠰᠡᠳᠦᠪᠲᠦ ᠬᠥᠮᠦᠵᠢᠯ ᠳ᠋ᠦ 《 ᠳᠥᠷᠪᠡ ᠶ᠋ᠢ ᠪᠣᠳᠠᠲᠠᠶᠢᠵᠢᠭᠤᠯᠬᠤ 》 ᠶ᠋ᠢ ᠠᠳᠬᠤᠬᠤ ᠶ᠋ᠢ ᠠᠩᠬᠠᠷᠬᠤ ᠵᠢ ᠴᠢᠩᠭᠠᠳᠬᠠᠵᠣ ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠬᠤ ᠂ ᠠᠰᠠᠭᠤᠳᠠᠯ ‍ᠢ ᠪᠠᠶᠢᠴᠠᠭᠠᠨ ᠦᠵᠡᠬᠦ ᠶ᠋ᠢ ᠪᠣᠳᠠᠲᠠᠶᠢᠵᠢᠭᠤᠯᠬᠤ ᠂ ᠴᠡᠭᠴᠡᠯᠡᠨ ᠰᠠᠶᠢᠵᠢᠷᠠᠭᠤᠯᠬᠤ ᠶ᠋ᠢ ᠪᠣᠳᠠᠲᠠᠶᠢᠵᠢᠭᠤᠯᠬᠤ ᠂ ᠵᠣᠬᠢᠶᠠᠨ ᠪᠠᠶᠢᠭᠤᠯᠤᠯᠲᠠ ᠶ᠋ᠢᠨ ᠤᠳᠤᠷᠢᠳᠤᠯᠭ᠎ᠠ ᠶ᠋ᠢ ᠪᠣᠳᠠᠲᠠᠶᠢᠵᠢᠭᠤᠯᠬᠤ ᠶ᠋ᠢ ᠠᠳᠬᠤᠬᠤ ᠬᠡᠷᠡᠭᠲᠡᠶ ᠃ ᠪᠦᠬᠦ ᠬᠣᠰᠢᠭᠤᠨ ‍ᠤ ᠥᠷᠭᠡᠨ ᠣᠯᠠᠨ ᠨᠠᠮ ‍ᠤᠨ ᠭᠡᠰᠢᠭᠦᠨ ᠺᠠᠳ᠋ᠷ ᠤᠭ ᠰᠠᠨᠠᠭ᠎ᠠ ᠪᠠᠨ ᠪᠠᠷᠢᠮᠲᠠᠯᠠᠵᠤ ᠂ ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠵᠣ ᠂ ᠵᠥᠷᠢᠶ᠎ᠡ ᠪᠡᠨ ᠡᠷᠢᠵᠦ ᠂ ᠨᠠᠶᠢᠳᠠᠪᠤᠷᠢᠵᠢᠭᠤᠯᠤᠯᠲᠠ ᠶ᠋ᠢ ᠠᠳᠬᠤᠬᠤ ᠡᠨᠡ ᠬᠦ ᠶᠡᠷᠦᠩᠬᠡᠶ ᠱᠠᠭᠠᠷᠳᠠᠯᠭ᠎ᠠ ᠶ᠋ᠢ ᠪᠦᠬᠦ ᠲᠠᠯ᠎ᠠ ᠪᠠᠷ ᠡᠵᠡᠮᠳᠡᠵᠦ ᠂ ᠰᠤᠷᠤᠯᠴᠠᠯᠭ᠎ᠠ ᠬᠥᠮᠦᠵᠢᠯ ᠂ ᠪᠠᠶᠢᠴᠠᠭᠠᠨ ᠰᠤᠳᠤᠯᠤᠯᠲᠠ ᠂ ᠠᠰᠠᠭᠤᠳᠠᠯ ‍ᠢ ᠪᠠᠶᠢᠴᠠᠭᠠᠨ ᠦᠵᠡᠬᠦ ᠂ ᠤᠷᠢᠳᠠᠪᠠᠷ ᠰᠤᠷᠤᠯᠴᠠᠵᠤ ᠤᠷᠢᠳᠠᠪᠠᠷ ᠥᠭᠡᠷᠡᠴᠢᠯᠡᠬᠦ ᠶ᠋ᠢ ᠪᠠᠷᠢᠮᠲᠠᠯᠠᠵᠤ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠥᠪᠥᠷ ᠮᠣᠩᠭᠣᠯ ᠳ᠋ᠤ ᠪᠠᠶᠢᠴᠠᠭᠠᠯᠳᠠ ᠬᠢᠬᠦ ᠦᠶ᠎ᠡ ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠠᠬᠢᠭᠤᠯᠬᠤ ᠬᠡᠷᠡᠭᠲᠡᠶ ᠭᠡᠰᠡᠨ ᠪᠠᠶᠢᠨ᠎ᠠ ᠃

        ᠬᠤᠷᠠᠯ ᠡᠴᠡ ᠱᠠᠭᠠᠷᠳᠠᠭᠰᠠᠨ ᠨᠢ ᠂ ᠨᠢᠭᠡ ᠳ᠋ᠦ ᠰᠤᠷᠤᠯᠴᠠᠯᠭ᠎ᠠ ᠬᠥᠮᠦᠵᠢᠯ ‍ᠢ ᠰᠠᠶᠢᠲᠤᠷ ᠠᠳᠬᠤᠵᠤ ᠂ ᠦᠵᠡᠯ ᠰᠠᠨᠠᠭᠠᠨ ‍ᠤ ᠪᠡᠯᠡᠳᠬᠡᠯ ‍ᠢ ᠰᠠᠶᠢᠲᠤᠷ ᠬᠢᠬᠦ ᠬᠡᠷᠡᠭᠲᠡᠶ ᠃ ᠰᠢ ᠶ᠋ᠢᠨ ᠫᠢᠩ ᠶᠡᠷᠦᠩᠬᠡᠶ ᠱᠦᠵᠢ ᠶ᠋ᠢᠨ ᠥᠪᠥᠷ ᠮᠣᠩᠭᠣᠯ ᠳ᠋ᠤ ᠪᠠᠶᠢᠴᠠᠭᠠᠯᠳᠠ ᠬᠢᠬᠦ ᠦᠶ᠎ᠡ ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠣᠳᠣᠬᠠᠨ ‍ᠤ ᠨᠢᠬᠡᠨ ᠴᠢᠬᠤᠯᠠ ᠤᠯᠤᠰ ᠲᠥᠷᠦ ᠶ᠋ᠢᠨ ᠡᠭᠦᠷᠭᠡ ᠪᠣᠯᠭᠠᠵᠤ ᠂ ᠭᠣᠤᠯ ᠴᠢᠬᠤᠯᠠ ᠠᠭᠤᠯᠭ᠎ᠠ ᠶ᠋ᠢ ᠣᠨᠣᠪᠴᠢᠲᠠᠶ ᠡᠵᠡᠮᠳᠡᠬᠦ ᠬᠡᠷᠡᠭᠲᠡᠢ ᠃
       ᠬᠣᠶᠠᠷ ᠲᠤ ᠂ ᠠᠰᠠᠭᠤᠳᠠᠯ ‍ᠢ ᠪᠠᠶᠢᠴᠠᠭᠠᠨ ᠦᠵᠡᠬᠦ ᠶ᠋ᠢ ᠰᠠᠶᠢᠲᠤᠷ ᠠᠳᠬᠤᠵᠤ ᠂ ᠪᠠᠶᠢᠴᠠᠭᠠᠨ ᠰᠤᠳᠤᠯᠤᠯᠲᠠ ᠶ᠋ᠢᠨ ᠪᠡᠯᠡᠳᠬᠡᠯ ‍ᠢ ᠰᠠᠶᠢᠲᠤᠷ ᠬᠢᠬᠦ ᠬᠡᠷᠡᠭᠲᠡᠢ ᠃ ᠡᠯ᠎ᠡ ᠨᠠᠮ ‍ᠤᠨ ᠬᠣᠷᠢᠶ᠎ᠠ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠲᠠᠶ ᠤᠶᠠᠯᠳᠤᠭᠤᠯᠤᠨ ᠂ ᠲᠣᠭᠲᠠᠭᠤᠨ ᠢᠶᠠᠷ ᠠᠷᠠᠳ ‍ᠤᠨ ᠪᠠᠶᠢᠳᠠᠯ ‍ᠢ ᠣᠶᠢᠯᠠᠭᠠᠵᠤ ᠂ ᠬᠦᠷᠦᠯᠴᠡᠬᠦ ᠦᠭᠡᠢ ᠲᠠᠯ᠎ᠠ ᠪᠠᠨ ᠦᠨᠡᠨ ᠬᠦ ᠪᠦᠬᠦ ᠲᠠᠯ᠎ᠠ ᠪᠡᠷ ᠡᠷᠢᠵᠦ ᠂ ᠠᠰᠠᠭᠤᠳᠠᠯ ‍ᠤᠨ ᠦᠨᠳᠦᠰᠦ ᠰᠤᠷᠪᠤᠯᠵᠢ ᠶ᠋ᠢ ᠭᠦᠨᠵᠡᠭᠡᠶ ᠵᠠᠳᠠᠯᠬᠤ ᠬᠡᠷᠡᠭᠲᠡᠶ ᠃
       ᠭᠤᠷᠪᠠ ᠳ᠋ᠤ ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶ᠋ᠢ ᠰᠠᠶᠢᠲᠤᠷ ᠠᠳᠬᠤᠵᠤ ᠂ ᠠᠵᠢᠯ ‍ᠤᠨ ᠪᠡᠯᠡᠳᠬᠡᠯ ‍ᠢ ᠰᠠᠶᠢᠲᠤᠷ ᠬᠢᠬᠦ ᠬᠡᠷᠡᠭᠲᠡᠢ ᠃ ᠡᠯ᠎ᠡ ᠨᠠᠮ ‍ᠤᠨ ᠬᠣᠷᠢᠶ᠎ᠠ ᠡᠴᠡ ᠲᠥᠪ ᠪᠠ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠲᠥᠷᠥᠯ ᠬᠤᠪᠢᠶᠠᠨ ᠪᠠᠶᠢᠴᠠᠭᠠᠨ ᠵᠢᠯᠣᠭᠣᠳᠬᠣ ᠪᠠ ᠲᠣᠭᠣᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠂ ᠣᠨᠴᠠᠭᠠᠢᠯᠠᠨ ᠶᠠᠳᠠᠭᠤ ᠡᠴᠠ ᠠᠩᠭᠢᠢᠵᠢᠷᠠᠭᠣᠯᠣᠨ ᠪᠣᠭᠣᠮᠲᠠ ᠰᠢᠪᠲᠤᠯᠬᠤ ᠂ ᠠᠮᠢ ᠠᠬᠤᠶ ᠶ᠋ᠢᠨ ᠣᠷᠴᠢᠨ ᠲᠣᠭᠣᠷᠢᠨ ‍ᠤ ᠬᠠᠮᠠᠭᠠᠯᠠᠯᠲᠠ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠵᠡᠷᠭᠡ ᠲᠠᠯ᠎ᠠ ᠶ᠋ᠢᠨ ᠠᠰᠠᠭᠤᠳᠠᠯ ‍ᠢ ᠰᠢᠰᠲ᠋ᠧᠮ ᠲᠡᠶ ᠡᠮᠬᠢᠯᠡᠵᠦ ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ ᠂ ᠠᠰᠠᠭᠤᠳᠠᠯ ‍ᠢ ᠰᠢᠶ᠋ᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠡᠷ ᠢᠲᠡᠭᠡᠯ ᠣᠯᠵᠤ ᠂ ᠣᠯᠠᠨ ᠲᠦᠮᠡᠨ ‍ᠦ ᠬᠦᠷᠲᠡᠮᠵᠢ ᠶ᠋ᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ‍ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ ᠃
       ᠳᠥᠷᠪᠡ ᠳ᠋ᠦ ᠂ ᠨᠠᠮ ‍ᠤᠨ ᠡᠭᠦᠷ ‍ᠦᠨ ᠪᠠᠶᠢᠭᠤᠯᠤᠯᠲᠠ ᠶ᠋ᠢ ᠰᠠᠶᠢᠲᠤᠷ ᠠᠳᠬᠤᠵᠤ ᠂ ᠵᠣᠬᠢᠶᠠᠨ ᠪᠠᠶᠢᠭᠤᠯᠤᠯᠲᠠ ᠶ᠋ᠢᠨ ᠪᠡᠯᠡᠳᠬᠡᠯ ‍ᠢ ᠰᠠᠶᠢᠲᠤᠷ ᠬᠢᠬᠦ ᠬᠡᠷᠡᠭᠲᠡᠢ ᠃ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠪᠠᠶᠢᠷᠢᠯᠠᠭᠤᠯᠤᠯᠲᠠ ᠶ᠋ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶ᠋ᠢ ᠭᠦᠨᠵᠡᠭᠡᠶ ᠥᠷᠨᠢᠭᠦᠯᠵᠦ ᠂ 《 ᠨᠠᠮ ‍ᠤᠨ ᠳᠦᠷᠢᠮ 》 ᠪᠠ 《 ᠨᠠᠮ ‍ᠤᠨ ᠡᠭᠦᠷ ‍ᠦᠨ ᠠᠵᠢᠯ ‍ᠤᠨ ᠳᠦᠷᠢᠮ 》 ‍ᠦᠨ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠯᠲᠠ ᠶ᠋ᠢᠨ ᠪᠠᠶᠢᠷᠢᠯᠠᠭᠤᠯᠤᠯᠲᠠ ᠶ᠋ᠢ ᠵᠢᠷᠤᠮᠵᠢᠭᠤᠯᠵᠤ ᠂ ᠨᠠᠮ ‍ᠤᠨ ᠭᠡᠰᠢᠭᠦᠨ ‍ᠦ ᠵᠣᠬᠢᠶᠠᠨ ᠪᠠᠶᠢᠭᠤᠯᠤᠯᠲᠠ ᠶ᠋ᠢᠨ ᠬᠠᠷᠢᠴᠠᠭ᠎ᠠ ᠶ᠋ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠂ ᠨᠠᠮ ‍ᠤᠨ ᠭᠡᠰᠢᠭᠦᠨ ᠪᠠ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠰᠠᠭᠤᠷᠢ ᠲᠣᠭ᠎ᠠ ᠶ᠋ᠢ ᠤᠷᠢᠳᠴᠢᠯᠠᠨ ᠲᠣᠭᠲᠠᠭᠠᠵᠤ ᠂ ᠠᠵᠢᠯ ᠡᠴᠠ ᠪᠠᠨ ᠠᠮᠠᠷᠠᠭᠰᠠᠨ ᠨᠠᠮ ‍ᠤᠨ ᠭᠡᠰᠢᠭᠦᠨ ᠪᠠ ᠨᠡᠭᠦᠳᠡᠯ ᠨᠠᠮ ‍ᠤᠨ ᠭᠡᠰᠢᠭᠦᠨ ‍ᠦ ᠠᠵᠢᠯ ‍ᠢ ᠰᠠᠶᠢᠲᠤᠷ ᠬᠢᠵᠦ ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠰᠠᠨ ᠵᠣᠬᠢᠶᠠᠨ ᠪᠠᠶᠢᠭᠤᠯᠤᠯᠲᠠ ᠶ᠋ᠢᠨ ᠰᠢᠰᠲ᠋ᠧᠮ ‍ᠢ ᠢᠳᠡᠪᠬᠢᠲᠡᠢ ᠪᠠᠶᠢᠭᠣᠯᠬᠣ ᠬᠡᠷᠡᠭᠲᠡᠢ ᠃

       ᠲᠠᠪᠤ᠋ ᠳ᠋ᠤ ᠂ ᠠᠭᠤᠷ ᠠᠮᠢᠰᠬᠤᠯ ‍ᠢ ᠪᠣᠶ ᠪᠣᠯᠭᠠᠬᠤ ᠶ᠋ᠢ ᠰᠠᠶᠢᠲᠤᠷ ᠠᠳᠬᠤᠵᠤ ᠂ ᠶᠠᠷᠢᠶ᠎ᠠ ᠬᠡᠯᠡᠯᠴᠡᠭᠡᠨ ‍ᠦ ᠪᠡᠯᠡᠳᠬᠡᠯ ‍ᠢ ᠰᠠᠶᠢᠲᠤᠷ ᠬᠢᠬᠦ ᠬᠡᠷᠡᠭᠲᠡᠢ ᠃ ᠣᠷᠣᠨ ᠬᠣᠲᠠ ᠬᠣᠰᠢᠭᠤᠨ ‍ᠤ 《 ᠬᠣᠶᠠᠷ ᠰᠢᠯᠢᠳᠡᠭ ᠨᠢᠭᠡ ᠲᠡᠷᠢᠭᠦᠨ 》 ᠪᠠ 《 ᠲᠠᠪᠤᠨ ᠠᠬᠠᠮᠠᠳ 》 ᠬᠥᠮᠦᠰ ‍ᠦᠨ ᠳᠤᠮᠳᠠ ᠡᠴᠠ ᠲᠥᠯᠥᠭᠡᠯᠡᠭᠴᠢ ᠬᠥᠮᠦᠰ ‍ᠢ ᠰᠣᠩᠭᠣᠨ 《 ᠵᠣᠷᠢᠭ ᠰᠠᠨᠠᠭᠠᠨ ‍ᠤ ᠤᠯᠠᠮᠵᠢᠯᠠᠯ  ᠲᠡᠷᠢᠭᠦᠨ ‍ᠦ ᠵᠢᠱᠢᠶᠡᠴᠢ ᠦᠢᠯᠡ ᠠᠵᠢᠯᠯᠠᠭ᠎ᠠ ᠶ᠋ᠢᠨ ᠲᠣᠭᠣᠷᠢᠨ ᠳ᠋ᠥ ᠲᠠᠶᠢᠯᠤᠮᠵᠢ ᠬᠢᠬᠦ ᠪᠦᠯᠬᠦᠮ 》 ‍ᠢ ᠪᠠᠶᠢᠭᠣᠯᠵᠣ ᠂ ᠪᠦᠬᠦ ᠬᠣᠰᠢᠭᠤᠨ ᠳ᠋ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ ᠂ ᠲᠡᠷᠢᠭᠦᠨ ‍ᠦ ᠵᠢᠱᠢᠶ᠎ᠡ ᠦᠵᠡᠭᠦᠯᠵᠦ ᠳᠠᠶᠢᠴᠢᠯᠠᠬᠣ ᠦᠶ᠋ᠯᠡᠳᠦᠯ ‍ᠢ ᠪᠠᠳᠠᠷᠭᠣᠯᠬᠣ ᠬᠡᠷᠡᠭᠲᠡᠢ ᠭᠡᠰᠡᠨ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ