ᠮᠸᠩ ᠵᠢᠶᠠ ‍ᠳᠤᠸᠠᠡ ᠤᠰᠤᠨ ᠴᠥᠭᠥᠷᠥᠮ

ᠣᠩᠰᠢᠭᠰᠠᠨ ᠤᠳᠠᠭ᠎ᠠ ᠄ 20015     ᠨᠡᠶᠢᠳᠡᠯᠡᠭᠰᠡᠨ ᠴᠠᠭ ᠄ 2019/8/13 16:57:58


      ᠮᠧᠩ ᠵᠢᠶᠠ ‍ᠳᠤᠸᠠᠡ ᠤᠰᠤᠨ ᠴᠥᠭᠥᠷᠥᠮ ᠨᠢ ᠨᠠᠢᠮᠠᠨ ᠬᠣᠰᠢᠭᠤᠨ ‍ᠤ ᠪᠠᠶᠢᠰᠢᠩᠳᠣ ᠪᠠᠯᠭᠠᠰᠤᠨ ᠳ᠋ᠤ ᠪᠠᠶᠢᠷᠢᠯᠠᠵᠤ ᠂ ᠡᠷᠭᠢᠨ ᠲᠣᠭᠣᠷᠢᠨ ‍ᠤ ᠨᠢ ᠮᠧᠩ ᠵᠢᠶᠠ ‍ᠳᠤᠸᠠᠨ ‍ᠤ ᠨᠤᠭᠤ ᠭᠠᠵᠠᠷ ‍ᠤᠨ ᠵᠤᠭᠠᠴᠠᠯ ‍ᠤᠨ ᠣᠷᠣᠨ ( ᠤᠯᠤᠰ ᠤᠨ ᠲᠡᠰ ‍ᠤᠨ A A A ᠲᠡᠰ ‍ᠤᠨ ᠵᠤᠭᠠᠴᠠᠯ ‍ᠤᠨ ᠦᠵᠡᠮᠵᠢ ᠶ᠋ᠢᠨ ᠣᠷᠣᠨ ) ᠂ ᠮᠧᠩ ᠵᠢᠶᠠ ‍ᠳᠤᠸᠠᠨ ‍ᠤ ᠤᠯᠤᠰ ᠤᠨ ᠨᠤᠭᠤ ᠭᠠᠵᠠᠷ ‍ᠤᠨ ᠴᠡᠴᠡᠷᠯᠢᠭ ( ᠲᠤᠷᠰᠢᠯᠲᠠ ᠶ᠋ᠢᠨ ᠴᠢᠭ ) ᠂ ᠮᠧᠩ ᠵᠢᠶᠠ ‍ᠳᠤᠸᠠᠨ ‍ᠤ ᠵᠤᠭᠠᠴᠠᠯ ᠢᠶᠠᠷ ᠶᠠᠳᠠᠭᠤ ᠶ᠋ᠢ ᠲᠡᠳᠬᠦᠬᠦ ᠲᠣᠰᠬᠣᠨ ᠵᠡᠷᠭᠡ ᠣᠯᠠᠨ ᠵᠦᠶᠯ ‍ᠦᠨ ᠵᠤᠭᠠᠴᠠᠯ ‍ᠤᠨ ᠡᠬᠢ ᠪᠠᠶᠠᠯᠢᠭ ᠵᠢᠴᠢ ᠡᠵᠡᠩᠨᠡᠯᠲᠡ ᠶ᠋ᠢᠨ ᠬᠡᠯᠪᠡᠷᠢ ᠪᠠᠶᠢᠳᠠᠯ ‍ᠢ ᠲᠥᠪᠯᠡᠷᠡᠭᠦᠯᠪᠡ ᠃ ᠡᠨᠡ ᠵᠢᠯ ‍ᠦᠨ ᠲᠤᠷᠰᠢ ᠨᠤᠭᠤ ᠭᠠᠵᠠᠷ ᠲᠤ ᠬᠠᠮᠠᠭᠠᠯᠠᠯᠲᠠ ᠶ᠋ᠢᠨ ᠴᠢᠨᠠᠷᠲᠠᠶ ᠨᠡᠭᠡᠭᠡᠯᠲᠡ ᠬᠢᠵᠦ ᠂ ᠤᠯᠤᠰ ᠤᠨ ᠵᠢᠭᠠᠰᠤ ᠭᠥᠬᠢᠳᠡᠬᠦ ᠲᠥᠪ ᠂ ᠵᠣᠴᠢᠳ ‍ᠤᠨ ᠪᠠᠭᠤᠳᠠᠯ ᠂ ᠦᠵᠡᠮᠵᠢ ᠂ ᠨᠣᠭᠣᠭᠠᠷᠠᠭᠤᠯᠤᠯᠲᠠ ᠂ ᠬᠠᠲᠠᠭᠤᠷᠠᠭᠤᠯᠤᠯᠲᠠ ᠵᠡᠷᠭᠡ ᠶ᠋ᠢ ᠪᠦᠲᠦᠭᠡᠨ ᠪᠠᠶᠢᠭᠤᠯᠪᠠ ᠃ ᠲᠣᠰ ᠲᠥᠷᠥᠯ ᠵᠦᠶ᠋ᠯ ‍ᠦᠨ ᠶᠡᠷᠦᠩᠬᠡᠶ ᠪᠠᠯᠠ ᠣᠷᠣᠭᠤᠯᠤᠯᠲᠠ ᠨᠢ 5.8 ᠳ᠋ᠦᠩᠰᠢᠭᠤᠷ ᠲᠥᠭᠥᠷᠢᠭ ᠬᠦᠷᠴᠣ ᠂ ᠪᠦᠲᠦᠭᠡᠨ ᠪᠠᠶᠢᠭᠤᠯᠤᠯᠲᠠ ᠶ᠋ᠢᠨ ᠠᠭᠤᠯᠭ᠎ᠠ ᠳ᠋ᠤ ᠶᠡᠷᠦᠩᠬᠡᠶᠢᠯᠡᠭᠰᠡᠨ ᠦᠶᠯᠡᠴᠢᠯᠡᠭᠡᠨ ‍ᠦ ᠲᠣᠭᠣᠷᠢᠭ ᠂ ᠤᠰᠤᠨ ᠳᠡᠭᠡᠷᠡᠬᠢ ᠪᠠ  ᠠᠷᠠᠳ ‍ᠤᠨ ᠵᠠᠩ ᠦᠢᠯᠡ ᠶ᠋ᠢᠨ ᠬᠦᠷᠢᠶᠡᠯᠡᠩ ᠂ ᠬᠣᠨᠣᠭ ᠬᠣᠭᠣᠯᠠ ᠤᠮᠳᠠᠭᠠᠨ ‍ᠤ ᠲᠣᠭᠣᠷᠢᠭ ᠂ ᠣᠯᠠᠨ ᠤᠯᠤᠰ ᠤᠨ ᠵᠢᠭᠠᠰᠤ ᠭᠥᠬᠢᠳᠡᠬᠦ ᠲᠥᠪ ᠂ ᠵᠢᠭᠠᠰᠤᠨ ᠲᠣᠰᠬᠣᠨ ᠂ ᠥᠪᠡᠷ ‍ᠢᠶ᠋ᠡᠷ ᠲᠡᠷᠭᠡ ᠵᠢᠯᠣᠭᠣᠳᠴᠤ ᠬᠡᠭᠡᠷ᠎ᠡ ᠪᠠᠭᠤᠳᠠᠯᠯᠠᠬᠤ ᠭᠠᠵᠠᠷ ᠂ ᠨᠤᠭᠤ ᠭᠠᠵᠠᠷ ‍ᠤᠨ ᠦᠵᠡᠮᠵᠢ ᠰᠣᠨᠢᠷᠬᠠᠬᠤ ᠬᠦᠷᠢᠶᠡᠯᠡᠩ ᠂ ᠤᠮᠠᠷᠠᠲᠤ ᠬᠢᠯᠢ ᠶ᠋ᠢᠨ ᠤᠰᠤᠨ ᠣᠷᠣᠨ ᠂ ᠵᠢᠭᠤᠯᠴᠢᠯᠠᠯ ‍ᠤᠨ ᠣᠷᠣᠨ ‍ᠤ ᠵᠠᠮ ‍ᠤᠨ ᠪᠦᠲᠦᠭᠡᠨ ᠪᠠᠶᠢᠭᠤᠯᠤᠯᠲᠠ ᠶ᠋ᠢᠨ 11 ᠲᠥᠷᠥᠯ ᠵᠦᠶ᠋ᠯ ᠪᠠᠭᠲᠠᠨ᠎ᠠ ᠃ ᠣᠳᠣ ᠨᠢᠭᠡᠨᠲᠡ 8000 ᠲᠦᠮᠡᠨ ᠲᠥᠭᠥᠷᠢᠭ ‍ᠦᠨ ᠪᠡᠯᠡ ᠮᠥᠩᠭᠥ ᠣᠷᠣᠭᠤᠯᠵᠤ ᠂ ᠤᠯᠤᠰ ᠤᠨ ᠵᠢᠭᠠᠰᠤ ᠭᠥᠬᠢᠳᠡᠬᠦ ᠲᠥᠪ ‍ᠦᠨ ᠪᠦᠲᠦᠭᠡᠨ ᠪᠠᠶᠢᠭᠤᠯᠤᠯᠲᠠ ᠦᠨᠳᠦᠰᠦᠨ ᠳ᠋ᠡᠭᠡᠨ ᠳᠠᠭᠤᠰᠴᠤ ᠂ ᠤᠰᠤᠨ ᠴᠥᠭᠥᠷᠥᠮ ᠵᠣᠴᠢᠳ ‍ᠤᠨ ᠪᠠᠭᠤᠳᠠᠯ ᠂ ᠯᠢᠩᠬᠤ᠎ᠠ ᠨᠠᠭᠤᠷ ‍ᠤᠨ ᠦᠵᠡᠮᠵᠢ ᠂ ᠦᠵᠡᠮᠵᠢ ᠶ᠋ᠢᠨ ᠣᠷᠣᠨ ‍ᠤ ᠴᠠᠬᠢᠯᠭᠠᠨ ᠬᠦᠴᠦᠨ ‍ᠦ ᠥᠭᠡᠷᠡᠴᠢᠯᠡᠯᠲᠡ ᠶ᠋ᠢ ᠨᠢᠭᠡᠨᠲᠡ ᠪᠡᠶᠡᠯᠡᠬᠦᠯᠪᠡ ᠃

ᠢᠷᠡᠯᠳᠡ᠄ ᠨᠠᠶᠢᠷᠠᠭᠤᠯᠤᠭᠴᠢ᠄