ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶᠠᠨ ᠤ ᠲᠠᠷᠢᠶᠠᠯᠠᠩ ᠮᠠᠯ ᠠᠵᠤ ᠠᠬᠤᠢ ᠶ᠋ᠢᠨ ᠠᠯᠪᠠᠨ ᠭᠡᠷ ‍ᠦᠨ ᠡᠷᠬᠢᠯᠡᠭᠴᠢ ᠂ ᠲᠠᠷᠢᠶᠠᠯᠠᠩ ᠮᠠᠯ ᠠᠵᠤ ᠠᠬᠤᠢ ᠶ᠋ᠢᠨ ᠲᠢᠩᠬᠢᠮ ᠤᠨ ᠳᠠᠷᠤᠭ᠎ᠠ ᠰᠦᠨ ᠵᠧᠨ ᠶᠦᠨ ᠨᠠᠷ ᠲᠦᠩᠯᠢᠶᠣᠤ ᠬᠣᠲᠠ ᠳ᠋ᠤ ᠢᠷᠡᠵᠣ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 1568     ᠨᠡᠶᠢᠳᠡᠯᠡᠭᠰᠡᠨ ᠴᠠᠭ ᠄ 2019/8/23 16:42:27


     8 ᠳ᠋ᠤᠭᠠᠷ ᠰᠠᠷ᠎ᠠ ᠶ᠋ᠢᠨ 16 — 17  ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠲᠠᠷᠢᠶᠠᠯᠠᠩ ᠮᠠᠯ ᠠᠵᠤ ᠠᠬᠤᠢ ᠶ᠋ᠢᠨ ᠠᠯᠪᠠᠨ ᠭᠡᠷ ‍ᠦᠨ ᠡᠷᠬᠢᠯᠡᠭᠴᠢ ᠂ ᠲᠠᠷᠢᠶᠠᠯᠠᠩ ᠮᠠᠯ ᠠᠵᠤ ᠠᠬᠤᠢ ᠶ᠋ᠢᠨ ᠲᠢᠩᠬᠢᠮ ᠤᠨ ᠳᠠᠷᠤᠭ᠎ᠠ ᠰᠦᠨ ᠵᠧᠨ ᠶᠦᠨ ᠨᠠᠷ ᠲᠦᠩᠯᠢᠶᠣᠤ ᠬᠣᠲᠠ ᠶ᠋ᠢᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤ ᠂ ᠬᠦᠷᠢᠶ᠎ᠡ ᠬᠣᠰᠢᠭᠤ ᠪᠣᠯᠤᠨ ᠨᠠᠶ᠋ᠮᠠᠨ ᠬᠣᠰᠢᠭᠤᠨ ᠳ᠋ᠤ ᠭᠦᠨᠵᠡᠭᠡᠶᠢᠷᠡᠵᠦ ᠂ ᠲᠠᠷᠢᠶᠠᠯᠠᠩ ‍ᠤᠨ ᠥᠨᠳᠥᠷ ᠦᠷ᠎ᠡ ᠠᠰᠢᠭᠳᠣ  ᠤᠰᠤ ᠠᠷᠪᠢᠯᠠᠬᠤ ᠂ ᠵᠣᠷᠯᠣᠩ ‍ᠤᠨ ᠬᠤᠪᠢᠰᠬᠠᠯ ᠪᠣᠯᠤᠨ ᠬᠥᠳᠡᠭᠡ ᠲᠣᠰᠬᠣᠨ ‍ᠢ ᠬᠦᠭᠵᠢᠬᠦᠯᠵᠣ ᠮᠠᠨᠳᠤᠭᠤᠯᠬᠤ ᠬᠥᠭᠵᠢᠯᠲᠡ ᠶ᠋ᠢᠨ ᠲᠣᠭᠣᠷᠢᠨ ᠳ᠋ᠤ ᠲᠤᠬᠠᠶ ᠶ᠋ᠢᠨ ᠭᠠᠵᠠᠷ ‍ᠤᠨ  ᠪᠠᠶᠢᠴᠠᠭᠠᠨ ᠰᠤᠳᠤᠯᠤᠯᠲᠠ ᠬᠢᠬᠦ ᠶ᠋ᠢᠨ ᠬᠠᠮᠳᠣ ᠮᠠᠨ ‍ᠤ ᠬᠣᠰᠢᠭᠤᠨ ᠳ᠋ᠤ ᠰᠠᠭᠣᠳᠠᠯ ᠤᠨ ᠬᠣᠷᠠᠯ ᠬᠣᠷᠠᠯᠳᠣᠭᠣᠯᠣᠭᠰᠠᠨ ᠪᠠᠶᠢᠨ᠎ᠠ ᠃
     ᠰᠠᠭᠣᠳᠠᠯ ᠤᠨ ᠬᠤᠷᠠᠯ ᠳᠡᠭᠡᠷ᠎ᠡ ᠂ ᠮᠠᠨ ‍ᠤ ᠣᠷᠣᠨ ‍ᠤ ᠠᠮᠤ ᠪᠤᠳᠠᠭᠠᠨ ‍ᠤ ᠭᠠᠷᠤᠯᠲᠠ ᠤᠨ ᠤᠰᠤ ᠳᠤᠲᠠᠭᠳᠠᠵᠤ ᠪᠠᠶᠢᠭ᠎ᠠ ᠠᠰᠠᠭᠤᠳᠠᠯ ‍ᠤᠨ ᠲᠣᠭᠣᠷᠢᠨ ᠳ᠋ᠤ ᠭᠦᠨᠵᠡᠭᠡᠶ ᠰᠣᠯᠢᠯᠴᠠᠭ᠎ᠠ ᠬᠢᠵᠦ ᠂ ᠠᠵᠢᠯ ᠢᠶᠡᠨ ᠲᠦᠯᠬᠢᠨ ᠠᠬᠢᠭᠤᠯᠬᠤ ᠪᠣᠳᠠᠲᠠᠶ ᠠᠷᠭ᠎ᠠ ᠠᠪᠴᠠᠯ ‍ᠢ ᠬᠠᠮᠲᠤᠪᠠᠷ ᠰᠤᠳᠤᠯᠵᠠᠶ ᠃ ᠲᠦᠩᠯᠢᠶᠣᠤ ᠬᠣᠲᠠ ᠶ᠋ᠢᠨ ᠵᠠᠰᠠᠭ  ᠤᠨ ᠣᠷᠳᠣᠨ ‍ᠤ ᠳᠡᠳ᠋ ᠬᠣᠳᠠ ᠶ᠋ᠢᠨ ᠳᠠᠷᠤᠭ᠎ᠠ ᠬᠠᠨ ᠭᠥᠸᠧ ᠦ᠋ ᠂ ᠬᠣᠰᠢᠭᠤᠨ ‍ᠤ ᠤᠳᠤᠷᠢᠳᠤᠯᠭ᠎ᠠ ᠪᠦᠷᠢᠨ ᠂ ᠱᠢ ᠮᠢᠩ ᠰᠢᠶᠠᠨ ᠂ ᠸᠠᠩ ᠭᠠᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠣᠳᠠᠯ ᠤᠨ ᠬᠤᠷᠠᠯ ᠳ᠋ᠤ ᠣᠷᠣᠯᠴᠠᠭᠰᠠᠨ ᠪᠠᠶᠢᠨ᠎ᠠ ᠃

    ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠣᠵᠢᠳ ᠮᠠᠨ ᠤ ᠬᠣᠰᠢᠭᠣᠨ ᠤ ᠴᠢᠩ ᠯᠦᠩ ᠱᠠᠨ ᠪᠠᠯᠭᠠᠰᠣ ᠂ ᠢ ᠯᠦᠩ ᠶᠦᠩ ᠪᠠᠯᠭᠠᠰᠤ ᠪᠠ  ᠬᠣᠩᠬᠣᠷᠳᠠᠯ᠎ᠠ ᠰᠤᠮᠤᠨ ᠳ᠋ᠤ ᠭᠦᠨᠵᠡᠭᠡᠶᠢᠷᠡᠵᠦ ᠂ ᠰᠢᠬᠢᠷᠯᠢᠭ ᠲᠥᠮᠥᠰᠥ ᠶ᠋ᠢᠨ ᠠᠵᠤ ᠦᠢᠯᠡᠰ ‍ᠦᠨ ᠬᠦᠷᠢᠶᠡᠯᠡᠩ ᠲᠣᠭᠣᠷᠢᠭ ᠂ ᠲᠠᠷᠢᠶᠠᠯᠠᠩ ‍ᠤᠨ ᠥᠨᠳᠥᠷ ᠦᠷ᠎ᠡ ᠠᠰᠢᠭᠲᠤ ᠤᠰᠤ ᠠᠷᠪᠢᠯᠠᠬᠤ ᠵᠢᠱᠢᠶ᠎ᠡ ᠦᠵᠡᠭᠦᠯᠬᠦ ᠲᠣᠭᠣᠷᠢᠭ ᠪᠠ ᠢᠯᠠᠮᠠᠳᠤ ᠭᠠᠴᠠᠭᠠᠨ ‍ᠤ ᠵᠣᠷᠯᠣᠩ ‍ᠤᠨ ᠥᠭᠡᠷᠡᠴᠢᠯᠡᠯᠲᠡ ᠶ᠋ᠢᠨ ᠲᠥᠷᠥᠯ ᠵᠦᠢᠯ ᠳ᠋ᠦ ᠪᠠᠶᠢᠴᠠᠭᠠᠨ ᠰᠤᠳᠤᠯᠤᠯᠲᠠ ᠬᠢᠵᠦ ᠂ ᠲᠤᠬᠠᠶ ᠶ᠋ᠢᠨ ᠲᠠᠯᠠᠪᠠᠢ ᠳ᠋ᠤ ᠠᠵᠤ ᠦᠢᠯᠡᠰ ‍ᠦᠨ ᠬᠥᠭᠵᠢᠯᠲᠡ ᠂ ᠬᠥᠳᠡᠭᠡ ᠲᠣᠰᠬᠣᠨ ‍ᠤ ᠵᠣᠷᠯᠣᠩ ‍ᠤᠨ ᠥᠭᠡᠷᠡᠴᠢᠯᠡᠯᠲᠡ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ‍ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ‍ᠢ ᠪᠠᠶᠢᠴᠠᠭᠠᠨ ᠦᠵᠡᠪᠡ ᠃ ᠰᠠᠭᠣᠳᠠᠯ ᠤᠨ ᠬᠤᠷᠠᠯ ᠳᠡᠭᠡᠷ᠎ᠡ ᠂ ᠮᠠᠨ ‍ᠤ ᠬᠣᠰᠢᠭᠤ ᠠᠮᠤ ᠪᠤᠳᠠᠭᠠᠨ ‍ᠤ ᠦᠶ᠋ᠯᠡᠳᠪᠦᠷᠢᠯᠡᠯ ᠪᠠ ᠤᠰᠤᠨ ‍ᠤ ᠡᠬᠢ ᠪᠠᠶᠠᠯᠢᠭ ‍ᠢ ᠠᠰᠢᠭᠯᠠᠭᠰᠠᠨ ᠪᠠᠢᠳᠠᠯ ‍ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ ᠃ ᠳᠠᠷᠠᠭ᠎ᠠ ᠨᠢ ᠬᠤᠷᠠᠯ ᠳ᠋ᠤ ᠣᠷᠣᠯᠴᠠᠭᠰᠠᠳ ᠪᠠᠷᠢᠯᠭ᠎ᠠ ᠶ᠋ᠢᠨ ᠠᠬᠢᠴᠠ ᠂ ᠪᠠᠷᠢᠯᠭ᠎ᠠ ᠶ᠋ᠢᠨ ᠶᠠᠰᠤ ᠴᠢᠨᠠᠷ ᠂ ᠤᠰᠤ ᠠᠷᠪᠢᠯᠠᠬᠤ ᠦᠷ᠎ᠡ ᠪᠦᠲᠦᠮᠵᠢ ᠂ ᠲᠠᠷᠢᠶᠠᠴᠢᠳ ‍ᠤᠨ ᠣᠷᠣᠯᠭ᠎ᠠ ᠶ᠋ᠢ ᠨᠡᠮᠡᠭᠳᠡᠭᠦᠯᠬᠦ ᠂ ᠲᠤᠷᠰᠢᠯᠭ᠎ᠠ ᠪᠠᠨ ᠳ᠋ᠦᠩᠨᠡᠬᠦ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠪᠠ ᠃

     ᠰᠦᠨ ᠵᠧᠨ ᠶᠦᠨ ᠵᠢᠭᠠᠵᠤ ᠭᠠᠷᠭᠠᠭᠰᠠᠨ ᠨᠢ ᠂ ᠲᠦᠩᠯᠢᠶᠣᠤ ᠬᠣᠲᠠ ᠰᠢᠵᠢᠷ ᠠᠯᠲᠠᠨ ᠡᠷᠳᠡᠨᠢ ᠰᠢᠰᠢ ᠶ᠋ᠢᠨ ᠪᠦᠰᠡ ᠲᠤ ᠪᠠᠶᠢᠷᠢᠯᠠᠵᠣ ᠂ ᠪᠥᠬᠥ ᠤᠯᠤᠰ ᠤᠨ ᠴᠢᠬᠤᠯᠠ ᠠᠮᠤ ᠪᠤᠳᠠᠭᠠᠨ ‍ᠤ ᠰᠠᠭᠤᠷᠢᠨ ᠭᠠᠵᠠᠷ ᠂ ᠡᠯ᠎ᠡ ᠭᠠᠵᠠᠷ ‍ᠤᠨ ᠬᠢᠨ ᠡᠷᠬᠡᠪᠰᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠠᠵᠢᠯ ᠶ᠋ᠢᠨ ᠡᠷᠴᠢᠮ ‍ᠢᠶ᠋ᠡᠨ ᠴᠢᠩᠭᠠᠷᠠᠭᠤᠯᠤᠨ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ‍ᠤᠨ ᠲᠥᠷᠥᠯ ᠵᠦᠶ᠋ᠯ ‍ᠦᠨ ᠪᠦᠲᠦᠭᠡᠨ ᠪᠠᠶᠢᠭᠣᠯᠣᠯᠳᠠ ᠶ᠋ᠢ ᠲᠠᠷᠢᠶᠠᠯᠠᠩ ‍ᠤᠨ ᠣᠳᠣᠬᠢᠴᠢᠯᠠᠯᠲᠠ ᠶ᠋ᠢᠨ ᠴᠢᠬᠤᠯᠠ ᠰᠢᠪᠲᠤᠯᠤᠯᠲᠠ ᠪᠣᠯᠭᠠᠵᠤ ᠂ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠃ ᠡᠭᠦᠨ ‍ᠦ ᠬᠠᠮᠲᠤ ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶ᠋ᠢ ᠠᠬᠢᠭᠤᠯᠵᠤ ᠂ ᠲᠠᠷᠠᠭᠠᠴᠢ ᠶ᠋ᠢᠨ ᠠᠯᠬᠤᠮ ‍ᠤᠨ ᠲᠥᠷᠥᠯ ᠵᠦᠶ᠋ᠯ ‍ᠦᠨ ᠠᠬᠢᠴᠠ ᠂ ᠢᠨᠵᠧᠨᠧᠷᠢᠩ ᠤᠨ ᠶᠠᠰᠤ ᠴᠢᠨᠠᠷ ᠂ ᠬᠢᠨᠠᠯᠲᠠ ᠬᠠᠮᠢᠶᠠᠷᠤᠯᠲᠠ ᠵᠡᠷᠭᠡ ᠠᠵᠢᠯ ‍ᠢ ᠰᠠᠶᠢᠲᠤᠷ ᠬᠢᠵᠦ ᠂ ᠰᠢᠨᠵᠢᠯᠡᠬᠦ ᠤᠬᠠᠭᠠᠨᠴᠢ ᠪᠦᠲᠦᠮᠵᠢᠲᠡᠶ ᠠᠵᠢᠯᠯᠠᠭᠠᠨ ‍ᠤ ᠲᠣᠭᠲᠠᠴᠠ ᠶ᠋ᠢ ᠪᠦᠷᠢᠯᠳᠦᠭᠦᠯᠬᠦ ᠬᠡᠷᠡᠭᠲᠡᠶ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠂ ᠣᠷᠣᠰᠢᠵᠤ ᠪᠠᠶᠢᠭ᠎ᠠ ᠠᠰᠠᠭᠤᠳᠠᠯ ᠳ᠋ᠤ ᠴᠢᠭᠯᠡᠭᠦᠯᠦᠨ ᠂  ᠰᠠᠭᠣᠳᠠᠯ ᠤᠨ ᠬᠤᠷᠠᠯ ‍ᠤᠨ ᠰᠠᠨᠠᠯ ᠰᠠᠨᠠᠭᠤᠯᠭ᠎ᠠ ᠶ᠋ᠢ ᠦᠨᠳᠦᠰᠦᠯᠡᠨ ᠂ ᠰᠢᠶ᠋ᠳᠪᠦᠷᠢᠯᠡᠬᠦ ᠠᠷᠭ᠎ᠠ ᠶ᠋ᠢ ᠨᠠᠷᠢᠨ ᠬᠢᠨᠠᠮᠠᠭᠠᠶ ᠡᠷᠢᠵᠦ ᠂ ᠴᠡᠭᠴᠡᠯᠡᠨ ᠰᠠᠶᠢᠵᠢᠷᠠᠭᠤᠯᠬᠤ ᠶ᠋ᠢ ᠲᠦᠷᠭᠡᠬᠡᠨ ᠪᠡᠶᠡᠯᠡᠭᠦᠯᠬᠦ ᠬᠡᠷᠡᠭᠲᠡᠶ ᠃ ᠨᠠᠷᠢᠨ ᠬᠢᠨᠠᠮᠠᠭᠠᠶ ᠰᠤᠳᠤᠯᠵᠤ ᠂ ᠵᠦᠶ ᠵᠣᠬᠢᠰᠲᠠᠶ ᠲᠥᠯᠥᠪᠵᠢᠭᠦᠯᠦᠨ ᠂ ᠵᠠᠩᠭᠢᠯᠠᠭ᠎ᠠ ᠶ᠋ᠢ ᠠᠳᠬᠤᠵᠤ ᠂ ᠭᠣᠤᠯᠳᠠᠯᠭ᠎ᠠ ᠶ᠋ᠢ ᠳᠣᠪᠣᠶᠢᠯᠭᠠᠨ ᠂ ᠦᠨᠡᠨ ᠬᠦ ᠲᠤᠰᠠᠲᠠᠶ ᠪᠠᠶᠢᠬᠣ ᠬᠡᠷᠡᠭᠲᠡᠶ ᠃ ᠲᠡᠭᠡᠳᠣ ᠲᠣᠣᠷᠠᠳᠣ ᠱᠠᠲᠤ ᠬᠠᠮᠲᠤᠷᠠᠨ ᠬᠥᠳᠡᠯᠦᠯᠴᠡᠵᠦ ᠂ ᠨᠡᠶᠢᠯᠡᠮᠡᠯ ᠬᠦᠴᠦᠨ ‍ᠢ ᠪᠤᠢ ᠪᠣᠯᠭᠠᠨ ᠂ ᠡᠳ᠋ ‍ᠦᠨ ᠵᠠᠰᠠᠭ ᠂ ᠤᠰᠤᠨ ᠠᠰᠢᠭᠯᠠᠯᠲᠠ ᠂ ᠲᠠᠷᠢᠶᠠᠯᠠᠩ ᠵᠡᠷᠭᠡ ᠰᠠᠯᠠᠭ᠎ᠠ ᠮᠥᠴᠢᠷ ‍ᠦᠳ ᠢᠳᠡᠪᠬᠢᠲᠡᠢ ᠳᠠᠮᠵᠢᠵᠤ ᠂ ᠥᠨᠳᠥᠷ ᠦᠷ᠎ᠡ ᠠᠰᠢᠭᠳᠣ ᠤᠰᠤ ᠠᠷᠪᠢᠯᠠᠬᠤ ᠲᠥᠷᠥᠯ ᠵᠦᠶ᠋ᠯ ‍ᠢ ᠦᠨᠡᠨᠬᠦ ᠪᠠᠲᠤᠯᠠᠬᠤ ᠬᠡᠷᠡᠭᠲᠡᠶ ᠭᠡᠰᠡᠨ ᠪᠠᠶᠢᠨ᠎ᠠ ᠃

    ᠬᠤᠷᠠᠯ ᠳᠡᠭᠡᠷ᠎ᠡ ᠂ ᠬᠠᠨ ᠭᠥᠸᠧ ᠦ᠋ ᠪᠠᠶᠢᠴᠠᠭᠠᠨ ᠰᠤᠳᠤᠯᠬᠤ ᠳᠤᠭᠤᠶᠢᠯᠠᠩ ᠤᠨ ᠦᠵᠡᠭᠦᠯᠦᠭᠰᠡᠨ ᠬᠦᠴᠦᠲᠡᠶ ᠳᠡᠮᠵᠢᠯᠭᠡ ᠪᠠ ᠬᠢᠨᠠᠨ ᠵᠢᠯᠣᠭᠣᠳᠤᠯᠭ᠎ᠠ ᠲᠠᠯᠬᠠᠷᠠᠯ ᠢᠶᠡᠨ ᠢᠯᠡᠳᠭᠡᠨ ᠵᠢᠭᠠᠵᠤ ᠭᠠᠷᠭᠠᠭᠰᠠᠨ ᠨᠢ ᠂ ᠳᠠᠷᠠᠭᠠᠴᠢ ᠶ᠋ᠢᠨ ᠠᠯᠬᠤᠮ ᠳ᠋ᠤ ᠲᠦᠩᠯᠢᠶᠣᠤ ᠬᠣᠲᠠ ᠲᠥᠪ ᠪᠠ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠰᠢᠶᠳᠪᠦᠷᠢᠲᠦ ᠪᠣᠳᠣᠯᠭ᠎ᠠ ᠲᠣᠬᠢᠷᠠᠭᠣᠯᠣᠯᠳᠠ ᠶ᠋ᠢ ᠨᠠᠷᠢᠨ ᠬᠢᠨᠠᠮᠠᠭᠠᠶ ᠨᠠᠶᠢᠳᠠᠪᠣᠷᠢᠵᠢᠭᠣᠯᠵᠣ ᠂ ᠥᠨᠳᠥᠷ ᠦᠷ᠎ᠡ ᠠᠰᠢᠭᠳᠣ ᠤᠰᠤ ᠠᠷᠪᠢᠯᠠᠬᠤ ᠂ ᠵᠣᠷᠯᠣᠩ ‍ᠤᠨ ᠬᠤᠪᠢᠰᠬᠠᠯ ᠂ ᠬᠥᠳᠡᠭᠡ ᠲᠣᠰᠬᠣᠨ ‍ᠤ ᠠᠵᠤ ᠦᠢᠯᠡᠰ ‍ᠦᠨ ᠬᠥᠭᠵᠢᠯᠲᠡ ᠵᠡᠷᠭᠡ ᠠᠵᠢᠯ ‍ᠢ ᠪᠦᠬᠦ  ᠲᠠᠯ᠎ᠠ ᠪᠡᠷ ‍ᠢᠶ᠋ᠡᠨ ᠰᠠᠶᠢᠲᠤᠷ ᠬᠢᠵᠣ ᠂ ᠠᠵᠢᠯ ᠶ᠋ᠢᠨ ᠪᠠᠷᠢᠮᠵᠢᠶ᠎ᠠ ᠶ᠋ᠢᠨ ᠲᠠᠯ᠎ᠠ ᠪᠠᠷ ᠲᠡᠷᠢᠭᠦᠨ ᠵᠡᠷᠭᠡ ᠶ᠋ᠢᠨ ᠴᠢᠩᠭ᠎ᠠ ᠬᠢᠨᠠᠯᠲᠠ ᠲᠠᠯᠪᠢᠬᠤ ᠶ᠋ᠢ ᠪᠠᠷᠢᠮᠲᠠᠯᠠᠵᠤ ᠂ ᠲᠤᠷᠰᠢᠯᠭ᠎ᠠ ᠪᠠᠨ ᠳ᠋ᠦᠩᠨᠡᠬᠦ ᠲᠠᠯ᠎ᠠ ᠪᠠᠷ ᠪᠣᠳᠠᠲᠠᠶ ᠶ᠋ᠢ ᠡᠷᠬᠢᠮᠯᠡᠭᠰᠡᠨ ᠪᠠᠶᠢᠬᠤ ᠶ᠋ᠢ ᠨᠠᠷᠢᠨ ᠨᠢᠮᠪᠠᠶ ᠪᠣᠯᠪᠠᠰᠤᠷᠠᠭᠤᠯᠵᠤ ᠂ ᠨᠠᠩ ᠥᠨᠳᠥᠷ ᠪᠠᠷᠢᠮᠵᠢᠶ᠎ᠠ ᠂ ᠨᠠᠩ ᠥᠨᠳᠥᠷ ᠦᠷ᠎ᠡ ᠪᠦᠲᠦᠮᠵᠢᠲᠡᠶ ᠂ ᠨᠠᠩ ᠥᠨᠳᠥᠷ ᠶᠠᠰᠤ ᠴᠢᠨᠠᠷ ᠲᠠᠶ ᠪᠣᠯᠭᠠᠵᠤ ᠂ ᠨᠠᠮ ‍ᠤᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠪᠣᠯᠤᠨ ᠦᠨᠳᠦᠰᠦᠲᠡᠨ ᠨᠦ᠋ᠭᠦᠳ ‍ᠦᠨ ᠣᠯᠠᠨ ᠲᠦᠮᠡᠨ ᠳ᠋ᠦ ᠨᠢᠭᠡ ᠬᠤᠪᠢ ᠬᠠᠨᠤᠮᠵᠢᠲᠠᠶ ᠰᠠᠨᠠᠯ ᠳᠡᠪᠰᠢᠭᠦᠯᠬᠦ ᠪᠡᠷ ᠴᠢᠷᠮᠠᠶᠢᠬᠣ ᠬᠡᠷᠡᠭᠲᠡᠢ ᠭᠡᠰᠡᠨ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ