ᠬᠣᠰᠢᠭᠤᠨ ‍ᠤ ᠤᠯᠠᠭᠠᠨᠮᠥ᠋ᠴᠢᠷ ᠄ ᠦᠨᠳᠦᠰᠦᠨ ᠱᠠᠲᠤᠨ ᠳ᠋ᠤ ᠭᠦᠨᠵᠡᠭᠡᠶᠢᠷᠡᠨ ᠰᠣᠶᠣᠯ ‍ᠢ ᠬᠦᠷᠭᠡᠵᠦ ᠂ ᠪᠣᠳᠠᠲᠤ ᠠᠵᠢᠯᠯᠠᠭ᠎ᠠ ᠪᠠᠷ ᠢᠶᠡᠨ ᠬᠤᠪᠢᠰᠬᠠᠯᠲᠤ ᠤᠳᠬ᠎ᠠ ᠤᠷᠠᠯᠢᠭ ‍ᠤᠨ ᠬᠥᠩᠭᠡᠨ ᠮᠣᠷᠢᠲᠤ ᠴᠡᠷᠢᠭ ᠤᠨ ᠴᠤᠭ ᠵᠢᠪᠬᠤᠭ᠎ᠠ ᠶ᠋ᠢ ᠳᠡᠯᠭᠡᠨ ᠦᠵᠡᠬᠦᠯᠵᠦ ᠪᠠᠶᠢᠭ᠎ᠠ

ᠣᠩᠰᠢᠭᠰᠠᠨ ᠤᠳᠠᠭ᠎ᠠ ᠄ 11923     ᠨᠡᠶᠢᠳᠡᠯᠡᠭᠰᠡᠨ ᠴᠠᠭ ᠄ 2019/8/9 14:42:00

 
       ᠮᠠᠨ ‍ᠤ ᠬᠣᠰᠢᠭᠤ ᠪᠣᠯ ᠲᠦᠩᠯᠢᠶᠣᠤ ᠬᠣᠲᠠ ᠶ᠋ᠢᠨ ᠡᠯᠡᠰᠦᠷᠬᠡᠭᠵᠢᠯ ᠬᠠᠮᠤᠭ ‍ᠤᠨ ᠬᠦᠨᠳᠦ ᠨᠣᠴᠢᠲᠠᠶ ᠭᠠᠵᠠᠷ ᠣᠷᠣᠨ ‍ᠤ ᠨᠢᠭᠡ ᠪᠠᠶᠢᠵᠣ ᠂ ᠶᠠᠭ ᠡᠶᠢᠮᠦᠷᠬᠦᠦ ᠬᠠᠲᠠᠭᠤ ᠪᠡᠷᠬᠡᠰᠢᠶᠡᠯ ᠲᠠᠢ ᠣᠷᠴᠢᠨ ᠲᠣᠭᠣᠷᠢᠨ ᠳ᠋ᠤ ᠂ ᠲᠡᠳᠡ ᠬᠦᠴᠢᠷ ᠪᠡᠷᠬᠡᠰᠢᠶᠡᠯ ᠡᠴᠡ ᠠᠶᠤᠬᠤ ᠦᠭᠡᠢ ᠪᠡᠷ ᠡᠯᠡᠰᠦᠨ ᠴᠥᠯ ‍ᠦᠨ ᠳᠤᠮᠳᠠᠭᠤᠷ ᠶᠠᠪᠤᠵᠤ ᠂ ᠡᠯᠡᠰᠦᠨ ᠴᠥᠯ ᠳ᠋ᠦ ᠠᠮᠢᠳᠤᠷᠠᠵᠤ ᠪᠠᠶᠢᠭ᠎ᠠ ᠶᠠᠳᠠᠭᠤ ᠬᠦᠴᠢᠷᠳᠡᠯᠲᠡᠶ ᠣᠯᠠᠨ ᠲᠦᠮᠡᠨ ᠳ᠋ᠦ ᠭᠣᠶᠢᠳᠠ ᠰᠠᠶᠢᠬᠠᠨ ᠤᠷᠠᠨ ᠰᠠᠶᠢᠬᠠᠨ ‍ᠤ ᠲᠣᠭᠯᠠᠯᠲᠠ ᠭᠠᠷᠭᠠᠵᠤ ᠶᠠᠪᠣᠨ᠎ᠠ ᠂ ᠲᠡᠳᠡ ᠪᠣᠯ ᠳᠠᠷᠤᠶ ᠬᠣᠰᠢᠭᠤᠨ ‍ᠤ ᠤᠯᠠᠭᠠᠨᠮᠥ᠋ᠴᠢᠷ ‍ᠤᠨ ᠳᠣᠭᠯᠠᠭᠴᠢᠳ ᠪᠣᠯᠤᠨ᠎ᠠ ᠃

    ᠣᠶᠢᠷ᠎ᠠ ᠶ᠋ᠢᠨ ᠡᠳᠦᠷ ᠂ ᠬᠣᠰᠢᠭᠤᠨ ‍ᠤ ᠣᠯᠠᠭᠠᠨᠮᠦᠴᠢᠷ ᠤᠨ ᠲᠣᠭᠯᠠᠭᠴᠢᠳ ᠡᠨᠡᠬᠦ ᠡᠯᠡᠰᠦᠨ ᠴᠦᠯ ᠦᠨ ᠳᠣᠳᠣᠨ᠎ᠠ ᠭᠠᠵᠠᠷ ᠪᠠᠶᠢᠷᠢᠯᠠᠵᠣ ᠂ ᠵᠠᠮ ᠬᠠᠷᠢᠯᠴᠠᠭ᠎ᠠ ᠳᠦᠬᠦᠮ ᠦᠬᠡᠢ ᠡᠴᠡ ᠣᠷᠠᠨ ᠰᠠᠶᠢᠬᠠᠨ ᠤ ᠳᠣᠭᠯᠠᠯᠳᠠ ᠶ᠋ᠢ ᠠᠬᠣᠢ ᠳᠠᠯᠠᠪᠠᠢ ᠳ᠋ᠥ ᠰᠣᠨᠢᠷᠬᠠᠬᠣ ᠳᠣᠬᠢᠶᠠᠯ ᠦᠨᠳᠦᠰᠦᠨ ᠳ᠋ᠥ ᠪᠡᠨ ᠪᠠᠶᠢᠬᠣ ᠦᠬᠡᠢ ᠲᠦᠷᠪᠡᠡᠣᠪᠣᠭ᠎ᠠ ᠭᠠᠴᠠᠭ᠎ᠠ ᠳ᠋ᠤ ᠬᠦᠷᠴᠣ ᠂ ᠤᠯᠠᠭᠠᠨᠮᠥ᠋ᠴᠢᠷ ‍ᠤᠨ ᠳᠣᠭᠯᠠᠭᠴᠢᠳ ᠲᠣᠭᠯᠠᠯᠲᠠ ᠭᠠᠷᠭᠠᠬᠤ ᠵᠢ ᠰᠣᠨᠣᠰᠣᠭᠰᠠᠨ ᠭᠠᠴᠠᠭᠠᠨ ‍ᠤ ᠠᠷᠠᠳ ᠵᠠᠯᠭ᠎ᠠ ᠵᠠᠯᠭ᠎ᠠ ᠪᠠᠷ ᠠᠷᠠᠳ ᠲᠣ ᠳᠦᠬᠦᠮ ᠦᠵᠡᠬᠦᠯᠬᠦ ᠦᠢᠯᠡᠴᠢᠯᠡᠬᠡᠨ ᠤ ᠳᠢᠩᠬᠢᠮ ᠢ ᠡᠬᠦᠳᠡᠨ ᠡᠮᠦᠨ᠎ᠡ ᠬᠦᠷᠦᠯᠴᠡᠨ ᠢᠷᠡᠵᠣ ᠂ ᠲᠤᠬᠠᠶ ᠶ᠋ᠢᠨ ᠲᠠᠯᠠᠪᠠᠢ ᠳ᠋ᠤ ᠪᠠᠶᠠᠷ ᠭᠦᠷ ᠢᠶ᠋ᠡᠷ ᠪᠢᠯᠬᠠᠵᠤ ᠪᠠᠶᠢᠯ᠎ᠠ ᠃ ᠬᠣᠰᠢᠭᠤᠨ ‍ᠤ ᠤᠯᠠᠭᠠᠨᠮᠥ᠋ᠴᠢᠷ ‍ᠦᠨ ᠬᠦᠭᠵᠢᠮ ‍ᠤᠨ ᠠᠩᠭᠢ ᠶ᠋ᠢᠨ ᠳᠠᠷᠤᠭ᠎ᠠ ᠮᠠ ᠹᠦ᠋ ᠵᠤᠸᠠᠩ ᠄ ᠮᠠᠨ ‍ᠤ ᠤᠯᠠᠭᠠᠨᠮᠥ᠋ᠴᠢᠷ ᠂ ᠵᠢᠯ ᠪᠣᠯᠭᠠᠨ ᠬᠥᠳᠡᠭᠡ ᠪᠠᠭᠤᠵᠤ ᠂ ᠡᠶᠢᠮᠦᠷᠬᠦᠦ ᠬᠠᠲᠠᠭᠤ ᠪᠡᠷᠬᠡᠰᠢᠶᠡᠯ ᠡᠴᠡ ᠪᠢᠳᠡ ᠠᠶᠤᠬᠤ ᠦᠭᠡᠢ ᠂ ᠠᠷᠠᠳ ᠣᠯᠠᠨ ᠪᠠᠶᠠᠷᠯᠠᠪᠠᠯ ᠂ ᠪᠢᠳᠡᠨ ‍ᠤ ᠬᠠᠮᠤᠭ ‍ᠤᠨ ᠶᠡᠬᠡ ᠵᠣᠯ ᠵᠢᠷᠭᠠᠯ ᠪᠣᠯᠤᠨ᠎ᠠ ᠃

      ᠲᠣᠭᠯᠠᠯᠲᠠ ᠨᠢ 《 ᠥᠯᠵᠡᠶ ᠪᠡᠯᠭᠡᠲᠦ ᠲᠠᠯ᠎ᠠ ᠨᠤᠲᠤᠭ 》 ᠬᠡᠮᠡᠭᠦ ᠪᠦᠵᠢᠭ ‍ᠤᠨ ᠳᠤᠮᠳᠠ ᠬᠥᠰᠢᠭᠡ ᠪᠡᠨ ᠰᠡᠬᠦᠵᠦ ᠂ ᠮᠣᠷᠢᠨ ᠬᠤᠭᠤᠷ ‍ᠤᠨ ᠬᠣᠤᠰᠯᠠᠯ ᠬᠥᠭᠵᠢᠮ 《 ᠲᠦᠮᠡᠨ ᠠᠭᠲᠠ ᠶ᠋ᠢᠨ ᠲᠦᠪᠡᠷᠭᠡᠨ 》 ‍ᠢ ᠰᠦᠷ ᠵᠢᠪᠬᠤᠭᠠᠲᠠᠶ ᠬᠦᠭᠵᠢᠮᠳᠡᠵᠣ ᠂ ᠳᠠᠭᠤᠤ ᠪᠥᠵᠢᠭ 《 ᠮᠠᠯᠴᠢᠨ ᠠᠷᠠᠳ ᠡᠪ ᠬᠠᠮᠲᠤ ᠨᠠᠮ ᠢᠶ᠋ᠡᠨ ᠳᠠᠭᠣᠯᠠᠬᠣ 》 ᠭᠡᠬᠦ ᠳᠠᠭᠤᠤ ᠪᠥᠵᠢᠭ ᠬᠠᠩᠭᠢᠨᠠᠲᠠᠯ᠎ᠠ ᠴᠤᠤᠷᠢᠶᠠᠲᠤᠵᠤ ᠂ ᠮᠠᠯᠴᠢᠳ ‍ᠤᠨ ᠰᠡᠳᠬᠢᠯ ‍ᠦᠨ ᠳᠠᠭᠤᠨ ‍ᠢ ᠬᠠᠩᠭᠢᠨᠠᠭᠤᠯᠵᠤ ᠂ ᠰᠠᠶᠢᠨ ᠰᠠᠶᠢᠬᠠᠨ ᠠᠮᠢᠳᠤᠷᠠᠯ ‍ᠤᠨ ᠲᠤᠬᠠᠶ ᠬᠦᠰᠡᠯ ᠡᠷᠡᠮᠡᠯᠵᠡᠯ ‍ᠢᠶ᠋ᠡᠨ ᠢᠯᠡᠳᠭᠡᠨ ᠂ ᠭᠣᠶᠢᠳᠠ ᠰᠠᠶᠢᠬᠠᠨ ᠲᠣᠭᠯᠠᠯᠲᠠ ᠨᠢ ᠲᠤᠬᠠᠶ ᠶ᠋ᠢᠨ ᠲᠠᠯᠠᠪᠠᠢ ᠶ᠋ᠢᠨ ᠦᠵᠡᠭᠴᠢᠳ ‍ᠦᠨ ᠠᠯᠠᠭ᠎ᠠ ᠲᠡᠰᠢᠯᠲᠡ ᠪᠣᠯᠤᠨ ᠮᠠᠭᠲᠠᠭᠠᠯ ᠰᠠᠶᠢᠰᠢᠶᠠᠯ ‍ᠢ ᠣᠯᠤᠭᠰᠠᠨ ᠪᠠᠶᠢᠨ᠎ᠠ ᠃ ᠲᠦᠷᠪᠡᠡᠣᠪᠣᠭ᠎ᠠ ᠭᠠᠴᠠᠭᠠᠨ ‍ᠤ ᠠᠷᠠᠳ ᠄ ᠮᠠᠨ ‍ᠤ ᠡᠨᠳᠡᠬᠢ ᠬᠥᠮᠦᠰ ᠤᠯᠠᠭᠠᠨᠮᠥ᠋ᠴᠢᠷ ᠦᠨ ᠳᠣᠭᠯᠠᠯᠳᠠ ᠶ᠋ᠢ ᠦᠵᠡᠬᠦ ᠲᠤᠩ ᠳᠤᠷᠠᠲᠠᠶ ᠂ ᠮᠠᠰᠢ ᠪᠠᠶᠠᠷᠲᠠᠶ ᠪᠠᠶᠢᠨ᠎ᠠ ︕

      ᠳᠠᠷᠠᠭ᠎ᠠ ᠨᠢ ᠂ ᠤᠯᠠᠭᠠᠨᠮᠥ᠋ᠴᠢᠷ ‍ᠦᠨ ᠲᠣᠭᠯᠠᠭᠴᠢᠳ ᠪᠠᠰᠠ ᠯᠢᠶᠣᠤ ᠱᠸᠨ ‍ᠤ ᠳᠠᠶᠢᠯᠠᠯᠳᠤᠭᠠᠨ ᠳ᠋ᠤ ᠣᠷᠣᠯᠴᠠᠵᠤ ᠥᠩᠭᠡᠷᠡᠭᠰᠡᠨ 92 ᠨᠠᠰᠤᠲᠠᠶ ᠠᠬᠠᠮᠠᠳ ᠬᠤᠪᠢᠰᠬᠠᠯᠲᠤ ᠴᠡᠷᠢᠭ ᠰᠢ ᠵᠢᠨ ᠷᠦᠩ ‍ᠢ ᠪᠣᠯᠣᠭᠠᠨᠳᠣᠬᠣᠨᠢᠭᠣᠯᠵᠣ ᠂ ᠲᠣᠭᠯᠠᠭᠴᠢᠳ ᠲᠡᠭᠦᠨ ᠲᠡᠶ ᠳᠣᠲᠣᠨᠣ ᠪᠠᠷ ᠮᠡᠨᠳᠦᠴᠢᠯᠡᠬᠦ ᠶ᠋ᠢᠨ ᠬᠠᠮᠲᠤ ᠂ ᠳᠣᠰᠠᠭᠠᠶᠢᠯᠠᠨ ᠲᠡᠭᠦᠨ ᠳ᠋ᠦ ᠲᠣᠭᠯᠠᠯᠲᠠ ᠭᠠᠷᠭᠠᠵᠤ ᠂ ᠨᠠᠰᠤᠲᠠᠨ ᠨᠢᠯᠪᠤᠰᠤ ᠮᠡᠯᠳᠡᠭᠨᠡᠭᠦᠯᠦᠨ ᠂ ᠲᠣᠭᠯᠠᠭᠴᠢ ᠶ᠋ᠢᠨ ᠭᠠᠷ ‍ᠢ ᠴᠢᠩᠭ᠎ᠠ ᠠᠳᠬᠤᠵᠠᠶ ᠃ ᠲᠦᠷᠪᠡᠡᠣᠪᠣᠭ᠎ᠠ ᠭᠠᠴᠠᠭᠠᠨ ᠤ ᠠᠷᠠᠳ ᠰᠢ ᠵᠢᠨ ᠷᠥᠩ ᠄ ᠡᠪ ᠬᠠᠮᠲᠤ ᠨᠠᠮ ᠳ᠋ᠠᠭᠠᠨ ᠲᠠᠯᠠᠷᠬᠠᠵᠣ ᠂ ᠵᠠᠰᠠᠭ ᠤᠨ ᠣᠷᠳᠣᠨ ᠳ᠋ᠤ ᠲᠠᠯᠠᠷᠬᠠᠵᠤ ᠪᠠᠶᠢᠨ᠎ᠠ ᠃

       ᠣᠯᠠᠨ ᠵᠢᠯ ‍ᠦᠨ ᠲᠤᠷᠰᠢ ᠂ ᠬᠣᠰᠢᠭᠣᠨ ᠤ ᠤᠯᠠᠭᠠᠨᠮᠥ᠋ᠴᠢᠷ ᠰᠢ ᠶ᠋ᠢᠨ ᠫᠢᠩ ᠶᠡᠷᠦᠩᠬᠡᠶ ᠱᠦᠵᠢ ᠶ᠋ᠢᠨ ᠰᠤᠷᠭᠠᠯ ‍ᠢ ᠵᠢᠷᠤᠮᠯᠠᠵᠤ ᠂ ᠨᠠᠮ ‍ᠤᠨ ᠠᠷᠪᠠ ᠶᠢᠰᠦᠳᠦᠭᠡᠷ ᠶᠡᠬᠡ ᠬᠤᠷᠠᠯ ‍ᠤᠨ ᠵᠣᠷᠢᠭ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ ᠂ ᠤᠯᠠᠭᠠᠨᠮᠥ᠋ᠴᠢᠷ ‍ᠦᠨ ᠰᠢᠯᠢᠳᠡᠭ ᠤᠯᠠᠮᠵᠢᠯᠠᠯ ‍ᠢ ᠶᠡᠬᠡᠪᠡᠷ ᠪᠠᠳᠠᠷᠠᠭᠣᠯᠣᠨ ᠂ ᠮᠠᠯᠴᠢᠨ ᠲᠦᠮᠡᠨ ᠳ᠋ᠦ ᠦᠢᠯᠡᠴᠢᠯᠡᠵᠦ ᠂ ᠰᠣᠶᠣᠯ ‍ᠤᠨ ᠰᠢᠨ᠎ᠡ ᠶ᠋ᠢ ᠡᠭᠦᠳᠬᠦ ᠶ᠋ᠢ ᠠᠬᠢᠭᠣᠯᠣᠨ ᠂ ᠪᠣᠳᠠᠲᠤ ᠠᠵᠢᠯᠯᠠᠭ᠎ᠠ ᠪᠠᠷ ᠢᠶᠡᠨ ᠲᠠᠯ᠎ᠠ ᠨᠤᠲᠤᠭ ‍ᠤᠨ ᠬᠠᠮᠤᠭ ‍ᠤᠨ ᠭᠤᠶᠤ ᠬᠤᠪᠢᠰᠬᠠᠯᠲᠤ ᠤᠳᠬ᠎ᠠ ᠤᠷᠠᠯᠢᠭ ‍ᠤᠨ ᠬᠥᠩᠭᠡᠨ ᠮᠣᠷᠢᠲᠤ ᠴᠡᠷᠢᠭ ‍ᠢ ᠬᠠᠷᠠᠭᠣᠯᠣᠭᠰᠠᠨ ᠪᠠᠶᠢᠨ᠎ᠠ ᠃ ᠬᠣᠰᠢᠭᠣᠨ ᠤ ᠤᠯᠠᠭᠠᠨᠮᠥ᠋ᠴᠢᠷ ‍ᠦᠨ ᠳᠡᠳ᠋ ᠳᠠᠷᠤᠭ᠎ᠠ ᠯᠢᠶᠠᠩ ᠸᠸᠨ ᠪᠣᠣ ᠄ᠤᠯᠠᠭᠠᠨᠮᠥ᠋ᠴᠢᠷ ‍ᠦᠨ ᠵᠣᠷᠢᠭ ᠰᠠᠨᠠᠭ᠎ᠠ ᠶ᠋ᠢ ᠮᠠᠨ ‍ᠤ ᠤᠯᠠᠭᠠᠨᠮᠥ᠋ᠴᠢᠷ ‍ᠦᠨ ᠠᠬᠠᠮᠠᠳ ᠦᠶ᠎ᠡ ᠶ᠋ᠢᠨ ᠬᠢᠨ ᠡᠭᠦᠳᠦᠨ ᠪᠦᠲᠦᠭᠡᠭᠰᠡᠨ ᠶᠤᠮ ᠂ ᠮᠠᠨ ‍ᠤ ᠡᠨᠡ ᠨᠢᠭᠡ ᠦᠶ᠎ᠡ ᠶ᠋ᠢᠨ ᠤᠯᠠᠭᠠᠨᠮᠥ᠋ᠴᠢᠷ ‍ᠦᠨ ᠬᠥᠮᠦᠰ ‍ᠦᠨ ᠡᠭᠦᠷᠭᠡ ᠬᠠᠷᠢᠭᠤᠴᠠᠯᠭ᠎ᠠ ᠪᠣᠯ ᠳᠠᠷᠤᠶ ᠠᠬᠠᠮᠠᠳ ᠨᠢᠭᠡ ᠦᠶ᠎ᠡ ᠶ᠋ᠢᠨ ᠤᠯᠠᠭᠠᠨᠮᠥ᠋ᠴᠢᠷ ‍ᠦᠨ ᠵᠣᠷᠢᠭ ᠰᠠᠨᠠᠭ᠎ᠠ ᠶ᠋ᠢ ᠴᠢᠷᠮᠠᠶᠢᠨ ᠤᠯᠠᠮᠵᠢᠯᠠᠨ ᠵᠠᠯᠭᠠᠮᠵᠢᠯᠠᠵᠤ ᠂ ᠪᠥᠬᠥ ᠰᠡᠳᠬᠢᠯ ᠪᠥᠬᠥ ᠵᠣᠷᠢᠭ ᠢᠶᠠᠷ ᠢᠶᠡᠨ ᠣᠯᠠᠨ ᠲᠦᠮᠡᠨ ᠳ᠋ᠦ ᠦᠢᠯᠡᠴᠢᠯᠡᠵᠦ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠰᠣᠷᠭᠠᠯ ‍ᠢ ᠬᠥᠰᠡᠷᠳᠡᠭᠦᠯᠬᠦ ᠥᠬᠡᠶ ᠪᠠᠶᠢᠵᠤ ᠂ ᠲᠠᠯ᠎ᠠ ᠨᠤᠲᠤᠭ ‍ᠤᠨ ᠵᠢᠩᠬᠢᠨᠢ ᠬᠤᠪᠢᠰᠬᠠᠯᠲᠤ ᠤᠳᠬ᠎ᠠ ᠤᠷᠠᠯᠢᠭ ‍ᠤᠨ ᠬᠥᠩᠭᠡᠨ ᠮᠣᠷᠢᠲᠤ ᠴᠡᠷᠢᠭ ᠪᠣᠯᠬᠤ ᠪᠠᠷ ᠴᠢᠷᠮᠠᠶᠢᠨ᠎ᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ