ᠲᠦᠩᠯᠢᠶᠣᠤ ᠬᠣᠲᠠ ᠶ᠋ᠢᠨ ᠠᠵᠢᠯ ᠣᠯᠭᠣᠵᠣ ᠦᠢᠯᠡᠰ ᠪᠣᠰᠬᠠᠬᠣ ᠵᠢᠴᠢ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠠᠵᠢᠯ ‍ᠤᠨ ᠬᠤᠷᠠᠯ ᠮᠠᠨ ‍ᠤ ᠬᠣᠰᠢᠭᠤᠨ ᠳ᠋ᠤ ᠶᠠᠪᠣᠡᠡᠳᠠᠠᠠᠰᠠᠨ

ᠣᠩᠰᠢᠭᠰᠠᠨ ᠤᠳᠠᠭ᠎ᠠ ᠄ 737     ᠨᠡᠶᠢᠳᠡᠯᠡᠭᠰᠡᠨ ᠴᠠᠭ ᠄ 2019/8/9 14:35:12


      8 ᠳ᠋ᠣᠭᠠᠷ ᠰᠠᠷ᠎ᠠ ᠶ᠋ᠢᠨ 1 ‍ᠦ ᠡᠳᠦᠷ ᠂ ᠪᠥᠬᠥ ᠬᠣᠲᠠ ᠶ᠋ᠢᠨ ᠠᠵᠢᠯ ᠣᠯᠭᠣᠵᠦ ᠦᠶ᠋ᠯᠡᠰ ᠪᠣᠰᠠᠬᠠᠬᠣ ᠵᠢᠴᠢ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠠᠵᠢᠯ ‍ᠤᠨ ᠬᠤᠷᠠᠯ ᠮᠠᠨ ‍ᠤ ᠬᠣᠰᠢᠭᠤᠨ ᠳ᠋ᠤ ᠶᠠᠪᠣᠡᠡᠳᠠᠵᠦ ᠂ ᠬᠤᠷᠠᠯ ᠨᠢ ᠬᠣᠲᠠ ᠶ᠋ᠢᠨ ᠨᠠᠮ ‍ᠤᠨ ᠬᠣᠷᠢᠶ᠎ᠠ ᠂ ᠵᠠᠰᠠᠭ ‍ᠤᠨ ᠣᠷᠳᠣᠨ ‍ᠤ ᠠᠵᠢᠯ ‍ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶ᠋ᠢ ᠲᠤᠤᠱᠯᠠᠭᠤᠯᠤᠨ ᠨᠠᠶᠢᠳᠠᠪᠣᠷᠢᠵᠢᠭᠣᠯᠵᠣ ᠂ ᠠᠵᠢᠯ ᠣᠯᠭᠣᠵᠦ ᠦᠶ᠋ᠯᠡᠰ ᠪᠣᠰᠬᠠᠬᠤ ᠠᠵᠢᠯ ᠳ᠋ᠤ ᠣᠷᠣᠰᠢᠵᠤ ᠪᠠᠶᠢᠭ᠎ᠠ ᠠᠰᠠᠭᠤᠳᠠᠯ ‍ᠢ ᠪᠤᠰᠤᠳᠴᠢ ᠪᠠᠷ ᠵᠠᠳᠠᠯᠵᠤ ᠂ ᠳᠠᠷᠠᠭᠠᠴᠢ ᠶ᠋ᠢᠨ ᠠᠯᠬᠤᠮ ‍ᠤᠨ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠠᠵᠢᠯ ‍ᠢ ᠳᠠᠬᠢᠨ ᠳᠠᠶᠢᠴᠢᠯᠠᠵᠤ ᠂ ᠳᠠᠬᠢᠨ ᠨᠠᠶᠢᠳᠠᠪᠣᠷᠢᠵᠢᠭᠣᠯᠣᠨ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠢ ᠰᠠᠶᠢᠲᠤᠷ ᠬᠢᠬᠦ ᠳ᠋ᠦ ᠪᠠᠲᠤ ᠰᠠᠭᠤᠷᠢ ᠶ᠋ᠢ ᠳᠠᠯᠪᠢᠬᠣ ᠪᠡᠷ ᠵᠣᠷᠢᠯᠭ᠎ᠠ ᠪᠠᠨ ᠪᠣᠯᠭᠠᠵᠠᠢ ᠃ ᠲᠦᠡᠭᠯᠢᠶᠣᠣ ᠬᠣᠳᠠ ᠶ᠋ᠢᠨ ᠠᠷᠠᠣᠨ ‍ᠤᠨ ᠵᠠᠰᠠᠭ ‍ᠤᠨ ᠣᠷᠳᠣᠨ ‍ᠤ ᠳᠡᠳ᠋ ᠬᠣᠲᠠ ᠶ᠋ᠢᠨ ᠳᠠᠷᠤᠭ᠎ᠠ ᠼᠦᠢ ᠵᠢᠩ ᠶᠢᠩ ᠬᠣᠷᠠᠯ ᠳ᠋ᠣ ᠰᠠᠭᠠᠳᠠᠬᠣ ᠶ᠋ᠢᠨ ᠬᠠᠮᠳᠣ ᠶᠠᠷᠢᠶ᠎ᠠ ᠲᠠᠯᠪᠢᠡᠡᠰᠠᠨ ᠪᠠᠶᠢᠨ᠎ᠠ ᠃

      ᠬᠤᠷᠠᠯ ‍ᠤᠨ ᠬᠤᠭᠤᠴᠠᠭᠠᠨ ᠳ᠋ᠤ ᠂ ᠬᠤᠷᠠᠯ ᠳ᠋ᠤ ᠣᠷᠣᠯᠴᠠᠭᠰᠠᠳ ᠪᠠᠶᠢᠰᠢᠡᠭᠳᠣ ᠪᠠᠯᠭᠠᠰᠤᠨ ‍ᠤ ᠮᠢᠩ ᠷᠦᠢ ᠵᠢᠨ ᠬᠣᠪᠴᠠᠰᠣᠨ ᠤ ᠦᠢᠯᠡᠳᠪᠦᠷᠢ ᠶ᠋ᠢᠨ ᠠᠵᠢᠯ ᠣᠯᠭᠣᠵᠤ ᠶᠠᠳᠠᠭᠤ ᠶ᠋ᠢ ᠲᠡᠳᠬᠦᠬᠦ ᠦᠢᠯᠡᠳᠪᠦᠷᠢ ᠶ᠋ᠢᠨ ᠲᠠᠰᠤᠭ ᠂ ᠲᠠᠴᠢᠡᠳᠠᠯ᠎ᠠ ᠪᠠᠯᠭᠠᠰᠤᠨ ‍ᠤ ᠠᠡᠭᠨᠠᠢ ᠲᠣᠰᠬᠣᠨ ‍ᠤ ᠨᠡᠢᠲᠡ ᠶ᠋ᠢᠨ ᠠᠰᠠᠷᠠᠮᠵᠢ ᠶ᠋ᠢᠨ ᠠᠵᠢᠯ ‍ᠤᠨ ᠪᠠᠶᠢᠷᠢ ᠂ ᠬᠤᠸᠠ ᠮᠢᠩ ᠪᠠᠭ᠎ᠠ ᠵᠢᠵᠢᠭ ᠠᠵᠤ ᠠᠬᠣᠶᠢᠯᠠᠯ ‍ᠤᠨ ᠦᠢᠯᠡᠰ ᠪᠣᠰᠬᠠᠬᠤ ᠬᠦᠷᠢᠶᠡᠯᠡᠩ ᠪᠣᠯᠤᠨ ᠨᠠᠢᠮᠠᠨ ᠬᠣᠰᠢᠭᠤᠨ ‍ᠤ ᠦᠨᠳᠦᠰᠦᠲᠡᠨ ‍ᠦ ᠠᠵᠢᠯ ᠮᠡᠷᠭᠡᠵᠢᠯ ‍ᠦᠨ ᠲᠤᠰᠬᠠᠶ ᠮᠡᠷᠭᠡᠵᠢᠯ ‍ᠦᠨ ᠠᠵᠢᠯ ᠣᠯᠭᠣᠯᠲᠠ ᠶ᠋ᠢᠨ ᠤᠷ᠎ᠠ ᠴᠢᠳᠠᠪᠤᠷᠢ ᠶ᠋ᠢᠨ ᠪᠣᠯᠪᠠᠰᠤᠷᠠᠯ ‍ᠤᠨ ᠰᠠᠭᠤᠷᠢᠨ ᠭᠠᠵᠠᠷ ‍ᠢ ᠲᠤᠬᠠᠶ ᠶ᠋ᠢᠨ ᠲᠠᠯᠠᠪᠠᠢ ᠳ᠋ᠤ ᠲᠣᠭᠣᠷᠢᠨ ᠦᠵᠡᠪᠡ ᠃

      ᠬᠤᠷᠠᠯ ᠳᠡᠭᠡᠷ᠎ᠡ ᠂ ᠬᠣᠲᠠ ᠶ᠋ᠢᠨ ᠬᠥᠮᠦᠨ ‍ᠦ ᠬᠦᠴᠦᠨ ‍ᠦ ᠡᠬᠢ ᠪᠠᠶᠠᠯᠢᠭ ᠪᠠ ᠨᠠᠶᠢᠭᠡᠮ ‍ᠦᠨ ᠪᠠᠲᠤᠯᠠᠭ᠎ᠠ ᠶ᠋ᠢᠨ ᠲᠣᠪᠴᠢᠶ᠎ᠠ ᠪᠦᠬᠦ ᠬᠣᠲᠠ ᠶ᠋ᠢᠨ ᠳᠡᠭᠡᠷ᠎ᠡ ᠬᠠᠭᠠᠰ ᠵᠢᠯ ‍ᠦᠨ ᠠᠵᠢᠯ ᠣᠯᠭᠣᠵᠤ ᠦᠢᠯᠡᠰ ᠪᠣᠰᠠᠬᠠᠬᠣ ᠠᠵᠢᠯ ᠪᠣᠯᠤᠨ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠭᠰᠡᠨ ᠪᠠᠶᠢᠳᠡᠯ ᠵᠢᠴᠢ ᠳᠣᠤᠷ᠎ᠠ ᠬᠠᠭᠠᠰ ᠵᠢᠯ ‍ᠦᠨ ᠠᠵᠢᠯ ‍ᠤᠨ ᠲᠣᠬᠢᠷᠠᠭᠤᠯᠤᠯᠲᠠ ᠶ᠋ᠢ ᠨᠠᠶᠢᠳᠠᠯᠠᠵᠦ ᠂ ᠨᠠᠢᠮᠠᠨ ᠬᠣᠰᠢᠭᠤ ᠂  ᠬᠣᠣᠯᠢᠡᠭᠭᠣᠣᠯ ᠬᠣᠲᠠ ᠂ ᠨᠡᠭᠡᠭᠡᠯᠲᠡ ᠶ᠋ᠢᠨ ᠲᠣᠭᠣᠷᠢᠭ ᠡᠴᠠ ᠨᠡᠶᠢᠲᠡᠯᠢᠭ ᠶᠠᠷᠢᠶ᠎ᠠ ᠲᠠᠯᠪᠢᠵᠤ ᠂ ᠲᠣᠰ ᠲᠣᠰ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠠᠵᠢᠯ ᠂ ᠶᠡᠬᠡ ᠲᠡᠭᠡᠳᠣ ᠰᠤᠷᠭᠠᠭᠤᠯᠢ ᠲᠡᠭᠦᠰᠦᠭᠰᠡᠳ ‍ᠦᠨ ᠠᠵᠢᠯ ᠣᠯᠭᠣᠯᠲᠠ ᠂ ᠠᠵᠢᠯ ᠣᠯᠭᠣᠯᠲᠠ ᠶ᠋ᠢᠨ ᠤᠷ᠎ᠠ ᠴᠢᠳᠠᠪᠤᠷᠢ ᠶ᠋ᠢᠨ ᠪᠣᠯᠪᠠᠰᠤᠷᠠᠯ ‍ᠢ ᠠᠬᠢᠭᠤᠯᠬᠤ ᠲᠠᠯ᠎ᠠ ᠪᠠᠷ ᠣᠯᠤᠭᠰᠠᠨ ᠪᠣᠳᠠᠲᠠᠶ ᠦᠷ᠎ᠡ ᠪᠦᠲᠦᠮᠵᠢ ᠶ᠋ᠢᠨ ᠲᠤᠬᠠᠶ ᠲᠤᠷᠰᠢᠯᠭ᠎ᠠ ᠪᠠᠨ ᠰᠣᠯᠢᠯᠴᠠᠪᠠ ᠃ ᠼᠦᠢ ᠵᠢᠩ ᠶᠢᠩ ᠡᠯ᠎ᠡ ᠭᠠᠵᠠᠷ ‍ᠤᠨ ᠠᠵᠢᠯ ‍ᠤᠨ ᠦᠷ᠎ᠡ ᠪᠦᠲᠦᠮᠵᠢ ᠳ᠋ᠥ ᠭᠦᠢᠴᠡᠳ ᠦᠨᠡᠯᠡᠯᠳᠡ ᠦᠭᠭᠦᠭᠰᠡᠨ ‍ᠤ ᠬᠠᠮᠲᠤ ᠴᠢᠬᠣᠯᠠᠴᠢᠯᠠᠭᠰᠠᠨ ᠨᠢ ᠂ ᠡᠯ᠎ᠡ ᠭᠠᠵᠠᠷ ‍ᠤᠨ ᠬᠢᠨ ᠠᠵᠢᠯ ᠣᠯᠭᠣᠵᠤ ᠦᠢᠯᠡᠰ ᠪᠣᠰᠬᠠᠬᠤ ᠠᠵᠢᠯ ‍ᠢ ᠰᠠᠶᠢᠲᠤᠷ ᠬᠢᠬᠦ ᠪᠡᠷ  ᠰᠢ ᠶ᠋ᠢᠨ ᠫᠢᠩ ᠶᠡᠷᠦᠩᠬᠡᠶ ᠱᠦᠵᠢ ᠶ᠋ᠢᠨ ᠥᠪᠥᠷ ᠮᠣᠩᠭᠣᠯ ᠳ᠋ᠤ ᠪᠠᠶᠢᠴᠠᠭᠠᠯᠳᠠ ᠬᠢᠬᠦ ᠦᠶ᠎ᠡ ᠶ᠋ᠢᠨ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ ᠂ ᠠᠵᠢᠯ ᠣᠯᠭᠣᠯᠲᠠ ᠶ᠋ᠢ ᠠᠬᠢᠭᠤᠯᠬᠤ ᠠᠵᠢᠯ ‍ᠢ ᠢᠮᠠᠭᠲᠠ ᠠᠷᠠᠳ ‍ᠤᠨ ᠠᠮᠢᠳᠤᠷᠠᠯ ‍ᠤᠨ ᠠᠵᠢᠯ ‍ᠤᠨ ᠲᠡᠷᠢᠭᠦᠨ ᠪᠠᠶᠢᠷᠢᠨ ᠳ᠋ᠤ ᠲᠠᠯᠪᠢᠵᠤ ᠂ ᠭᠣᠤᠯᠳᠠᠯᠭ᠎ᠠ ᠶ᠋ᠢ ᠳᠣᠪᠣᠶᠢᠯᠭᠠᠨ ᠂ ᠨᠠᠷᠢᠯᠢᠭ ᠣᠨᠣᠪᠴᠢᠳᠡᠢ ᠠᠷᠭ᠎ᠠ ᠪᠣᠳᠣᠯᠭ᠎ᠠ ᠬᠡᠷᠡᠭᠵᠢᠭᠦᠯᠵᠦ ᠂ ᠠᠵᠢᠯ ᠣᠯᠭᠣᠯᠲᠠ ᠶ᠋ᠢᠨ ᠦᠷᠭᠦᠯᠵᠢᠯᠡᠨ ᠲᠣᠭᠲᠠᠭᠤᠨ ᠪᠠᠶᠢᠬᠤ ᠶ᠋ᠢ ᠪᠦᠬᠦ ᠬᠦᠴᠦᠨ ‍ᠢᠶ᠋ᠡᠷ ‍ᠢᠶ᠋ᠡᠨ ᠪᠠᠲᠤᠯᠠᠬᠤ ᠬᠡᠷᠡᠭᠲᠡᠶ ᠃ ᠡᠯ᠎ᠡ ᠵᠦᠢᠯ ‍ᠦᠨ ᠲᠥᠷᠦ ᠶ᠋ᠢᠨ ᠪᠣᠳᠣᠯᠭ᠎ᠠ ᠶ᠋ᠢ ᠪᠣᠳᠠᠲᠠᠶ ᠳ᠋ᠤ ᠨᠠᠶᠢᠳᠠᠪᠤᠷᠢᠵᠢᠭᠤᠯᠬᠤ ᠶ᠋ᠢ ᠦᠨᠡᠨᠬᠦ ᠪᠠᠲᠤᠯᠠᠵᠤ ᠂ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠠᠵᠢᠯ ‍ᠢ ᠴᠢᠨᠠᠭᠰᠢᠳᠠ ᠪᠡᠬᠢᠵᠢᠭᠦᠯᠬᠦ ᠶ᠋ᠢᠨ ᠬᠠᠮᠲᠤ ᠂ ᠠᠵᠢᠯ ᠣᠯᠭᠣᠯᠲᠠ ᠶ᠋ᠢᠨ ᠠᠵᠢᠯ ‍ᠦᠨ ᠪᠠᠶᠢᠷᠢ ᠶ᠋ᠢ ᠴᠢᠷᠮᠠᠶᠢᠨ ᠨᠡᠭᠡᠭᠡᠵᠦ ᠂ ᠭᠣᠤᠯᠳᠠᠯᠭ᠎ᠠ ᠲᠠᠶ ᠬᠥᠮᠦᠰ ‍ᠦᠨ ᠠᠵᠢᠯ ᠣᠯᠭᠣᠯᠲᠠ ᠶ᠋ᠢ ᠲᠣᠪᠣᠶᠢᠮ᠎ᠠ ᠰᠠᠶᠢᠲᠤᠷ ᠠᠳᠬᠤᠵᠤ ᠂ ᠠᠵᠢᠯ ᠮᠡᠷᠭᠡᠵᠢᠯ ‍ᠦᠨ ᠪᠣᠯᠪᠠᠰᠤᠷᠠᠯ ‍ᠤᠨ ᠦᠢᠯᠡᠳᠦᠯ ‍ᠢ ᠭᠦᠢᠴᠡᠳ ᠪᠠᠳᠠᠷᠠᠭᠣᠯᠣᠨ ᠂ ᠣᠯᠠᠨ ᠨᠡᠢᠲᠡ ᠶ᠋ᠢᠨ ᠠᠵᠢᠯ ᠣᠯᠭᠣᠯᠲᠠ ᠶ᠋ᠢᠨ ᠦᠶ᠋ᠯᠡᠴᠢᠯᠡᠭᠡᠨ ‍ᠦ ᠰᠢᠰᠲ᠋ᠧᠮ ‍ᠢ ᠪᠠᠶᠢᠭᠣᠯᠣᠨ ᠲᠡᠭᠦᠯᠳᠡᠷᠵᠢᠭᠦᠯᠬᠦ ᠬᠡᠷᠡᠭᠲᠡᠶ ᠃ ᠠᠵᠢᠯ ᠣᠯᠭᠣᠵᠤ ᠦᠢᠯᠡᠰ ᠪᠣᠰᠬᠠᠬᠠᠣ ᠂ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠠᠵᠢᠯ ‍ᠢ ᠰᠠᠶᠢᠲᠤᠷ ᠬᠢᠬᠦ ᠴᠢᠬᠤᠯᠠ ᠴᠢᠨᠠᠷ ‍ᠢ ᠤᠯᠠᠮ ᠨᠢᠭᠡ ᠠᠯᠬᠤᠮ ᠭᠦᠶ᠋ᠴᠡᠳ ᠲᠠᠨᠢᠵᠤ ᠂ ᠬᠠᠷᠢᠭᠤᠴᠠᠯᠭᠠᠲᠤ ᠣᠪᠣᠷ ᠪᠠ ᠡᠷᠴᠢ ᠵᠣᠷᠢᠭ ᠢᠶᠡᠨ ᠲᠠᠰᠤᠷᠠᠯᠲᠠ ᠦᠭᠡᠢ ᠴᠢᠩᠭᠠᠳᠬᠠᠨ ᠂ ᠢᠲᠡᠭᠡᠯ ᠵᠣᠷᠢᠭ ᠢᠶᠡᠨ ᠤᠯᠠᠮ ᠨᠢᠭᠡ ᠠᠯᠬᠤᠮ ᠪᠠᠲᠤᠳᠬᠠᠵᠤ ᠂ ᠬᠦᠴᠦᠨ ‍ᠢᠶ᠋ᠡᠨ ᠨᠢᠬᠡᠳᠬᠡᠨ ᠂ ᠬᠦᠴᠢᠷ ᠪᠡᠷᠬᠡᠰᠢᠶᠡᠯ ‍ᠢ ᠢᠯᠠᠨ ᠳᠠᠪᠠᠵᠤ ᠂ ᠰᠢᠨ᠎ᠡ ᠪᠠᠶᠢᠳᠡᠯ ᠳᠣᠤᠷᠠᠬᠢ ᠠᠵᠢᠯ ᠣᠯᠭᠣᠵᠤ ᠦᠢᠯᠡᠰ ᠪᠣᠰᠬᠠᠬᠣ ᠠᠵᠢᠯ ‍ᠢ ᠪᠦᠬᠦ ᠲᠠᠯ᠎ᠠ ᠪᠠᠷ ᠰᠠᠶᠢᠲᠤᠷ ᠬᠢᠵᠦ ᠂ ᠠᠵᠢᠯ ᠣᠯᠭᠣᠵᠤ ᠦᠢᠯᠡᠰ ᠪᠣᠰᠬᠠᠬᠣ ᠠᠵᠢᠯ ‍ᠤᠨ ᠳᠠᠬᠢᠨ ᠰᠢᠨ᠎ᠡ ᠱᠠᠳᠣᠨ ᠳ᠋ᠥ ᠭᠠᠷᠬᠤ ᠶ᠋ᠢ ᠬᠦᠴᠦᠯᠡᠨ ᠠᠬᠢᠭᠤᠯᠬᠤ ᠬᠡᠷᠡᠭᠲᠡᠶ ᠭᠡᠵᠡᠢ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ