ᠥᠪᠥᠷ ᠮᠣᠩᠭᠣᠯ ‍ᠤᠨ ᠵᠡᠭᠦᠨ ᠬᠡᠰᠡᠭ ‍ᠦᠨ ᠺᠢᠨᠣ᠋ ᠲᠧᠯᠸᠢᠰ ‍ᠦᠨ ᠬᠣᠲᠠ

ᠣᠩᠰᠢᠭᠰᠠᠨ ᠤᠳᠠᠭ᠎ᠠ ᠄ 1256     ᠨᠡᠶᠢᠳᠡᠯᠡᠭᠰᠡᠨ ᠴᠠᠭ ᠄ 2019/8/13 16:51:32

ᠥᠪᠥᠷ ᠮᠣᠩᠭᠣᠯ ‍ᠤᠨ ᠵᠡᠭᠦᠨ ᠬᠡᠰᠡᠭ ‍ᠦᠨ ᠺᠢᠨᠣ᠋ ᠲᠧᠯᠸᠢᠰ ‍ᠦᠨ ᠬᠣᠲᠠ ᠶ᠋ᠢᠨ ᠲᠥᠷᠥᠯ ᠵᠦᠢᠯ ‍ᠢ ᠤᠯᠤᠰ ᠤᠨ ᠬᠤᠳᠠᠯᠳᠤᠭᠠᠨ ‍ᠤ ᠪᠦᠯᠦᠭᠯᠡᠯ ᠂ ᠳᠤᠮᠳᠠᠳᠤ ᠤᠯᠤᠰ  ᠤᠨ ᠶᠤᠸᠠᠨ ᠶᠠᠩ ᠪᠦᠯᠦᠭᠯᠡᠯ ᠂ ᠪᠡᠭᠡᠵᠢᠩ ‍ᠦᠨ ᠣᠮᠠᠷᠠᠳᠣ ᠶ᠋ᠢᠨ ᠦᠯᠵᠠᠶᠢᠳᠣ ᠬᠠᠳᠠ ᠰᠣᠶᠣᠯ ‍ᠤᠨ ᠬᠥᠭᠵᠢᠯᠲᠡ ᠶ᠋ᠢᠨ ᠬᠢᠵᠠᠭᠠᠷᠲᠤ ᠺᠣᠮᠫᠠᠨᠢ ᠡᠴᠠ ᠪᠠᠯᠠ ᠣᠷᠣᠭᠤᠯᠤᠨ ᠪᠦᠲᠦᠭᠡᠨ ᠪᠠᠶᠢᠭᠤᠯᠪᠠ ᠃ ᠲᠥᠷᠥᠯ ᠵᠦᠶᠯ ᠨᠢ ᠲᠠᠴᠢᠨᠳᠠᠯ᠎ᠠ ᠪᠠᠯᠭᠠᠰᠤ ᠶ᠋ᠢᠨ ᠬᠣᠶᠢᠳᠣ ᠲᠠᠯ᠎ᠠ ᠶ᠋ᠢᠨ ᠡᠯᠡᠰᠦᠨ ᠴᠥᠯ ᠳ᠋ᠦ ᠪᠠᠶᠢᠷᠢᠯᠠᠵᠤ ᠂ ᠶᠡᠷᠦᠩᠬᠡᠶ ᠡᠵᠡᠯᠡᠬᠦ ᠭᠠᠵᠠᠷ ᠨᠢ ᠪᠠᠷᠤᠭ 30 ᠲᠡᠭᠰᠢ ᠳᠥᠷᠪᠡᠯᠵᠢᠨ ᠺᠢᠯᠣᠮᠧᠲᠷ ᠪᠠᠶᠢᠵᠤ ᠂ ᠨᠢᠭᠡᠳᠦᠭᠡᠷ ᠬᠤᠭᠤᠴᠠᠭᠠᠨ ‍ᠤ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 2 ᠳ᠋ᠦᠩᠰᠢᠭᠤᠷ ᠲᠥᠭᠥᠷᠢᠭ ᠲᠦ ᠬᠦᠷᠴᠦ ᠂ 2017 ᠣᠨ 5 ᠰᠠᠷ᠎ᠠ ᠳ᠋ᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠣᠯᠵᠣ ᠂ ᠵᠢᠱᠢᠯᠲᠡ ᠪᠡᠷ 2018 ᠣᠨ ᠳ᠋ᠤ ᠪᠠᠢᠭᠤᠯᠤᠨ ᠳᠠᠭᠤᠰᠬᠠᠵᠤ ᠠᠰᠢᠭᠯᠠᠯᠲᠠ ᠳ᠋ᠤ ᠣᠷᠣᠭᠤᠯᠤᠨ᠎ᠠ ᠃ ᠪᠠᠶᠢᠭᠤᠯᠤᠭᠳᠠᠭᠰᠠᠨ ‍ᠤ ᠳᠠᠷᠠᠭ᠎ᠠ ᠂ ᠰᠠᠭᠤᠷᠢᠨ ᠭᠠᠵᠠᠷ ᠲᠤ ᠳᠠᠢᠨ ‍ᠤ ᠮᠣᠷᠢ 3000 ᠂ ᠲᠡᠮᠡᠭᠡ 800 ᠂ ᠡᠯᠵᠢᠭᠡ 200 ᠂ ᠮᠣᠷᠢᠨ ᠲᠡᠷᠭᠡ 100 ᠪᠠᠶᠢᠵᠤ ᠂ ᠺᠢᠨᠣ᠋ ᠲᠧᠯᠸᠢᠰ ᠵᠦᠴᠦᠭᠡ ᠂ ᠡᠯᠡᠰᠦᠨ ᠴᠦᠯ ‍ᠦᠨ ᠰᠣᠶᠣᠯ ‍ᠤᠨ ᠵᠤᠭᠠᠴᠠᠨ ᠲᠣᠭᠣᠷᠢᠬᠤ ᠂ ᠰᠡᠯᠡᠭᠦᠴᠡᠯ ᠂ ᠭᠡᠷᠡᠯ ᠵᠢᠷᠤᠭ ᠂ ᠵᠢᠷᠤᠭ ᠵᠢᠷᠣᠬᠣ ᠂ ᠬᠡᠪᠯᠡᠯ ᠪᠠ ᠲᠡᠦᠬᠡ ᠶ᠋ᠢᠨ ᠡᠷᠭᠢᠴᠡᠭᠦᠯᠦᠯ ᠂ ᠤᠯᠤᠰ ᠢᠶᠡᠨ ᠬᠠᠶᠢᠷᠠᠯᠠᠬᠤ ᠦᠵᠡᠯ ᠶ᠋ᠢᠨ ᠬᠥᠮᠦᠵᠢᠯ ᠂ ᠦᠨᠳᠦᠰᠦᠲᠡᠨ ‍ᠦ ᠪᠦᠯᠬᠦᠮᠳᠡᠯ ᠂ ᠬᠠᠯᠠᠭᠤᠨ ᠷᠠᠰᠢᠶᠠᠨ ‍ᠤ ᠪᠡᠶ᠎ᠡ ᠰᠤᠪᠢᠯᠠᠯᠲᠠ ᠂ ᠪᠤᠳᠠᠭᠠᠨ ᠴᠢᠯᠠᠭᠤ ᠶ᠋ᠢᠨ ᠡᠷᠡᠭᠦᠯᠵᠢᠯ ᠂ ᠡᠷᠡᠭᠦᠯ ᠮᠡᠨᠳᠦ ᠶ᠋ᠢᠨ ᠪᠡᠶ᠎ᠡ ᠰᠤᠪᠢᠯᠠᠯᠲᠠ ᠶ᠋ᠢ ᠨᠢᠭᠡ ᠴᠣᠭᠴᠠᠵᠢᠭᠤᠯᠤᠭᠰᠠᠨ ᠲᠣᠮᠣ ᠬᠡᠯᠪᠡᠷᠢ ᠶ᠋ᠢᠨ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ‍ᠦ ᠰᠠᠭᠤᠷᠢᠨ ᠭᠠᠵᠠᠷ ᠪᠠᠶᠢᠵᠣ ᠂ ᠲᠠᠶᠢᠨ ‍ᠤ ᠰᠡᠳᠦᠪᠯᠡᠬᠦᠨ ᠂ ᠣᠨ ᠵᠢᠯ ‍ᠦᠨ ᠰᠡᠳᠦᠪᠯᠡᠬᠦᠨ ‍ᠦ ᠬᠠᠮᠤᠭ ᠰᠠᠶᠢᠨ ᠰᠡᠭᠦᠳᠡᠷᠯᠡᠬᠦ ᠲᠠᠯᠠᠪᠤᠷ ᠪᠣᠯᠤᠨ᠎ᠠ ᠃ ᠲᠥᠷᠥᠯ ᠵᠦᠶᠯ ‍ᠢ ᠪᠦᠬᠦᠨ ‍ᠢ ᠪᠠᠶᠢᠭᠤᠯᠵᠤ ᠠᠰᠢᠭᠯᠠᠯᠲᠠ ᠳ᠋ᠤ ᠣᠷᠣᠭᠤᠯᠤᠭᠰᠠᠨ ‍ᠤ ᠳᠠᠷᠠᠭ᠎ᠠ ᠂ ᠵᠢᠯ ᠤᠨ ᠣᠷᠣᠯᠭ᠎ᠠ 6 ᠳ᠋ᠦᠩᠰᠢᠭᠤᠷ  ᠬᠦᠷᠴᠣ ᠂ ᠭᠠᠶᠢᠯᠢ ᠶ᠋ᠢᠨ ᠮᠥᠩᠭᠥ ᠶ᠋ᠢ 8000 ᠲᠦᠮᠡᠨ ᠲᠥᠭᠥᠷᠢᠭ ᠪᠡᠶᠡᠯᠡᠭᠦᠯᠵᠦ ᠂ ᠲᠤᠬᠠᠶ ᠶ᠋ᠢᠨ ᠭᠠᠵᠠᠷ ‍ᠤᠨ ᠣᠯᠠᠨ ᠲᠦᠮᠡᠨ ‍ᠦ ᠠᠵᠢᠯ ᠣᠯᠭᠣᠯᠲᠠ ᠶ᠋ᠢ 2 ᠲᠦᠮᠡᠨ ᠬᠥᠮᠦᠨ ᠤᠳᠠᠭ᠎ᠠ ᠰᠢᠶᠳᠪᠦᠷᠢᠯᠡᠨ᠎ᠡ ᠃

ᠢᠷᠡᠯᠳᠡ᠄ ᠨᠠᠶᠢᠷᠠᠭᠤᠯᠤᠭᠴᠢ᠄