ᠲᠦᠩᠯᠢᠶᠣᠤ ᠬᠣᠲᠠ ᠶ᠋ᠢᠨ ᠮᠠᠯᠵᠢᠬᠤ ᠲᠠᠷᠢᠶᠠᠯᠠᠬᠤ ᠣᠷᠣᠨ ‍ᠤ ᠠᠶᠤᠯᠲᠠᠶ ᠭᠡᠷ ᠪᠠᠶᠢᠰᠢᠩ ‍ᠢ ᠥᠭᠡᠷᠡᠴᠢᠯᠡᠨ ᠰᠢᠨᠡᠳᠬᠡᠵᠦ ᠣᠨᠳᠣᠤ ᠭᠠᠵᠠᠷ ᠨᠡᠭᠦᠯᠭᠡᠨ ᠶᠠᠳᠠᠭᠤ ᠶ᠋ᠢ ᠲᠡᠳᠬᠦᠬᠦ ᠵᠢᠴᠢ ᠶᠠᠳᠠᠭᠤ ᠶ᠋ᠢ ᠲᠡᠳᠬᠦᠬᠦ ᠪᠠᠯᠠ ᠮᠥᠩᠭᠥ ᠶ᠋ᠢ ᠬᠠᠮᠢᠶᠠᠷᠴᠤ ᠬᠡᠷᠡᠭᠯᠡᠬᠦ ᠪᠠ ᠲᠦᠭᠰᠢᠭᠦᠷᠢ ᠶ᠋ᠢ ᠰᠡᠷᠭᠡᠶᠢᠯᠡᠬᠦ ᠠᠵᠢᠯ ᠪᠠᠶᠢᠷᠢ ᠶ᠋ᠢᠨ ᠬᠤᠷᠠᠯ ᠮᠠᠨ ‍ᠤ ᠬᠣᠰᠢᠭᠤᠨ ᠳ᠋ᠤ ᠬᠣᠷᠠᠯᠳᠣᠭᠰᠠᠨ

ᠣᠩᠰᠢᠭᠰᠠᠨ ᠤᠳᠠᠭ᠎ᠠ ᠄ 6349     ᠨᠡᠶᠢᠳᠡᠯᠡᠭᠰᠡᠨ ᠴᠠᠭ ᠄ 2019/8/9 14:29:35

  
       8 ᠳ᠋ᠣᠭᠠᠷ ᠰᠠᠷ᠎ᠠ ᠶ᠋ᠢᠨ 2 ‍ᠤᠨ ᠡᠳᠦᠷ ᠂ 2019 ᠣᠨ ᠤ ᠪᠥᠬᠥ ᠬᠣᠲᠠ ᠶ᠋ᠢᠨ ᠮᠠᠯᠵᠢᠬᠤ ᠲᠠᠷᠢᠶᠠᠯᠠᠬᠤ ᠣᠷᠣᠨ ‍ᠤ ᠠᠶᠤᠯᠲᠠᠶ ᠭᠡᠷ ᠪᠠᠶᠢᠰᠢᠩ ‍ᠢ ᠥᠭᠡᠷᠡᠴᠢᠯᠡᠨ ᠰᠢᠨᠡᠳᠬᠡᠵᠦ ᠣᠨᠳᠣᠤ ᠭᠠᠵᠠᠷ ᠨᠡᠭᠦᠯᠭᠡᠨ ᠶᠠᠳᠠᠭᠤ ᠶ᠋ᠢ ᠲᠡᠳᠬᠦᠬᠦ ᠵᠢᠴᠢ ᠶᠠᠳᠠᠭᠤ ᠶ᠋ᠢ ᠲᠡᠳᠬᠦᠬᠦ ᠪᠠᠯᠠ ᠮᠥᠩᠭᠥ ᠶ᠋ᠢ ᠬᠠᠮᠢᠶᠠᠷᠴᠤ ᠬᠡᠷᠡᠭᠯᠡᠬᠦ ᠪᠠ ᠲᠦᠭᠰᠢᠭᠦᠷᠢ ᠶ᠋ᠢ ᠰᠡᠷᠭᠡᠶᠢᠯᠡᠬᠦ ᠠᠵᠢᠯ ᠪᠠᠶᠢᠷᠢ ᠶ᠋ᠢᠨ ᠬᠤᠷᠠᠯ ᠮᠠᠨ ‍ᠤ ᠬᠣᠰᠢᠭᠤᠨ ᠳ᠋ᠤ ᠬᠣᠷᠠᠯᠳᠣᠵᠣ ᠂ ᠬᠤᠷᠠᠯ ‍ᠤᠨ ᠭᠣᠤᠯ ᠵᠣᠷᠢᠯᠭ᠎ᠠ ᠪᠣᠯ ᠲᠥᠪ ᠪᠠ ᠣᠷᠣᠨ ‍ᠤ ᠶᠠᠳᠠᠭᠤ ᠶ᠋ᠢ ᠲᠡᠳᠬᠦᠬᠦ ᠠᠵᠢᠯ ‍ᠤᠨ ᠬᠤᠷᠠᠯ ‍ᠤᠨ ᠵᠣᠷᠢᠭ ᠰᠠᠨᠠᠭ᠎ᠠ ᠶ᠋ᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠣᠯᠵᠣ ᠂ 《 ᠬᠣᠶᠠᠷ ᠲᠤ ᠵᠣᠪᠠᠬᠤ ᠥᠬᠡᠶ ᠭᠤᠷᠪᠠ ᠶ᠋ᠢ ᠪᠠᠲᠤᠯᠠᠬᠤ 》 ᠳᠣᠪᠣᠶᠢᠮ᠎ᠠ ᠠᠰᠠᠭᠤᠳᠠᠯ ᠵᠢᠴᠢ ᠲᠥᠪ ‍ᠦᠨ ᠲᠤᠰᠬᠠᠶ ᠲᠣᠭᠣᠷᠢᠨ ᠪᠠᠶᠢᠴᠠᠭᠠᠯᠳᠠ ᠂ ᠤᠯᠤᠰ ‍ᠤᠨ ᠦᠷ᠎ᠡ ᠪᠦᠲᠦᠮᠵᠢ ᠶ᠋ᠢ ᠬᠢᠨᠠᠨ ᠰᠢᠯᠭᠠᠵᠤ ᠢᠯᠡᠷᠡᠭᠦᠯᠦᠭᠰᠡᠨ ᠠᠰᠠᠭᠤᠳᠠᠯ ‍ᠢ ᠰᠢᠢᠳᠪᠦᠷᠢᠯᠡᠬᠦ ᠳ᠋ᠦ ᠠᠩᠬᠠᠷᠤᠯ ᠢᠶᠡᠨ ᠲᠥᠪᠯᠡᠷᠡᠭᠦᠯᠵᠦ ᠂ ᠠᠵᠢᠯ ‍ᠤᠨ ᠳᠣᠳᠠᠭᠳᠠᠯ ‍ᠢ ᠨᠥᠬᠥᠪᠥᠷᠢᠯᠡᠵᠦ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠡᠯ᠎ᠡ ᠵᠦᠶ᠋ᠯ ‍ᠦᠨ ᠡᠭᠦᠷᠭᠡ ᠶ᠋ᠢ ᠴᠢᠨᠠᠷ ᠰᠠᠶᠢᠲᠠᠶ ᠪᠡᠶᠡᠯᠡᠭᠦᠯᠬᠦ ᠶ᠋ᠢ ᠪᠠᠲᠤᠯᠠᠬᠤ ᠶᠠᠪᠤᠳᠠᠯ ᠪᠣᠯᠤᠨ᠎ᠠ ᠃ ᠬᠣᠲᠠ ᠶ᠋ᠢᠨ ᠨᠠᠮ ᠤᠨ ᠬᠣᠷᠢᠶᠠᠨ ᠤ ᠪᠠᠶᠢᠩᠭᠣ ᠶ᠋ᠢᠨ ᠬᠡᠰᠢᠬᠦᠨ ᠂ ᠬᠣᠲᠠ ᠶ᠋ᠢᠨ ᠳᠡᠳ᠋ ᠳᠠᠷᠤᠭ᠎ᠠ ᠵᠠᠩ ᠷᠦᠢ ᠬᠤᠷᠠᠯ ᠳ᠋ᠤ ᠣᠷᠣᠯᠴᠠᠬᠣ ᠶ᠋ᠢᠨ ᠬᠠᠮᠳᠣ ᠶᠠᠷᠢᠶ᠎ᠠ ᠳᠠᠯᠪᠢᠭᠰᠠᠨ ᠪᠠᠶᠢᠨ᠎ᠠ ᠃
       ᠬᠤᠷᠠᠯ ᠳ᠋ᠤ ᠣᠷᠣᠯᠴᠠᠭᠰᠠᠳ ᠪᠠᠶᠢᠰᠢᠩᠳᠣ ᠪᠠᠯᠭᠠᠰᠣ ᠶ᠋ᠢᠨ ᠶᠠᠮᠣᠨ ᠶᠢᠩᠽᠢ ᠲᠣᠰᠬᠣᠨ ‍ᠤ ᠠᠶᠤᠯᠲᠠᠶ ᠭᠡᠷ ᠪᠠᠶᠢᠰᠢᠩ ‍ᠢ ᠥᠭᠡᠷᠡᠴᠢᠯᠡᠨ ᠵᠠᠰᠠᠬᠤ ᠲᠥᠷᠥᠯ ᠵᠦᠶ᠋ᠯ ᠪᠣᠯᠤᠨ ᠣᠨᠳᠣᠤ ᠭᠠᠵᠠᠷ ᠲᠤ ᠨᠡᠭᠦᠯᠭᠡᠬᠦ ᠲᠥᠷᠥᠯ ᠵᠦᠶ᠋ᠯ ‍ᠢ ᠲᠣᠭᠣᠷᠢᠨ ᠦᠵᠡᠪᠡ ᠃

        ᠲᠤᠬᠠᠶ ᠶ᠋ᠢᠨ ᠲᠠᠯᠠᠪᠠᠢ ᠳ᠋ᠤ ᠲᠣᠭᠣᠷᠢᠨ ᠦᠵᠡᠭᠰᠡᠨ ‍ᠦ ᠳᠠᠷᠠᠭ᠎ᠠ ᠂ ᠲᠥᠪᠯᠡᠷᠡᠭᠦᠯᠦᠨ ᠬᠤᠷᠠᠯ ᠬᠢᠵᠦ ᠂ ᠬᠣᠲᠠ ᠶ᠋ᠢᠨ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠦᠲᠦᠭᠡᠨ ᠪᠠᠢᠭᠤᠯᠤᠯᠲᠠ ᠶ᠋ᠢᠨ ᠲᠣᠪᠴᠢᠶ᠎ᠠ ᠂ ᠬᠣᠲᠠ ᠶ᠋ᠢᠨ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠵᠥᠪᠯᠡᠯ ᠂ ᠬᠣᠲᠠ ᠶ᠋ᠢᠨ ᠡᠳ᠋ ‍ᠦᠨ ᠵᠠᠰᠠᠭ ‍ᠦᠨ ᠲᠣᠪᠴᠢᠶ᠎ᠠ ᠳᠣᠰᠪᠣᠷᠢ ᠪᠦᠬᠦ ᠬᠣᠲᠠ ᠶ᠋ᠢᠨ ᠲᠠᠷᠢᠶᠠᠯᠠᠬᠤ ᠮᠠᠯᠵᠢᠬᠤ ᠣᠷᠣᠨ ‍ᠤ ᠠᠶᠤᠯᠲᠠᠢ ᠭᠡᠷ ᠪᠠᠶᠢᠰᠢᠩ ‍ᠢ ᠥᠭᠡᠷᠡᠴᠢᠯᠡᠨ ᠰᠠᠶᠢᠵᠢᠷᠠᠭᠣᠯᠬᠣ ᠠᠵᠢᠯ ᠤᠨ ᠠᠬᠢᠴᠠ ᠶ᠋ᠢᠨ ᠪᠠᠶᠢᠳᠠᠯ ᠂ ᠣᠨᠳᠣᠣ ᠭᠠᠵᠠᠷ ᠨᠡᠭᠦᠯᠭᠡᠨ ᠶᠠᠳᠠᠭᠤ ᠶ᠋ᠢ ᠲᠡᠳᠬᠦᠬᠦ ᠠᠵᠢᠯ ‍ᠤᠨ ᠪᠠᠶᠢᠳᠠᠯ ᠂ ᠶᠠᠳᠠᠭᠤ ᠶ᠋ᠢ ᠲᠡᠳᠬᠦᠬᠦ ᠪᠡᠯᠡ ᠮᠥᠩᠭᠥ ᠶ᠋ᠢ ᠬᠠᠮᠢᠶᠠᠷᠴᠤ ᠬᠡᠷᠡᠭᠯᠡᠭᠰᠡᠨ ᠪᠠᠶᠢᠳᠠᠯ ᠢᠶᠡᠨ ᠨᠡᠶᠢᠳᠡᠯᠡᠬᠦ ᠶ᠋ᠢᠨ ᠬᠠᠮᠲᠤ ᠳᠠᠷᠠᠭ᠎ᠠ ᠠᠯᠬᠤᠮ ‍ᠤᠨ ᠠᠵᠢᠯ ᠳ᠋ᠥ ᠪᠡᠨ ᠳᠣᠬᠢᠷᠠᠭᠣᠯᠣᠯᠳᠠ ᠬᠢᠵᠦ ᠂ ᠮᠠᠨ ᠤ ᠬᠣᠰᠢᠭᠣ ᠡᠴᠠ ᠣᠪᠣᠷ ᠢᠶᠡᠨ ᠢᠯᠡᠳᠬᠡᠬᠦ ᠶᠠᠷᠢᠶ᠎ᠠ ᠲᠠᠯᠪᠢᠪᠠ ᠃

      

        ᠵᠠᠩ ᠷᠦᠢ ᠬᠤᠷᠠᠯ ᠳᠡᠭᠡᠷ᠎ᠡ ᠴᠢᠩᠭᠠᠳᠬᠠᠭᠰᠠᠨ ᠨᠢ ᠂ ᠮᠠᠯᠵᠢᠬᠤ ᠲᠠᠷᠢᠶᠠᠯᠠᠬᠤ ᠣᠷᠣᠨ ‍ᠤ ᠠᠶᠤᠯᠲᠠᠶ ᠭᠡᠷ ᠪᠠᠶᠢᠰᠢᠩ ‍ᠢ ᠥᠭᠡᠷᠡᠴᠢᠯᠡᠨ ᠰᠢᠨᠡᠳᠬᠡᠵᠦ ᠣᠨᠳᠣᠤ ᠭᠠᠵᠠᠷ ᠨᠡᠭᠦᠯᠭᠡᠨ ᠶᠠᠳᠠᠭᠤ ᠶ᠋ᠢ ᠲᠡᠳᠬᠦᠬᠦ ᠵᠢᠴᠢ ᠶᠠᠳᠠᠭᠤ ᠶ᠋ᠢ ᠲᠡᠳᠬᠦᠬᠦ ᠪᠡᠯᠡ ᠮᠥᠩᠭᠥ ᠶ᠋ᠢ ᠬᠠᠮᠢᠶᠠᠷᠴᠤ ᠬᠡᠷᠡᠭᠯᠡᠬᠦ ᠪᠠ ᠠᠶᠤᠯ ᠲᠦᠭᠰᠢᠭᠦᠷᠢ ᠶ᠋ᠢ ᠰᠡᠷᠭᠡᠶᠢᠯᠡᠬᠦ ᠭᠤᠷᠪᠠᠨ ᠵᠦᠶ᠋ᠯ ‍ᠦᠨ ᠠᠵᠢᠯ ᠪᠣᠯ ᠲᠥᠪ ‍ᠦᠨ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠲᠤᠰᠬᠠᠶ ᠲᠣᠭᠣᠷᠢᠨ ᠪᠠᠶᠢᠴᠠᠭᠠᠯᠳᠠ ᠪᠣᠯᠤᠨ ᠤᠯᠤᠰ ‍ᠦᠨ ᠶᠠᠳᠠᠭᠤ ᠶ᠋ᠢ ᠳᠡᠳᠬᠦᠨ ᠨᠡᠭᠡᠭᠡᠨ ᠬᠥᠭᠵᠢᠭᠦᠯᠬᠦ ᠠᠵᠢᠯ ‍ᠦᠨ ᠦᠷ᠎ᠡ ᠪᠦᠲᠦᠮᠵᠢ ᠶ᠋ᠢ ᠬᠢᠨᠠᠨ ᠰᠢᠯᠭᠠᠬᠤ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠴᠢᠬᠤᠯᠠ ᠠᠵᠢᠯ ᠪᠠᠶᠢᠵᠣ ᠂ ᠤᠯᠤᠰ ‍ᠦᠨ ᠶᠠᠳᠠᠭᠤ ᠬᠦᠴᠢᠷᠳᠡᠯᠲᠡᠶ ᠬᠣᠰᠢᠭᠤ ᠰᠢᠶᠠᠨ ᠤ ᠶᠠᠳᠠᠭᠤ ᠡᠴᠠ ᠠᠩᠭᠢᠵᠢᠷᠠᠵᠤ ᠳᠡᠶᠢᠯᠬᠦ ᠡᠰᠡᠬᠦ ᠲᠡᠶ ᠰᠢᠭᠤᠳ ᠬᠣᠯᠪᠣᠭᠳᠠᠵᠤ ᠂ ᠪᠦᠬᠦ ᠬᠣᠲᠠ ᠶ᠋ᠢᠨ ᠪᠦᠬᠦ ᠲᠠᠯ᠎ᠠ ᠪᠠᠷ ᠶᠠᠳᠠᠭᠤ ᠡᠴᠠ ᠠᠩᠬᠢᠵᠢᠷᠠᠬᠣ ᠬᠠᠷᠠᠯᠲᠠ ᠶ᠋ᠢᠨ ᠲᠣᠭᠲᠠᠭᠰᠠᠨ ᠬᠤᠭᠤᠴᠠᠭᠠᠨ ᠳ᠋ᠤ ᠪᠡᠶᠡᠯᠡᠭᠳᠡᠬᠦ ᠲᠡᠶ ᠬᠣᠯᠪᠣᠭᠳᠠᠵᠤ ᠂ ᠪᠠᠶᠢᠳᠠᠯ ‍ᠢ ᠲᠣᠳᠣᠷᠬᠠᠶ ᠲᠠᠨᠢᠵᠤ ᠂ ᠲᠠᠨᠢᠯᠲᠠ ᠪᠠᠨ ᠳᠡᠭᠡᠭᠰᠢᠯᠡᠬᠦᠯᠦᠨ ᠂ ᠬᠠᠷᠢᠭᠤᠴᠠᠯᠭᠠᠲᠤ ᠰᠡᠳᠬᠢᠯᠭᠡ ᠪᠣᠯᠤᠨ ᠰᠠᠨᠠᠯ ᠢᠶᠡᠨ ᠴᠢᠨᠠᠭᠰᠢᠳᠠ ᠳᠡᠭᠡᠭᠰᠢᠯᠡᠭᠦᠯᠵᠦ ᠂ ᠴᠠᠭ ᠬᠤᠭᠤᠴᠠᠭ᠎ᠠ ᠶ᠋ᠢ ᠰᠠᠶᠢᠲᠤᠷ ᠡᠵᠡᠮᠳᠡᠨ ᠂ ᠭᠤᠷᠪᠠᠨ ᠵᠦᠶ᠋ᠯ ‍ᠦᠨ ᠠᠵᠢᠯ ‍ᠢ ᠲᠣᠭ᠎ᠠ ᠶᠣᠰᠣᠭᠠᠷ ᠪᠡᠶᠡᠯᠡᠭᠦᠯᠵᠦ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠡᠨᠡ ᠬᠦ ᠬᠠᠲᠠᠭᠤ ᠳᠠᠶᠢᠯᠠᠯᠳᠤᠭᠠᠨ ‍ᠤ ᠢᠯᠠᠯᠲᠠ ᠶ᠋ᠢ ᠵᠠᠪᠠᠯ ᠣᠯᠬᠤ ᠬᠡᠷᠡᠭᠲᠡᠶ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠬᠠᠷᠢᠭᠤᠴᠠᠯᠭ᠎ᠠ ᠶ᠋ᠢ ᠪᠣᠳᠠᠳᠠᠶᠢᠵᠢᠭᠣᠯᠣᠨ ᠂ ᠪᠠᠶᠢᠴᠠᠭᠠᠯᠳᠠ ᠪᠠᠨ ᠴᠢᠩᠭᠠᠳᠬᠠᠵᠤ ᠂ ᠴᠡᠭᠴᠡᠯᠡᠨ ᠰᠠᠶᠢᠵᠢᠷᠠᠭᠤᠯᠬᠤ ᠶ᠋ᠢ ᠴᠢᠩᠭ᠎ᠠ ᠠᠳᠬᠤᠵᠤ ᠂ ᠣᠯᠠᠨ ᠢᠶᠠᠷ ᠢᠶᠡᠨ ᠰᠡᠳᠬᠢᠯ ᠨᠢᠭᠡᠳᠦᠨ ᠬᠦᠴᠦᠨ ᠢᠶ᠋ᠡᠨ ᠬᠠᠮᠲᠤᠳᠬᠠᠵᠤ ᠂ ᠡᠯ᠎ᠡ ᠵᠦᠶ᠋ᠯ ‍ᠦᠨ ᠬᠠᠷᠠᠯᠲᠠ ᠡᠭᠦᠷᠭᠡ ᠪᠡᠨ ᠲᠡᠭᠦᠰ ᠠᠮᠵᠢᠯᠲᠠ ᠲᠠᠶ ᠪᠡᠶᠡᠯᠡᠭᠦᠯᠵᠦ ᠂ ᠠᠵᠢᠯ ‍ᠦᠨ ᠦᠷ᠎ᠡ ᠪᠦᠲᠦᠮᠵᠢ ᠶ᠋ᠢᠨ ᠠᠷᠠᠳ ᠲᠦᠮᠡᠨ ‍ᠦ ᠰᠢᠯᠭᠠᠯᠲᠠ ᠶ᠋ᠢ ᠳᠠᠭᠠᠭᠠᠵᠤ ᠳᠡᠶᠢᠯᠬᠦ ᠶ᠋ᠢ ᠪᠠᠲᠤᠯᠠᠬᠤ ᠬᠡᠷᠡᠭᠲᠡᠶ ᠃ ᠠᠵᠤ ᠦᠶ᠋ᠯᠡᠰ ᠢᠶ᠋ᠡᠷ ᠲᠡᠳᠬᠦᠨ ᠳᠡᠮᠵᠢᠬᠦ ᠶ᠋ᠢ ᠴᠢᠩᠭᠠᠳᠬᠠᠵᠤ ᠂ ᠣᠨᠳᠣᠤ ᠭᠠᠵᠠᠷ ᠨᠡᠭᠦᠯᠭᠡᠨ ᠶᠠᠳᠠᠭᠤ ᠶ᠋ᠢ ᠳᠡᠳᠬᠦᠬᠦ ᠲᠥᠪᠬᠢᠨᠡᠭᠦᠯᠬᠦ ᠴᠡᠭ ‍ᠦᠨ ᠡᠬᠢ ᠪᠠᠶᠠᠯᠢᠭ ‍ᠤᠨ ᠳᠠᠪᠠᠭᠤᠯᠢᠭ ᠪᠠ ᠶᠠᠳᠠᠭᠤ ᠬᠦᠴᠢᠷᠳᠡᠯᠲᠡᠶ ᠡᠷᠦᠬᠡ ᠶ᠋ᠢᠨ ᠪᠣᠳᠠᠳᠤ ᠪᠠᠶᠢᠳᠠᠯ ᠳ᠋ᠤ ᠰᠠᠭᠤᠷᠢᠯᠠᠨ ᠂ ᠣᠯᠠᠨ ᠵᠦᠶ᠋ᠯ ‍ᠦᠨ ᠠᠷᠭ᠎ᠠ ᠬᠡᠮᠵᠢᠶ᠎ᠡ ᠶ᠋ᠢ ᠵᠡᠷᠭᠡ ᠪᠡᠷ ᠬᠡᠷᠡᠭᠯᠡᠨ ᠨᠡᠭᠦᠯᠭᠡᠭᠰᠡᠨ ᠶᠠᠳᠠᠭᠤ ᠬᠦᠴᠢᠷᠳᠡᠯᠲᠡᠶ ᠣᠯᠠᠨ ᠲᠦᠮᠡᠨ ‍ᠦ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ ᠂ ᠭᠣᠤᠯᠯᠠᠬᠤ ᠠᠵᠤ ᠦᠶ᠋ᠯᠡᠰ ‍ᠢᠶ᠋ᠡᠷ ᠶᠠᠳᠠᠭᠤ ᠶ᠋ᠢ ᠲᠡᠳᠬᠦᠬᠦ ᠬᠠᠮᠤᠷᠬᠤ ᠬᠡᠪᠴᠢᠶ᠎ᠡ ᠶ᠋ᠢ ᠤᠯᠠᠮ ᠨᠢᠭᠡ ᠠᠯᠬᠤᠮ ᠳᠡᠯᠭᠡᠷᠡᠭᠦᠯᠵᠦ ᠂ ᠨᠡᠭᠦᠯᠭᠡᠭᠰᠡᠨ ᠡᠷᠦᠬᠡ ᠶ᠋ᠢᠨ 《 ᠲᠣᠭᠲᠠᠭᠤᠨ ᠪᠠᠶᠢᠬᠣ 》 ᠶ᠋ᠢ ᠦᠨᠡᠨ ᠬᠦ ᠪᠠᠲᠤᠯᠠᠬᠤ ᠬᠡᠷᠡᠭᠲᠡᠶ ᠬᠡᠵᠡᠢ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ