ᠥᠪᠡᠷᠲᠡᠭᠡᠨ ᠵᠠᠰᠠᠬᠤ ᠣᠷᠣᠨ ‍ᠤ ᠠᠵᠢᠯᠴᠢᠨ ‍ᠤ ᠶᠡᠷᠦᠩᠬᠡᠶ ᠡᠪᠯᠡᠯ ‍ᠦᠨ ᠪᠠᠶᠢᠴᠠᠭᠠᠨ ᠰᠤᠳᠤᠯᠬᠤ ᠳᠤᠭᠤᠢᠯᠠᠩ ᠮᠠᠨ ‍ᠤ ᠬᠣᠰᠢᠭᠤᠨ ᠳ᠋ᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠦᠷᠨᠢᠬᠦᠯᠦᠭᠰᠡᠨ

ᠣᠩᠰᠢᠭᠰᠠᠨ ᠤᠳᠠᠭ᠎ᠠ ᠄ 832     ᠨᠡᠶᠢᠳᠡᠯᠡᠭᠰᠡᠨ ᠴᠠᠭ ᠄ 2019/8/12 8:59:44

 
        8 ᠳ᠋ᠣᠭᠠᠷ ᠰᠠᠷ᠎ᠠ ᠶ᠋ᠢᠨ 6 ‍ᠦ ᠡᠳᠦᠷ ᠂ ᠥᠪᠡᠷᠲᠡᠭᠡᠨ ᠵᠠᠰᠠᠬᠤ ᠣᠷᠣᠨ ‍ᠤ ᠠᠵᠢᠯᠴᠢᠨ ‍ᠤ ᠶᠡᠷᠦᠩᠬᠡᠶ ᠡᠪᠯᠡᠯ ‍ᠦᠨ ᠪᠠᠶᠢᠴᠠᠭᠠᠨ ᠰᠤᠳᠤᠯᠬᠤ ᠳᠤᠭᠤᠢᠯᠠᠩ ᠮᠠᠨ ‍ᠤ ᠬᠣᠰᠢᠭᠤᠨ ᠳ᠋ᠤ ᠭᠦᠨᠵᠡᠭᠡᠶᠢᠷᠡᠨ ᠠᠷᠠᠳᠴᠢᠯᠠᠭᠰᠠᠨ ᠬᠠᠮᠢᠶᠠᠷᠤᠯᠲᠠ ᠥᠷᠨᠢᠭᠦᠯᠵᠦ ᠠᠷᠠᠳ ‍ᠤᠨ ᠡᠵᠡᠩᠨᠡᠯᠲᠡ ᠶ᠋ᠢᠨ ᠠᠵᠤ ᠠᠬᠣᠶᠢᠯᠠᠯ ‍ᠤᠨ ᠬᠥᠭᠵᠢᠯᠲᠡ ᠶ᠋ᠢ ᠠᠬᠢᠭᠤᠯᠬᠤ ᠳᠤᠮᠳᠠᠬᠢ ᠦᠢᠯᠡᠳᠦᠯ ‍ᠢ ᠪᠠᠳᠠᠷᠠᠭᠤᠯᠬᠤ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ ᠂ ᠬᠣᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠯᠢ ᠬᠠᠷᠠᠪᠠᠷᠰ ᠂ ᠲᠦᠩᠯᠢᠶᠣᠤ ᠬᠣᠲᠠ ᠶ᠋ᠢᠨ ᠠᠵᠢᠯᠴᠢᠨ ‍ᠤ ᠶᠡᠷᠦᠩᠬᠡᠶ ᠡᠪᠯᠡᠯ ᠂ ᠬᠣᠰᠢᠭᠤᠨ ‍ᠤ ᠠᠵᠢᠯᠴᠢᠨ ‍ᠤ ᠶᠡᠷᠦᠩᠬᠡᠶ ᠡᠪᠯᠡᠯ ‍ᠦᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ ᠃

        ᠪᠠᠶᠢᠴᠠᠭᠠᠨ ᠰᠤᠳᠤᠯᠬᠤ ᠳᠤᠭᠤᠢᠯᠠᠩ ᠤᠷᠢᠳ ᠬᠣᠵᠢᠳ ᠠᠷᠠᠳ ‍ᠤᠨ ᠡᠵᠡᠩᠨᠡᠯᠲᠡ ᠶ᠋ᠢᠨ ᠠᠵᠤ ᠠᠬᠤᠢᠯᠠᠯ ‍ᠤᠨ ᠲᠦᠩᠯᠢᠶᠣᠤ ᠬᠣᠲᠠ ᠶ᠋ᠢᠨ ᠲᠠᠢ ᠾᠧ ᠵᠠᠮ ᠬᠦᠬᠦᠷᠬᠡ ᠶ᠋ᠢᠨ ᠢᠨᠵᠧᠨᠧᠷᠢᠩ ‍ᠤᠨ ᠬᠢᠵᠠᠭᠠᠷᠲᠤ ᠺᠣᠮᠫᠠᠨᠢ ᠂ ᠥᠪᠥᠷ ᠮᠣᠩᠭᠣᠯ ‍ᠤᠨ ᠯᠣᠣᠬ᠎ᠠ ᠶ᠋ᠢᠨ ᠭᠣᠣᠯ ᠠᠮᠤ ᠲᠣᠰᠣ ᠢᠳᠡᠭᠡᠨ ‍ᠦ ᠬᠢᠵᠠᠭᠠᠷᠲᠤ ᠺᠣᠮᠫᠠᠨᠢ ᠂ ᠪᠠᠶᠠᠨ ᠬᠠᠩᠭᠠᠢ ᠢᠳᠡᠭᠡᠨ ‍ᠦ ᠬᠢᠵᠠᠭᠠᠷᠲᠤ ᠺᠣᠮᠫᠠᠨᠢ ᠪᠠᠷ ᠲᠣᠭᠣᠷᠢᠨ ᠦᠵᠡᠭᠰᠡᠨ ᠪᠥᠭᠡᠳ ᠬᠤᠷᠠᠯ ᠳ᠋ᠤ ᠣᠷᠣᠯᠴᠠᠭᠰᠠᠨ ᠠᠵᠣ ᠠᠬᠣᠶᠢᠯᠠᠯ ‍ᠤᠨ ᠬᠠᠣᠯᠢ ᠶ᠋ᠢᠨ ᠡᠷᠬᠡᠳᠡᠨ ᠂ ᠠᠵᠢᠯᠴᠢᠨ ‍ᠤ ᠡᠪᠯᠡᠯ ‍ᠦᠨ ᠲᠡᠷᠢᠭᠦᠯᠡᠭᠴᠢ ᠪᠣᠯᠤᠨ ᠠᠵᠢᠯᠳᠠᠨ ᠤ ᠲᠦᠯᠦᠬᠡᠯᠡᠭᠴᠢ ᠲᠠᠢ ᠰᠠᠨᠠᠯ ᠢᠶᠡᠨ ᠭᠦᠨᠵᠡᠭᠡᠶ ᠰᠣᠯᠢᠯᠴᠠᠵᠣ ᠂ ᠮᠠᠨ ‍ᠤ ᠬᠣᠰᠢᠭᠤᠨ ‍ᠤ ᠠᠷᠠᠳᠴᠢᠯᠠᠭᠰᠠᠨ ᠬᠠᠮᠢᠶᠠᠷᠤᠯᠲᠠ ᠥᠷᠨᠢᠭᠦᠯᠵᠦ ᠠᠷᠠᠳ ‍ᠤᠨ ᠡᠵᠡᠩᠨᠡᠯᠲᠡ ᠶ᠋ᠢᠨ ᠠᠵᠤ ᠠᠬᠣᠶᠢᠯᠠᠯ ‍ᠤᠨ ᠬᠥᠭᠵᠢᠯᠲᠡ ᠶ᠋ᠢ ᠠᠬᠢᠭᠤᠯᠵᠤ ᠪᠠᠶᠢᠭ᠎ᠠ ᠪᠠᠶᠢᠳᠠᠯ ᠳ᠋ᠥ ᠭᠦᠶ᠋ᠴᠡᠳ ᠦᠨᠡᠯᠡᠯᠳᠡ ᠦᠭᠭᠦᠭᠰᠡᠨ ᠪᠠᠶᠢᠨ᠎ᠠ ᠃

       ᠣᠶᠢᠯᠠᠭᠠᠭᠰᠠᠨ ᠢᠶᠠᠷ ᠂ ᠮᠠᠨ ‍ᠤ ᠬᠣᠰᠢᠭᠤᠨ ᠳ᠋ᠤ ᠣᠳᠣᠬᠠᠨ ᠳ᠋ᠥ 363 ᠠᠷᠠᠳ ᠡᠴᠠ ᠡᠵᠡᠩᠨᠡᠭᠰᠡᠨ ᠠᠵᠤ ᠠᠬᠤᠶᠢᠯᠠᠯ ᠲᠠᠢ ᠪᠠᠶᠢᠵᠣ ᠂ 277 ᠡᠷᠦᠬᠡ ᠨᠢ ᠲᠤᠰᠠᠭᠠᠷ ᠡᠪᠯᠡᠯ ᠪᠠᠶᠢᠭᠤᠯᠵᠤ ᠂ 69 ᠡᠷᠦᠬᠡ ᠶ᠋ᠢ ᠨᠢ ᠦᠨᠳᠦᠰᠦᠨ ᠱᠠᠲᠤᠨ ‍ᠤ ᠠᠵᠢᠯᠴᠢᠨ ‍ᠤ ᠡᠪᠯᠡᠯ ᠲᠡᠶ ᠬᠣᠯᠪᠣᠭᠠᠯᠠᠬᠤ ᠬᠡᠯᠪᠡᠷᠢ ᠪᠡᠷ ᠠᠵᠢᠯᠴᠢᠨ ‍ᠤ ᠡᠪᠯᠡᠯ ‍ᠦᠨ ᠵᠣᠬᠢᠶᠠᠨ ᠪᠠᠶᠢᠭᠤᠯᠤᠯᠲᠠ ᠳ᠋ᠤ ᠣᠷᠣᠭᠤᠯᠵᠠᠶ ᠃ ᠠᠵᠢᠯᠴᠢᠨ ‍ᠤ ᠡᠪᠯᠡᠯ ‍ᠦᠨ ᠥᠪᠡᠰᠦᠪᠡᠨ ᠪᠠᠶᠢᠭᠤᠯᠬᠤ ᠨᠣᠷᠮ᠎ᠠ ᠵᠢ ᠬᠥᠳᠡᠯᠦᠩᠭᠦᠶ ᠪᠡᠷ 95 % ᠡᠴᠠ ᠳᠡᠭᠡᠭᠰᠢ ᠪᠠᠶᠢᠯᠭᠠᠵᠤ ᠂ ᠡᠪᠯᠡᠯ ᠪᠠᠶᠢᠭᠣᠯᠣᠭᠰᠠᠨ ᠠᠵᠤ ᠠᠬᠤᠶᠢᠯᠠᠯ ‍ᠤᠨ ᠠᠵᠢᠯᠲᠠᠨ ᠠᠵᠢᠯᠴᠢᠨ ‍ᠤ ᠡᠪᠯᠡᠯ ᠳ᠋ᠦ ᠣᠷᠣᠬᠤ ᠨᠣᠷᠮ᠎ᠠ ᠵᠢ 100 % ᠳ᠋ᠤ ᠬᠦᠷᠬᠡᠭᠰᠡᠨ ᠪᠠᠶᠢᠨ᠎ᠠ ᠃ ᠣᠳᠣᠬᠠᠨ ᠳ᠋ᠤ ᠪᠦᠬᠦ ᠬᠣᠰᠢᠭᠤᠨ ‍ᠤ 25 ᠬᠥᠮᠦᠨ ᠡᠴᠡ ᠳᠡᠭᠡᠭᠰᠢᠬᠢ ᠨᠡᠶᠢᠭᠡᠮᠯᠢᠭ ᠪᠠᠶᠢᠭᠤᠯᠤᠭᠰᠠᠨ ᠨᠡᠢᠲᠡ ᠶ᠋ᠢᠨ ᠥᠮᠴᠢᠯᠡᠯ ‍ᠦᠨ ᠪᠤᠰᠤ 96 ᠠᠵᠤ ᠠᠬᠣᠶᠢᠯᠠᠯ ᠪᠦᠬᠦᠨ ‍ᠢᠶ᠋ᠡᠷ ‍ᠢᠶ᠋ᠡᠨ ᠦᠶ᠋ᠯᠡᠳᠪᠦᠷᠢ ᠶ᠋ᠢᠨ ᠶᠠᠪᠤᠳᠠᠯ ‍ᠢ ᠢᠯᠠ ᠪᠣᠯᠭᠠᠵᠤ ᠠᠷᠠᠳᠴᠢᠯᠠᠯ ᠢᠶᠠᠷ ᠬᠠᠮᠢᠶᠠᠷᠬᠤ ᠵᠢᠱᠢᠶ᠎ᠡ ᠦᠵᠡᠭᠦᠯᠬᠦ ᠨᠢᠭᠡᠴᠡ ᠶ᠋ᠢᠨ ᠪᠠᠷᠢᠮᠵᠢᠶ᠎ᠠ ᠳ᠋ᠤ ᠬᠦᠷᠴᠡᠶ ᠃ ᠠᠵᠢᠯᠲᠠᠨ ᠠᠵᠢᠯᠴᠢᠨ ‍ᠤ ᠲᠥᠯᠥᠭᠡᠯᠡᠭᠴᠢᠳ ‍ᠦᠨ ᠶᠡᠬᠡ ᠬᠤᠷᠠᠯ ᠂ ᠦᠶ᠋ᠯᠡᠳᠪᠦᠷᠢ ᠶ᠋ᠢᠨ ᠶᠠᠪᠤᠳᠠᠯ ‍ᠢ ᠢᠯᠡ ᠪᠣᠯᠭᠠᠬᠤ ᠂ ᠵᠥᠪᠳᠡᠯᠴᠡᠬᠦ ᠬᠤᠷᠠᠯ ᠵᠡᠷᠭᠡ ᠬᠡᠯᠪᠡᠷᠢ ᠪᠡᠷ ᠳᠠᠮᠵᠢᠭᠤᠯᠤᠨ ᠠᠵᠢᠯᠲᠠᠨ ᠠᠵᠢᠯᠴᠢᠨ ‍ᠤ ᠰᠠᠨᠠᠭᠤᠯᠭ᠎ᠠ ᠪᠠ ᠰᠠᠨᠠᠯ ‍ᠢ ᠴᠤᠭᠯᠠᠭᠤᠯᠵᠤ ᠂ ᠠᠵᠤ ᠠᠬᠤᠶᠢᠯᠠᠯ ‍ᠤᠨ ᠠᠵᠢᠯᠲᠠᠨ ᠠᠵᠢᠯᠴᠢᠨ ‍ᠤ ᠤᠬᠠᠮᠰᠠᠷ ᠡᠴᠠ ᠪᠠᠨ ᠬᠡᠷᠡᠭᠵᠢᠭᠦᠯᠬᠦ ᠂ ᠤᠬᠠᠮᠰᠠᠷ ᠡᠴᠠ ᠪᠠᠨ ᠰᠠᠬᠢᠬᠤ ᠶ᠋ᠢ ᠠᠬᠢᠭᠣᠯᠵᠣ ᠂ ᠠᠷᠠᠳ ᠡᠴᠠ ᠡᠵᠡᠩᠨᠡᠭᠰᠡᠨ ᠠᠵᠤ ᠠᠬᠤᠶᠢᠯᠠᠯ ‍ᠤᠨ ᠬᠥᠭᠵᠢᠨ ᠪᠤᠵᠠᠭᠠᠶᠢᠷᠠᠵᠤ ᠂ ᠠᠵᠢᠯᠳᠠᠨ ᠠᠵᠢᠯᠴᠠᠨ ᠤ ᠠᠵᠤ ᠠᠬᠤᠶ ᠂ ᠤᠯᠤᠰ ᠲᠥᠷᠥ ᠂ ᠰᠣᠶᠣᠯ ᠪᠠ ᠨᠡᠶᠢᠭᠡᠮ ‍ᠦᠨ ᠡᠷᠬᠡ ᠠᠰᠢᠭ ‍ᠢ ᠬᠠᠮᠠᠭᠠᠯᠠᠬᠤ ᠳ᠋ᠤ ᠢᠳᠡᠪᠬᠢᠲᠡᠢ ᠦᠢᠯᠡᠳᠦᠯ ᠦᠵᠡᠬᠦᠯᠵᠦ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ