ᠪᠥᠬᠥ ᠬᠣᠲᠠ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ‍ᠢ ᠰᠢᠯᠢᠳᠡᠭᠵᠢᠭᠦᠯᠬᠦ ᠵᠠᠭᠤᠨ ᠡᠳᠦᠷ ‍ᠦᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢ ᠪᠠᠶᠢᠴᠠᠭᠠᠭᠰᠠᠨ ᠬᠠᠷᠢᠭᠤ ᠮᠡᠳᠡᠭᠦᠯᠦᠯᠲᠡ ᠶ᠋ᠢᠨ ᠬᠤᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 5638     ᠨᠡᠶᠢᠳᠡᠯᠡᠭᠰᠡᠨ ᠴᠠᠭ ᠄ 2019/8/7 17:36:49

           7 ᠳ᠋ᠣᠭᠠᠷ ᠰᠠᠷ᠎ᠠ ᠶ᠋ᠢᠨ 29 ‍ᠦ ᠡᠳᠦᠷ ᠂ ᠬᠣᠲᠠ ᠶ᠋ᠢᠨ ᠵᠠᠰᠠᠭ ᠤᠨ ᠣᠷᠳᠣᠨ ‍ᠤ ᠬᠢᠨᠠᠨ ᠪᠠᠶᠢᠴᠠᠭᠠᠬᠣ ᠲᠠᠰᠤᠭ ᠂ ᠬᠣᠲᠠ ᠶ᠋ᠢᠨ ᠵᠠᠰᠠᠭ ᠤᠨ ᠶᠠᠪᠤᠳᠠᠯ ‍ᠤᠨ ᠦᠶ᠋ᠯᠡᠴᠢᠯᠡᠭᠡᠨ ‍ᠦ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠳᠣᠷᠠᠭᠰᠠᠨ ᠬᠢᠨᠠᠨ ᠪᠠᠶᠢᠴᠠᠭᠠᠬᠣ ᠳᠣᠭᠣᠶᠢᠯᠠᠩ ᠮᠠᠨ ‍ᠤ ᠬᠣᠰᠢᠭᠤᠨ ‍ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ‍ᠢ ᠰᠢᠯᠢᠳᠡᠭᠵᠢᠭᠦᠯᠬᠦ ᠵᠠᠭᠤᠨ ᠡᠳᠦᠷ ‍ᠦᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢᠨ ᠡᠯ᠎ᠡ ᠲᠥᠷᠥᠯ ᠵᠦᠶ᠋ᠯ ᠬᠠᠷᠠᠯᠲᠠ ᠡᠭᠦᠷᠭᠡ ᠵᠢ ᠥᠷᠨᠢᠭᠦᠯᠦᠭᠰᠡᠨ ᠪᠠᠶᠢᠳᠠᠯ ᠳ᠋ᠥ ᠪᠦᠬᠦ ᠲᠠᠯ᠎ᠠ ᠶ᠋ᠢᠨ ᠪᠠᠶᠢᠴᠠᠭᠠᠯᠳᠠ ᠬᠢᠭᠰᠡᠨ ᠪᠥᠭᠡᠳ ᠪᠦᠬᠦ ᠬᠣᠲᠠ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ‍ᠢ ᠰᠢᠯᠢᠳᠡᠭᠵᠢᠭᠦᠯᠬᠦ ᠵᠠᠭᠤᠨ ᠡᠳᠦᠷ ‍ᠦᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢ ᠪᠠᠶᠢᠴᠠᠭᠠᠭᠰᠠᠨ ᠬᠠᠷᠢᠭᠤ ᠮᠡᠳᠡᠭᠦᠯᠦᠯᠲᠡ ᠶ᠋ᠢᠨ ᠬᠤᠷᠠᠯ ᠶᠠᠪᠣᠭᠳᠠᠭᠣᠯᠣᠭᠰᠠᠨ ᠪᠠᠶᠢᠨ᠎ᠠ ᠃
          ᠬᠤᠷᠠᠯ ᠳᠡᠭᠡᠷ᠎ᠡ ᠂ ᠬᠣᠰᠢᠭᠤᠨ ‍ᠤ ᠠᠷᠠᠳ ‍ᠤᠨ ᠵᠠᠰᠠᠭ ᠤᠨ ᠣᠷᠳᠣᠨ ᠡᠴᠡ ᠪᠥᠬᠥ ᠬᠣᠲᠠ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ‍ᠢ ᠰᠢᠯᠢᠳᠡᠭᠵᠢᠭᠦᠯᠬᠦ ᠵᠠᠭᠤᠨ ᠡᠳᠦᠷ ‍ᠦᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢᠨ ᠠᠵᠢᠯ ‍ᠤᠨ ᠪᠠᠶᠢᠷᠢᠯᠠᠭᠤᠯᠤᠯᠲᠠ ᠶ᠋ᠢ ᠪᠥᠬᠥ ᠲᠠᠯ᠎ᠠ ᠪᠠᠷ ᠨᠠᠶᠢᠳᠠᠪᠣᠷᠢᠵᠢᠭᠣᠯᠬᠣ ᠲᠤᠬᠠᠢ ᠬᠠᠷᠢᠭᠤ ᠮᠡᠳᠡᠭᠦᠯᠦᠯᠲᠡ ᠬᠢᠵᠦ ᠂ ᠡᠯ᠎ᠡ ᠬᠣᠯᠪᠣᠭᠳᠠᠯ ᠪᠦᠬᠦᠢ ᠨᠢᠭᠡᠴᠡ ᠲᠣᠰ ᠲᠣᠰ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ‍ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠪᠠᠨ ᠨᠠᠷᠢᠨ ᠲᠠᠨᠢᠯᠴᠠᠭᠤᠯᠪᠠ ᠃ ᠬᠣᠲᠠ ᠶ᠋ᠢᠨ ᠵᠠᠰᠠᠭ ᠤᠨ ᠣᠷᠳᠣᠨ ᠤ ᠬᠢᠨᠠᠨ ᠪᠠᠶᠢᠴᠠᠭᠠᠬᠣ ᠳᠣᠭᠣᠶᠢᠯᠠᠩ ᠡᠴᠡ ᠱᠠᠭᠠᠷᠳᠠᠭᠰᠠᠨ ᠨᠢ ᠂ ᠡᠯ᠎ᠡ ᠨᠢᠭᠡᠴᠡ ᠲᠥᠪ ᠂ ᠣᠷᠣᠨ ᠂ ᠬᠣᠲᠠ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ‍ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯ ᠶ᠋ᠢᠨ ᠬᠤᠷᠠᠯ ‍ᠤᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠣᠯᠵᠣ ᠂ 《 ᠲᠦᠩᠯᠢᠶᠣᠤ ᠬᠣᠲᠠ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ‍ᠢ ᠰᠢᠯᠢᠳᠡᠭᠵᠢᠭᠦᠯᠬᠦ ᠭᠣᠤᠯᠳᠠᠯᠭ᠎ᠠ ᠲᠠᠶ ᠭᠦᠶ᠋ᠴᠡᠳᠬᠡᠯ ᠲᠣᠭ᠎ᠠ ᠶ᠋ᠢᠨ ᠵᠠᠭᠤᠨ ᠡᠳᠦᠷ ‍ᠦᠨ ᠪᠣᠭᠣᠮᠲᠠ ᠰᠢᠪᠲᠤᠯᠬᠤ ᠠᠵᠢᠯᠯᠠᠭ᠎ᠠ ᠶ᠋ᠢᠨ ᠲᠥᠰᠦᠯ 》 ᠵᠡᠷᠭᠡ ᠪᠢᠴᠢᠭ ᠮᠠᠲ᠋ᠧᠷᠢᠶᠠᠯ ‍ᠤᠨ ᠱᠠᠭᠠᠷᠳᠠᠯᠭ᠎ᠠ ᠶ᠋ᠢᠨ ᠲᠣᠭᠣᠷᠢᠨ ᠳ᠋ᠤ ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠂ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ‍ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠂ ᠲᠥᠷᠥ ᠶ᠋ᠢᠨ ᠶᠠᠪᠤᠳᠠᠯ ‍ᠤᠨ ᠬᠣᠷᠢᠶᠠᠨ ‍ᠤ ᠵᠢᠷᠭᠤᠳᠤᠭᠠᠷ ᠤᠳᠠᠭ᠎ᠠ ᠶ᠋ᠢᠨ ᠶᠡᠬᠡ ᠪᠠᠶᠢᠴᠠᠭᠠᠯᠲᠠ ᠶ᠋ᠢ ᠤᠭᠲᠤᠬᠤ ᠠᠵᠢᠯ ‍ᠢ ᠰᠠᠶᠢᠲᠤᠷ ᠬᠢᠬᠦ ᠳ᠋ᠦ ᠰᠠᠭᠤᠷᠢ ᠲᠠᠯᠪᠢᠬᠤ ᠬᠡᠷᠡᠭᠲᠡᠶ ᠃ ᠡᠭᠦᠨ ‍ᠦ ᠬᠠᠮᠲᠤ ᠠᠵᠢᠯ ‍ᠤᠨ ᠠᠷᠭ᠎ᠠ ᠪᠠ ᠦᠶ᠋ᠯᠡᠴᠢᠯᠡᠭᠡᠨ ‍ᠦ ᠠᠷᠭ᠎ᠠ ᠬᠡᠮᠵᠢᠶ᠎ᠡ ᠳ᠋ᠦ ᠰᠢᠨ᠎ᠡ ᠶ᠋ᠢ ᠡᠭᠦᠳᠴᠦ ᠂ ᠮᠠᠨ ‍ᠤ ᠬᠣᠲᠠ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ‍ᠢ ᠲᠠᠰᠤᠷᠠᠯᠲᠠ ᠥᠬᠡᠶ ᠳᠡᠭᠡᠭᠰᠢᠯᠡᠬᠦ ᠶ᠋ᠢ ᠪᠥᠬᠥ ᠬᠦᠴᠦᠨ ‍ᠢᠶ᠋ᠡᠷ ᠠᠬᠢᠭᠤᠯᠬᠤ ᠬᠡᠷᠡᠭᠲᠡᠶ ᠬᠡᠵᠡᠢ ᠃ ᠬᠣᠰᠢᠭᠣᠨ ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠣᠨ ᠤ ᠠᠷᠠᠳ ‍ᠤᠨ ᠵᠠᠰᠠᠭ ᠤᠨ ᠣᠷᠳᠣᠨ ‍ᠤ ᠬᠣᠰᠢᠭᠣᠨ ᠳᠠᠷᠤᠭ᠎ᠠ ᠪᠦᠷᠢᠨ ᠴᠢᠩᠭᠠᠳᠬᠠᠭᠰᠠᠨ ᠨᠢ ᠂ ᠡᠯ᠎ᠡ ᠰᠠᠯᠠᠭ᠎ᠠ ᠮᠥᠴᠢᠷ ᠬᠣᠭᠣᠷᠣᠨᠳᠣ ᠪᠠᠨ ᠢᠳᠡᠪᠬᠢᠲᠡᠢ ᠬᠠᠮᠵᠢᠯᠴᠠᠵᠤ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ‍ᠢ ᠰᠢᠯᠢᠳᠡᠭᠵᠢᠭᠦᠯᠬᠦ ᠠᠵᠢᠯ ‍ᠢ ᠴᠢᠬᠤᠯᠠᠴᠢᠯᠠᠬᠤ ᠬᠡᠷᠡᠭᠲᠡᠶ ᠃ ᠣᠷᠣᠰᠢᠵᠤ ᠪᠠᠶᠢᠭ᠎ᠠ ᠠᠰᠠᠭᠤᠳᠠᠯ ᠳ᠋ᠤ ᠴᠢᠭᠯᠡᠭᠦᠯᠦᠨ ᠴᠠᠭ ᠲᠤᠬᠠᠶ ᠳ᠋ᠤᠨᠢ ᠴᠡᠭᠴᠡᠯᠡᠨ ᠰᠠᠶᠢᠵᠢᠷᠠᠭᠤᠯᠵᠤ ᠂ ᠠᠵᠤ ᠠᠬᠤᠶᠢᠯᠠᠯ ᠂ ᠣᠯᠠᠨ ᠲᠦᠮᠡᠨ ᠳ᠋ᠦ ᠨᠠᠩ ᠪᠦᠬᠦ ᠲᠠᠯ᠎ᠠ ᠶ᠋ᠢᠨ ᠂ ᠨᠠᠩ ᠰᠠᠶᠢᠨ ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠶ ᠭᠡᠵᠡᠢ ᠃
      ᠬᠣᠷᠠᠯ ᠤᠨ ᠲᠠᠷᠠᠭ᠎ᠠ ᠂ ᠬᠢᠨᠠᠨ ᠪᠠᠶᠢᠴᠠᠭᠠᠬᠣ ᠲᠣᠭᠣᠶᠢᠯᠠᠩ ᠬᠣᠰᠢᠭᠤᠨ ‍ᠤ ᠥᠯᠥ ᠬᠥᠳᠡᠯᠬᠦ ᠬᠥᠷᠥᠩᠭᠡ ᠶ᠋ᠢ ᠳᠠᠩᠰᠠᠯᠠᠨ ᠲᠡᠮᠳᠡᠭᠯᠡᠬᠦ ᠲᠥᠪ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠵᠠᠰᠠᠭ ᠵᠠᠬᠢᠷᠭᠠᠨ ‍ᠤ ᠦᠶ᠋ᠯᠡᠴᠢᠯᠡᠭᠡᠨ ‍ᠦ ᠲᠥᠪ ᠂ ᠵᠠᠰᠠᠭ ᠤᠨ ᠶᠠᠪᠤᠳᠠᠯ ‍ᠤᠨ ᠦᠶ᠋ᠯᠡᠴᠢᠯᠡᠭᠡᠨ ‍ᠦ ᠲᠥᠪ ᠲᠦ ᠬᠦᠷᠴᠦ ᠪᠠᠶᠢᠴᠠᠭᠠᠨ ᠰᠤᠳᠤᠯᠤᠯᠲᠠ ᠬᠢᠵᠦ ᠂ ᠡᠭᠦᠨ ᠳ᠋ᠦ ᠂ ᠥᠯᠥ ᠬᠥᠳᠡᠯᠬᠦ ᠬᠥᠷᠥᠩᠭᠡ ᠶ᠋ᠢ ᠳᠠᠩᠰᠠᠯᠠᠬᠤ ᠲᠥᠪ ᠪᠣᠳᠠᠲᠤ ᠪᠠᠶᠢᠳᠠᠯ ᠲᠠᠢ ᠪᠡᠨ ᠤᠶᠠᠯᠳᠤᠭᠤᠯᠤᠨ ᠂ 8ᠵᠦᠢᠯ ‍ᠦᠨ ᠠᠷᠭ᠎ᠠ ᠬᠡᠮᠵᠢᠶ᠎ᠡ ᠪᠡᠷ ᠳᠠᠮᠵᠢᠭᠤᠯᠤᠨ ᠂ ᠠᠵᠢᠯ ᠶ᠋ᠢᠨ ᠶᠠᠪᠤᠴᠠ ᠪᠠᠨ ᠳᠥᠭᠥᠮᠴᠢᠯᠡᠵᠦ ᠂ ᠠᠵᠢᠯᠲᠠᠨ ‍ᠤ ᠶᠠᠪᠤᠳᠠᠯ ‍ᠢ ᠨᠠᠷᠢᠯᠢᠭ ᠪᠣᠯᠭᠠᠵᠤ ᠂ ᠦᠶ᠋ᠯᠡᠴᠢᠯᠡᠭᠡ ᠶ᠋ᠢ ᠰᠢᠯᠢᠳᠡᠭᠵᠢᠭᠦᠯᠦᠨ ᠂ ᠥᠯᠥ ᠬᠥᠳᠡᠯᠬᠦ ᠬᠥᠷᠥᠩᠭᠡ ᠶ᠋ᠢ ᠳᠠᠩᠰᠠᠯᠠᠬᠤ ᠶᠠᠰᠤ ᠴᠢᠨᠠᠷ ᠪᠠ ᠦᠷ᠎ᠡ ᠪᠦᠲᠦᠮᠵᠢ ᠶ᠋ᠢ ᠪᠥᠬᠥ ᠲᠠᠯ᠎ᠠ ᠪᠠᠷ ᠳᠡᠭᠡᠭᠰᠢᠯᠡᠭᠦᠯᠵᠦ ᠂ ᠠᠵᠤ ᠠᠬᠤᠶᠢᠯᠠᠯ ᠪᠠ ᠣᠯᠠᠨ ᠲᠦᠮᠡᠨ ᠳ᠋ᠦ ᠪᠥᠬᠥ ᠲᠠᠯ᠎ᠠ ᠶ᠋ᠢᠨ ᠦᠶ᠋ᠯᠡᠴᠢᠯᠡᠭᠡ ᠬᠠᠩᠭᠠᠬᠤ ᠠᠷᠭ᠎ᠠ ᠪᠠᠷᠢᠯ ᠨᠢ ᠬᠢᠨᠠᠨ ᠪᠠᠶᠢᠴᠠᠭᠠᠬᠣ ᠲᠣᠭᠣᠶᠢᠯᠠᠩ ᠤᠨ ᠦᠨᠡᠯᠡᠯᠳᠡ ᠵᠢ ᠣᠯᠣᠭᠰᠠᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ