ᠪᠥᠬᠥ ᠬᠣᠲᠠ ᠶ᠋ᠢᠨ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ᠪᠠᠶᠢᠷᠢ ᠶ᠋ᠢᠨ ᠬᠤᠷᠠᠯ ᠮᠠᠨ ‍ᠤ ᠬᠣᠰᠢᠭᠤᠨ ᠳ᠋ᠤ ᠬᠣᠷᠠᠯᠳᠣᠭᠰᠠᠨ

ᠣᠩᠰᠢᠭᠰᠠᠨ ᠤᠳᠠᠭ᠎ᠠ ᠄ 1583     ᠨᠡᠶᠢᠳᠡᠯᠡᠭᠰᠡᠨ ᠴᠠᠭ ᠄ 2019/8/30 15:28:52

  
       8 ᠳ᠋ᠣᠭᠠᠷ ᠰᠠᠷ᠎ᠠ ᠶ᠋ᠢᠨ 23 ‍ᠦ ᠡᠳᠦᠷ ᠂ ᠲᠦᠩᠯᠢᠶᠣᠤ ᠬᠣᠲᠠ ᠶ᠋ᠢᠨ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ᠤᠨ ᠬᠤᠷᠠᠯ ᠮᠠᠨ ‍ᠤ ᠬᠣᠰᠢᠭᠤᠨ ᠳ᠋ᠤ ᠬᠤᠷᠠᠯᠳᠤᠵᠤ ᠂ ᠬᠣᠲᠠ ᠶ᠋ᠢᠨ ᠨᠠᠮ ᠤᠨ ᠬᠣᠷᠢᠶᠠᠨ ᠤ ᠪᠠᠶᠢᠩᠭᠣ ᠶ᠋ᠢᠨ ᠬᠡᠰᠢᠬᠦᠨ ᠂ ᠵᠣᠬᠢᠶᠠᠨ ᠪᠠᠶᠢᠭᠤᠯᠬᠤ ᠬᠡᠯᠲᠡᠰ ‍ᠦᠨ ᠳᠠᠷᠤᠭ᠎ᠠ ᠣᠷᠭᠢᠯ ᠬᠤᠷᠠᠯ ᠳ᠋ᠤ ᠣᠷᠣᠯᠴᠠᠬᠣ ᠶ᠋ᠢᠨ ᠬᠠᠮᠳᠣ ᠶᠠᠷᠢᠶ᠎ᠠ ᠲᠠᠯᠪᠢᠪᠠ ᠃

      ᠬᠤᠷᠠᠯ ᠳ᠋ᠤ ᠣᠷᠣᠯᠴᠠᠭᠰᠠᠳ ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠵᠠᠮ ᠬᠠᠷᠢᠯᠴᠠᠭᠠᠨ ‍ᠤ ᠴᠠᠭᠳᠠᠭ᠎ᠠ ᠶ᠋ᠢᠨ ᠶᠡᠬᠡ ᠠᠩᠭᠢ ᠂ ᠬᠣᠰᠢᠭᠤᠨ ‍ᠤ ᠵᠠᠰᠠᠭ ᠤᠨ ᠶᠠᠪᠤᠳᠠᠯ ‍ᠤᠨ ᠦᠶ᠋ᠯᠡᠴᠢᠯᠡᠭᠡᠨ ‍ᠦ ᠲᠥᠪ ᠂ ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠬᠢᠨᠠᠨ ᠬᠠᠮᠢᠶᠠᠷᠬᠤ ᠶᠡᠬᠡ ᠠᠩᠭᠢ ᠂ ᠬᠣᠰᠢᠭᠤᠨ ‍ᠤ ᠠᠷᠠᠳ ‍ᠤᠨ ᠡᠮᠨᠡᠯᠭᠡ ᠶ᠋ᠢᠨ ᠬᠣᠷᠢᠶ᠎ᠠ ᠂ ᠬᠣᠰᠢᠭᠤᠨ ‍ᠤ ᠭᠠᠶᠢᠯᠢ ᠶ᠋ᠢᠨ ᠶᠠᠪᠤᠳᠠᠯ ‍ᠤᠨ ᠲᠣᠪᠴᠢᠶ᠎ᠠ ᠂ ᠬᠣᠰᠢᠭᠤᠨ ‍ᠤ ᠠᠷᠠᠳ ‍ᠤᠨ ᠪᠠᠶᠢᠴᠠᠭᠠᠬᠤ ᠬᠣᠷᠢᠶ᠎ᠠ ᠵᠡᠷᠭᠡ 8 ᠪᠠᠶᠢᠭᠤᠯᠭ᠎ᠠ ᠨᠢᠭᠡᠴᠢ ᠶ᠋ᠢ ᠲᠤᠬᠠᠶ ᠶ᠋ᠢᠨ ᠭᠠᠵᠠᠷ ᠲᠤ ᠲᠣᠭᠣᠷᠢᠨ ᠦᠵᠡᠪᠡ ᠃

      ᠡᠨᠡ ᠵᠢᠯ ᠡᠴᠡ ᠂ ᠮᠠᠨ ‍ᠤ ᠬᠣᠰᠢᠭᠤ ᠨᠠᠮ ‍ᠤᠨ ᠲᠥᠪ ᠬᠣᠷᠢᠶᠠᠨ ‍ᠤ 《 ᠲᠥᠪ ᠪᠠ ᠲᠥᠷᠥ ᠶ᠋ᠢᠨ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ 》 ᠪᠠ ᠰᠢ ᠶ᠋ᠢᠨ ᠫᠢᠩ ᠶᠡᠷᠦᠩᠬᠡᠶ ᠱᠦᠵᠢ ᠶ᠋ᠢᠨ ᠲᠥᠪ ᠪᠠ ᠲᠥᠷᠥ ᠶ᠋ᠢᠨ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠬᠤᠷᠠᠯ ᠳᠡᠭᠡᠷᠡᠬᠢ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠰᠢᠯᠠᠭᠤᠯᠵᠤ ᠂ ᠠᠵᠢᠯ ‍ᠤᠨ ᠰᠡᠳᠬᠢᠴᠡ ᠪᠠ ᠠᠷᠭ᠎ᠠ ᠪᠠᠷᠢᠯ ᠢᠶ᠋ᠡᠨ ᠲᠠᠰᠤᠷᠠᠯᠲᠠ ᠥᠬᠡᠶ ᠰᠢᠨᠡᠳᠬᠡᠵᠦ ᠂ ᠬᠣᠰᠢᠭᠤᠨ ‍ᠤ ᠠᠷᠠᠳ ‍ᠤᠨ ᠡᠮᠨᠡᠯᠭᠡ ᠶ᠋ᠢᠨ ᠬᠣᠷᠢᠶ᠎ᠠ ᠶ᠋ᠢᠨ ᠨᠠᠮ ‍ᠤᠨ ᠬᠣᠷᠢᠶ᠎ᠠ ᠶ᠋ᠢᠨ 《 1 + 7 + n 》 ᠂ ᠬᠣᠰᠢᠭᠤᠨ ‍ᠤ ᠠᠷᠠᠳ ‍ᠤᠨ ᠪᠠᠶᠢᠴᠠᠭᠠᠬᠤ ᠬᠣᠷᠢᠶ᠎ᠠ ᠶ᠋ᠢᠨ ᠪᠠᠶᠢᠭᠤᠯᠭ᠎ᠠ ᠶ᠋ᠢᠨ ᠨᠠᠮ ‍ᠤᠨ ᠬᠣᠷᠢᠶ᠎ᠠ ᠶ᠋ᠢᠨ 《 ᠵᠢᠷᠭᠤᠭᠠᠵᠢᠯᠲᠠ ᠭᠤᠷᠪᠠ ᠶ᠋ᠢ ᠤᠶᠠᠯᠳᠤᠭᠤᠯᠬᠤ 》 ᠵᠡᠷᠭᠡ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠲᠥᠷᠥᠯ ᠲᠡᠮᠳᠡᠭ ‍ᠢ ᠪᠦᠷᠢᠯᠳᠦᠭᠦᠯᠵᠦ ᠂ ᠨᠠᠮ ‍ᠤᠨ ᠲᠥᠪ ᠬᠣᠷᠢᠶ᠎ᠠ ᠶ᠋ᠢ ᠰᠡᠳᠬᠢᠯ ᠠᠮᠤᠷ ᠂ ᠠᠷᠠᠳ ᠣᠯᠠᠨ ‍ᠢ ᠰᠡᠳᠬᠢᠯ ᠬᠠᠨᠤᠮᠵᠢᠲᠠᠶ ᠵᠢᠱᠢᠶᠡᠴᠢ ᠪᠠᠶᠢᠭᠤᠯᠭ᠎ᠠ ᠶ᠋ᠢ ᠬᠦᠴᠦᠯᠡᠨ ᠪᠠᠶᠢᠭᠣᠯᠵᠣ ᠪᠠᠶᠢᠨ᠎ᠠ ᠃

     ᠲᠣᠭᠣᠷᠢᠨ ᠦᠵᠡᠵᠦ ᠳᠠᠭᠤᠰᠤᠭᠰᠠᠨ ‍ᠤ ᠳᠠᠷᠠᠭ᠎ᠠ ᠂ ᠬᠤᠷᠠᠯ ᠳ᠋ᠤ ᠣᠷᠣᠯᠴᠠᠭᠰᠠᠳ ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ‍ᠤ ᠶᠡᠬᠡ ᠲᠢᠩᠬᠢᠮ ᠳ᠋ᠦ 《 ᠡᠪ ᠬᠠᠮᠳᠣᠴᠣᠳ ᠤᠨ ᠤᠭ ᠰᠠᠨᠠᠭ᠎ᠠ 》 ᠭᠡᠬᠦ ᠲᠤᠰᠬᠠᠶ ᠰᠡᠳᠦᠪᠲᠦ ᠨᠠᠮ ‍ᠤᠨ ᠬᠢᠴᠢᠶᠡᠯ ‍ᠢ ᠬᠠᠮᠲᠤ ᠪᠠᠷ ᠰᠣᠨᠣᠰᠴᠠᠢ ᠃

       ᠬᠤᠷᠠᠯ ᠳᠡᠭᠡᠷ᠎ᠡ ᠂ ᠬᠣᠰᠢᠭᠤᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠬᠣᠰᠢᠭᠤᠨ ‍ᠤ ᠨᠠᠮ ‍ᠤᠨ ᠬᠣᠷᠢᠶ᠎ᠠ ᠵᠠᠰᠠᠭ ᠤᠨ ᠣᠷᠳᠣᠨ ‍ᠢ ᠲᠥᠯᠥᠭᠡᠯᠡᠨ ᠪᠠᠶᠠᠷ ‍ᠤᠨ ᠶᠠᠷᠢᠶ᠎ᠠ ᠳᠠᠯᠪᠢᠵᠣ ᠂ ᠨᠠᠶᠮᠠᠨ ᠬᠣᠰᠢᠭᠤᠨ ‍ᠤ ᠨᠠᠮ ‍ᠤᠨ ᠬᠣᠷᠢᠶᠠᠨ ‍ᠤ ᠵᠣᠬᠢᠶᠠᠨ ᠪᠠᠶᠢᠭᠤᠯᠬᠤ ᠬᠡᠯᠲᠡᠰ ᠂ ᠬᠣᠲᠠ ᠶ᠋ᠢᠨ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠵᠥᠪᠯᠡᠯ ᠂ ᠬᠣᠲᠠ ᠶ᠋ᠢᠨ ᠵᠠᠰᠠᠭ ᠤᠨ ᠶᠠᠪᠤᠳᠠᠯ ‍ᠤᠨ ᠦᠶ᠋ᠯᠡᠴᠢᠯᠡᠭᠡᠨ ‍ᠦ ᠲᠥᠪ ᠪᠣᠯᠤᠨ ᠣᠯᠠᠨ ᠨᠡᠢᠲᠡ ᠶ᠋ᠢᠨ ᠡᠬᠢ ᠪᠠᠶᠠᠯᠢᠭ ‍ᠤᠨ ᠠᠷᠠᠯᠵᠢᠶᠠᠨ ‍ᠤ ᠲᠥᠪ ᠂ ᠬᠣᠣᠯᠢᠩᠭᠣᠯ ᠬᠣᠲᠠ ᠶ᠋ᠢᠨ ᠠᠷᠠᠳ ‍ᠤᠨ ᠪᠠᠶᠢᠴᠠᠭᠠᠬᠤ ᠬᠣᠷᠢᠶ᠎ᠠ ᠂ ᠬᠣᠷᠴᠢᠨ ᠲᠣᠭᠣᠷᠢᠭ ‍ᠤᠨ ᠰᠢᠭᠣᠳ ᠬᠠᠷᠢᠶ᠎ᠠ ᠪᠠᠶᠢᠭᠣᠯᠭ᠎ᠠ ᠶ᠋ᠢᠨ ᠨᠠᠮ ‍ᠤᠨ ᠠᠵᠢᠯᠯᠠᠬᠤ ᠬᠣᠷᠢᠶ᠎ᠠ ᠵᠡᠷᠭᠡ ᠲᠣᠰ ᠲᠣᠰ ᠰᠠᠨᠠᠯ ᠢᠶᠡᠨ ᠰᠣᠯᠢᠯᠴᠠᠬᠤ ᠶᠠᠷᠢᠶ᠎ᠠ ᠳᠠᠯᠪᠢᠭᠰᠠᠨ ᠪᠠᠶᠢᠨ᠎ᠠ ᠃

       ᠬᠣᠲᠠ ᠶ᠋ᠢᠨ ᠨᠠᠮ ᠤᠨ ᠬᠣᠷᠢᠶᠠᠨ ᠤ ᠪᠠᠶᠢᠩᠭᠣ ᠶ᠋ᠢᠨ ᠬᠡᠰᠢᠬᠦᠨ ᠂ ᠵᠣᠬᠢᠶᠠᠨ ᠪᠠᠶᠢᠭᠤᠯᠬᠤ ᠬᠡᠯᠲᠡᠰ ‍ᠦᠨ ᠳᠠᠷᠤᠭ᠎ᠠ ᠣᠷᠭᠢᠯ ᠴᠢᠬᠤᠯᠠᠴᠢᠯᠠᠭᠰᠠᠨ ᠨᠢ ᠂ ᠡᠯ᠎ᠡ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠬᠠᠷᠠᠯᠲᠠ ᠶ᠋ᠢᠨ ᠤᠳᠤᠷᠢᠳᠤᠮᠵᠢ ᠶ᠋ᠢ ᠪᠠᠲᠤ ᠪᠤᠢ ᠪᠣᠯᠭᠠᠵᠤ ᠂ ᠪᠥᠬᠥ ᠬᠣᠲᠠ ᠶ᠋ᠢᠨ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠭᠣᠤᠯᠳᠠᠯᠭ᠎ᠠ ᠲᠠᠶ ᠡᠭᠦᠷᠭᠡ ᠶ᠋ᠢ ᠨᠠᠶᠢᠳᠠᠪᠣᠷᠢᠵᠢᠭᠣᠯᠣᠨ ᠪᠣᠳᠠᠲᠠᠶᠢᠵᠢᠭᠤᠯᠬᠤ ᠶ᠋ᠢ ᠬᠦᠴᠦᠯᠡᠨ ᠠᠬᠢᠭᠤᠯᠬᠤ ᠬᠡᠷᠡᠭᠲᠡᠶ ᠃ ᠨᠠᠮ ‍ᠤᠨ ᠤᠯᠤᠰ ᠲᠥᠷᠦ ᠶ᠋ᠢᠨ ᠪᠠᠶᠢᠭᠤᠯᠤᠯᠲᠠ ᠶ᠋ᠢ ᠦᠨᠡᠨ ᠬᠦ ᠲᠡᠷᠢᠭᠦᠨ ᠪᠠᠶᠢᠷᠢᠨ ᠳ᠋ᠤ ᠲᠠᠯᠪᠢᠵᠤ ᠂ ᠡᠯ᠎ᠡ ᠱᠠᠲᠤᠨ ‍ᠤ ᠪᠠᠶᠢᠭᠤᠯᠭ᠎ᠠ ᠨᠢᠭᠡᠴᠡ ᠤᠯᠤᠰ ᠲᠥᠷᠦ ᠶ᠋ᠢᠨ ᠪᠠᠶᠢᠭᠤᠯᠭ᠎ᠠ ᠶ᠋ᠢᠨ ᠰᠢᠨᠵᠢ ᠴᠢᠨᠠᠷ ᠢ ᠳᠣᠪᠣᠶᠢᠯᠭᠠᠵᠤ ᠂ ᠲᠦᠷᠦᠭᠦᠯᠡᠨ 《 ᠬᠣᠶᠠᠷ ‍ᠢ ᠬᠠᠮᠠᠭᠠᠯᠠᠬᠤ 》 ᠵᠢ ᠪᠡᠶᠡᠯᠡᠭᠦᠯᠬᠦ ᠪᠡᠷ ᠭᠣᠤᠯ ᠡᠭᠦᠷᠭᠡ ᠪᠣᠯᠭᠠᠵᠤ ᠂ ᠤᠬᠠᠮᠰᠠᠷ ᠡᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶ᠋ᠢᠨ ᠲᠠᠯ᠎ᠠ ᠪᠠᠷ ᠰᠢ ᠶ᠋ᠢᠨ ᠫᠢᠩ ᠨᠥᠬᠥᠷ ‍ᠢᠶ᠋ᠡᠷ ᠭᠣᠤᠯ ᠪᠣᠯᠭᠠᠭᠰᠠᠨ ᠨᠠᠮ ‍ᠤᠨ ᠲᠥᠪ ᠬᠣᠷᠢᠶ᠎ᠠ ᠲᠠᠶ ᠳᠡᠭᠡᠳᠦ ᠬᠡᠮᠵᠢᠶ᠎ᠡ ᠪᠡᠷ ᠨᠢᠭᠡᠳᠦᠯᠲᠡᠶ ᠪᠠᠶᠢᠬᠣ ᠬᠡᠷᠡᠭᠲᠡᠶ ᠃ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠳᠣᠪᠣᠶᠢᠮ᠎ᠠ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶ᠋ᠢ ᠦᠷᠭᠦᠯᠵᠢᠯᠡᠨ ᠬᠦᠨᠵᠡᠬᠡᠶᠢᠷᠡᠬᠦᠯᠵᠦ ᠂ ᠪᠠᠶᠢᠭᠤᠯᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠶᠡᠬᠡ ᠪᠠᠶᠢᠴᠠᠭᠠᠨ ᠰᠤᠳᠤᠯᠤᠯᠲᠠ ᠳ᠋ᠤ ᠬᠠᠷᠢᠭᠤ ᠲᠤᠰᠬᠠᠭᠰᠠᠨ ᠠᠰᠠᠭᠤᠳᠠᠯ ᠳ᠋ᠤ ᠂ ᠡᠯ᠎ᠡ ᠨᠢᠭᠡᠴᠡ ᠳᠠᠩᠰᠠᠨ ᠬᠡᠯᠪᠡᠷᠢ ᠪᠡᠷ ᠬᠠᠮᠢᠶᠠᠷᠬᠤ ᠂ ᠲᠥᠷᠥᠯ ᠵᠦᠶ᠋ᠯ ‍ᠢᠶ᠋ᠡᠷ ᠠᠬᠢᠭᠤᠯᠬᠤ ᠶ᠋ᠢ ᠬᠡᠷᠡᠭᠵᠢᠭᠦᠯᠵᠦ ᠂ ᠥᠪᠡᠷ ‍ᠦᠨ ᠪᠡᠶ᠎ᠡ ᠳ᠋ᠡᠭᠡᠨ ᠲᠤᠶᠢᠯᠪᠤᠷᠢᠲᠠᠶ ᠬᠤᠪᠢᠰᠬᠠᠯ ᠬᠢᠬᠦ ᠵᠣᠷᠢᠭ ᠰᠠᠨᠠᠭ᠎ᠠ ᠪᠠᠷ 8 ᠰᠠᠷ᠎ᠠ ᠶ᠋ᠢᠨ ᠰᠡᠭᠦᠯᠴᠢ ᠡᠴᠡ ᠡᠮᠦᠨ᠎ᠡ ᠴᠡᠭᠴᠡᠯᠡᠨ ᠰᠠᠶᠢᠵᠢᠷᠠᠭᠤᠯᠬᠤ ᠡᠭᠦᠷᠭᠡ ᠪᠡᠨ ᠪᠦᠬᠦᠨ ‍ᠢ ᠪᠡᠶᠡᠯᠡᠭᠦᠯᠬᠦ ᠶ᠋ᠢ ᠪᠠᠲᠤᠯᠠᠬᠤ ᠬᠡᠷᠡᠭᠲᠡᠶ ᠃ ᠲᠦᠷᠦᠭᠦᠯᠡᠨ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠰᠠᠶᠢᠲᠤᠷ ᠲᠥᠯᠥᠪᠵᠢᠭᠦᠯᠦᠨ ᠥᠷᠨᠢᠭᠦᠯᠬᠦ ᠬᠡᠷᠡᠭᠲᠡᠶ ᠃ ᠡᠯ᠎ᠡ ᠪᠠᠶᠢᠭᠤᠯᠭ᠎ᠠ ᠨᠢᠭᠡᠴᠡ ᠶ᠋ᠢᠨ ᠨᠠᠮ ‍ᠤᠨ ᠵᠣᠬᠢᠶᠠᠨ ᠪᠠᠢᠭᠤᠯᠤᠯᠲᠠ ᠶᠡᠬᠡ ᠪᠠᠶᠢᠴᠠᠭᠠᠨ ᠰᠤᠳᠤᠯᠤᠯᠲᠠ ᠂ ᠶᠡᠬᠡ ᠰᠤᠷᠪᠤᠯᠵᠢᠯᠠᠭ᠎ᠠ ᠂ ᠶᠡᠬᠡ ᠴᠡᠭᠴᠡᠯᠡᠨ ᠰᠠᠶᠢᠵᠢᠷᠠᠭᠤᠯᠬᠤ ᠠᠵᠢᠯ ‍ᠢ ᠤᠷᠢᠳᠴᠢᠯᠠᠨ ᠥᠷᠨᠢᠭᠦᠯᠵᠦ ᠂ ᠳᠠᠷᠠᠭᠠᠴᠢ ᠶ᠋ᠢᠨ ᠠᠯᠬᠤᠮ ᠳ᠋ᠤ ᠭᠣᠤᠯ ᠰᠡᠳᠦᠪᠲᠦ ᠰᠤᠷᠭᠠᠨ ᠬᠥᠮᠦᠵᠢᠯ ‍ᠢ ᠰᠠᠶᠢᠲᠤᠷ ᠥᠷᠨᠢᠭᠦᠯᠬᠦ ᠳ᠋ᠦ ᠰᠠᠭᠤᠷᠢ ᠶ᠋ᠢ ᠰᠠᠶᠢᠲᠤᠷ ᠲᠠᠯᠪᠢᠬᠤ ᠬᠡᠷᠡᠭᠲᠡᠶ ᠃ ᠪᠠᠶᠢᠭᠤᠯᠭ᠎ᠠ ᠶ᠋ᠢᠨ ᠦᠨᠳᠦᠰᠦᠨ ᠱᠠᠲᠤᠨ ‍ᠤ ᠨᠠᠮ ‍ᠤᠨ ᠡᠭᠦᠷ ‍ᠦᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶ᠋ᠢᠨ ᠪᠠᠶᠢᠭᠤᠯᠤᠯᠲᠠ ᠶ᠋ᠢ ᠦᠨᠡᠨ ᠬᠦ ᠴᠢᠩᠭᠠᠳᠬᠠᠵᠤ ᠂ 《 ᠳᠤᠮᠳᠠᠳᠤ ᠤᠯᠤᠰ ᠤᠨ ᠡᠪ ᠬᠠᠮᠲᠤ ᠨᠠᠮ ‍ᠤᠨ ᠡᠭᠦᠷ ‍ᠦᠨ ᠠᠵᠢᠯ ‍ᠤᠨ ᠳᠦᠷᠢᠮ 》 ‍ᠢ ᠬᠢᠨᠠᠮᠠᠭᠠᠶ ᠲᠤᠤᠱᠯᠠᠭᠤᠯᠤᠨ ᠨᠠᠶᠢᠳᠠᠪᠣᠷᠢᠵᠢᠭᠣᠯᠵᠣ ᠂ 《 ᠶᠠᠰᠤ ᠴᠢᠨᠠᠷ ᠤᠨ ᠨᠠᠮ ‍ᠤᠨ ᠪᠠᠶᠢᠭᠤᠯᠤᠯᠲᠠ 》 ᠶ᠋ᠢᠨ ᠠᠵᠢᠯ ‍ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ ᠃ ᠡᠯ᠎ᠡ ᠪᠠᠶᠢᠭᠤᠯᠭ᠎ᠠ ᠨᠢᠭᠡᠴᠢ ᠶ᠋ᠢᠨ ᠨᠠᠮ ‍ᠤᠨ ᠵᠣᠬᠢᠶᠠᠨ ᠪᠠᠶᠢᠭᠤᠯᠤᠯᠲᠠ ᠬᠣᠲᠠ ᠶ᠋ᠢᠨ ᠨᠠᠮ ‍ᠤᠨ ᠬᠣᠷᠢᠶᠠᠨ ‍ᠤ ᠪᠠᠶᠢᠷᠢᠯᠠᠭᠤᠯᠤᠯᠲᠠ ᠶ᠋ᠢᠨ ᠱᠠᠭᠠᠷᠳᠠᠯᠭ᠎ᠠ ᠶᠣᠰᠣᠭᠠᠷ ᠂ ᠡᠭᠦᠳᠦᠨ ᠪᠠᠶᠢᠭᠤᠯᠬᠤ ᠪᠠᠷᠢᠮᠵᠢᠶ᠎ᠠ ᠲᠠᠶ ᠬᠠᠷᠢᠴᠠᠭᠤᠯᠤᠨ ᠂ ᠡᠭᠦᠳᠦᠨ ᠪᠦᠲᠦᠭᠡᠬᠦ ᠡᠷᠴᠢᠮ ‍ᠢᠶ᠋ᠡᠨ ᠴᠢᠩᠭᠠᠷᠠᠭᠤᠯᠵᠤ ᠂ ᠨᠢᠭᠡ ᠪᠦᠯᠦᠭ ᠳᠡᠷᠢᠬᠦᠨ ᠦ ᠨᠡᠶᠢᠳᠡᠯᠢᠭ ᠵᠢᠱᠢᠶ᠎ᠡ ᠶ᠋ᠢ ᠰᠣᠩᠭᠣᠨ ᠪᠠᠶᠢᠭᠤᠯᠬᠤ ᠬᠡᠷᠡᠭᠲᠡᠶ ᠃ ᠨᠠᠮ ᠪᠠ ᠣᠯᠠᠨ ᠲᠦᠮᠡᠨ ‍ᠦ ᠦᠶ᠋ᠯᠡᠴᠢᠯᠡᠭᠡᠨ ‍ᠦ ᠲᠥᠪ ‍ᠦᠨ ᠪᠠᠶᠢᠭᠤᠯᠤᠯᠲᠠ ᠶ᠋ᠢ ᠶᠡᠬᠡᠪᠡᠷ ᠠᠬᠢᠭᠣᠯᠬᠣ ᠬᠡᠷᠡᠭᠳᠡᠢ ᠃ ᠨᠠᠮ ᠪᠠ ᠣᠯᠠᠨ ᠲᠦᠮᠡᠨ ‍ᠦ ᠦᠶᠯᠡᠴᠢᠯᠡᠭᠡᠨ ‍ᠦ ᠲᠥᠪ ‍ᠢ ᠪᠠᠶᠢᠭᠤᠯᠬᠤ ᠪᠣᠯ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠬᠥᠭᠵᠢᠯᠲᠡ ᠶ᠋ᠢᠨ ᠬᠡᠷᠡᠭᠴᠡᠭᠡ ᠳ᠋ᠦ ᠵᠣᠬᠢᠴᠠᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠪᠠᠶᠢᠵᠣ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠵᠣᠬᠢᠶᠠᠨ ᠪᠠᠶᠢᠭᠤᠯᠬᠤ ᠬᠡᠯᠲᠡᠰ ᠡᠴᠡ ᠂ 9 ᠳ᠋ᠦ᠋ᠭᠡᠷ ᠰᠠᠷ᠎ᠠ ᠶ᠋ᠢᠨ ᠰᠡᠭᠦᠯᠴᠢ ᠡᠴᠡ ᠡᠮᠦᠨ᠎ᠡ ᠂ ᠡᠯ᠎ᠡ ᠬᠣᠰᠢᠭᠤ ᠰᠢᠶᠠᠨ ᠬᠣᠲᠠ ᠲᠣᠭᠣᠷᠢᠭ ᠵᠢᠴᠢ ᠪᠦᠬᠦᠶᠢᠯᠡ ᠦᠶᠯᠡᠴᠢᠯᠡᠭᠡᠨ ‍ᠦ ᠨᠢᠭᠡᠴᠡ ᠪᠦᠲᠦᠭᠡᠨ ᠪᠠᠶᠢᠭᠤᠯᠤᠯᠲᠠ ᠶ᠋ᠢᠨ ᠡᠭᠦᠷᠭᠡ ᠪᠡᠨ ᠲᠣᠭ᠎ᠠ ᠬᠡᠮᠵᠢᠶ᠎ᠡ ᠶ᠋ᠢ ᠪᠠᠲᠤᠯᠠᠨ ᠪᠡᠶᠡᠯᠡᠭᠦᠯᠵᠦ ᠂ ᠪᠦᠬᠦᠨ ‍ᠢ ᠫᠠᠶᠢᠰᠠ ᠡᠯᠭᠦᠬᠦ ᠶ᠋ᠢ ᠪᠡᠶᠡᠯᠡᠭᠦᠯᠬᠦ ᠶ᠋ᠢ ᠲᠣᠳᠣᠷᠬᠠᠶ ᠱᠠᠭᠠᠷᠳᠠᠭᠰᠠᠨ ᠪᠠᠶᠢᠨ᠎ᠠ ᠬᠡᠵᠡᠢ ᠃

       ᠣᠷᠭᠢᠯ ᠱᠠᠭᠠᠷᠳᠠᠭᠰᠠᠨ ᠨᠢ ᠂ ᠡᠯ᠎ᠡ ᠱᠠᠲᠤᠨ ‍ᠤ ᠨᠠᠮ ‍ᠤᠨ ᠵᠣᠬᠢᠶᠠᠨ ᠪᠠᠶᠢᠭᠣᠯᠣᠯᠳᠠ ᠤᠯᠤᠰ ᠲᠥᠷᠥ ᠶ᠋ᠢᠨ ᠬᠡᠪ ᠴᠢᠨᠠᠷ ᠢᠶᠡᠨ ᠦᠨᠡᠨᠬᠦ ᠳᠡᠭᠡᠭᠰᠢᠯᠡᠭᠦᠯᠵᠦ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠤᠱᠯᠠᠭᠤᠯᠬᠤ ᠬᠡᠷᠡᠭᠲᠡᠶ ᠃ ᠡᠯ᠎ᠡ ᠱᠠᠲᠤᠨ ‍ᠤ ᠪᠠᠶᠢᠭᠤᠯᠭ᠎ᠠ ᠨᠢᠭᠡᠴᠢ ᠶ᠋ᠢᠨ ᠨᠠᠮ ‍ᠤᠨ ᠤᠳᠤᠷᠢᠳᠬᠤ ᠳᠤᠭᠤᠶᠢᠯᠠᠩ ( ᠨᠠᠮ ‍ᠤᠨ ᠬᠣᠷᠢᠶ᠎ᠠ ) ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢ ᠡᠷᠬᠡᠪᠰᠢ ᠲᠡᠷᠢᠭᠦᠨ ᠳ᠋ᠦ ᠲᠠᠯᠪᠢᠵᠤ ᠂ ᠦᠯᠢᠭᠡᠷ ᠳᠠᠭᠤᠷᠢᠶᠠᠯ ᠪᠣᠯᠬᠤ ᠬᠡᠷᠡᠭᠲᠡᠶ ᠃ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠡᠭᠦᠷᠭᠡ ᠬᠠᠷᠢᠭᠤᠴᠠᠯᠭ᠎ᠠ ᠂ ᠪᠠᠶᠢᠭᠤᠯᠤᠯᠭ᠎ᠠ ᠪᠣᠯ ᠡᠩ ᠲᠡᠷᠢᠭᠦᠨ ᠳ᠋ᠦ ᠤᠯᠤᠰ ᠲᠥᠷᠦ ᠶ᠋ᠢᠨ ᠪᠠᠶᠢᠭᠤᠯᠭ᠎ᠠ ᠶ᠋ᠢᠨ ᠤᠯᠤᠰ ᠲᠥᠷᠦ ᠶ᠋ᠢᠨ ᠰᠢᠨᠵᠢ ᠴᠢᠨᠠᠷ ᠪᠣᠯᠬᠣ ᠂ ᠪᠠᠶᠢᠭᠤᠯᠭ᠎ᠠ ᠶ᠋ᠢᠨ 《 ᠳ᠋ᠧᠩ ‍ᠦᠨ ᠳᠣᠤᠷᠠᠬᠢ ᠬᠠᠷᠠᠩᠭᠤᠶ 》 ᠠᠰᠠᠭᠤᠳᠠᠯ ‍ᠢ ᠰᠢᠶᠳᠪᠦᠷᠢᠯᠡᠬᠦ ᠪᠣᠳᠠᠲᠠᠶ ᠲᠤᠯᠭᠠᠮ᠎ᠠ ᠴᠢᠨᠠᠷ ᠂ ᠰᠢᠨ᠎ᠡ ᠴᠠᠭ ᠦᠶ᠎ᠡ ᠶ᠋ᠢᠨ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢ ᠠᠬᠢᠭᠤᠯᠬᠤ ᠭᠣᠤᠯᠳᠠᠯᠭ᠎ᠠ ᠲᠠᠶ ᠪᠠᠶᠢᠷᠢᠯᠠᠭᠤᠯᠤᠯᠲᠠ ᠶ᠋ᠢ ᠬᠦᠨᠵᠡᠬᠡᠢ ᠣᠶᠢᠯᠠᠭᠠᠵᠣ ᠂ 《 ᠭᠤᠷᠪᠠᠨ ᠦᠯᠢᠭᠡᠷ ᠳᠠᠭᠤᠷᠢᠶᠠᠯ 》 ‍ᠢ ᠦᠶ᠋ᠯᠡᠳᠦᠯᠭᠡᠵᠢᠭᠦᠯᠬᠦ ᠂ ᠵᠢᠱᠢᠶᠡᠴᠢ ᠪᠠᠶᠢᠭᠤᠯᠭ᠎ᠠ ᠶ᠋ᠢ ᠪᠠᠶᠢᠭᠣᠯᠬᠣ ᠳ᠋ᠤ ᠨᠠᠩ ᠶᠡᠬᠡ ᠬᠦᠴᠦ ᠣᠷᠣᠭᠤᠯᠵᠤ ᠂ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠴᠢᠨᠠᠷ ᠰᠠᠶᠢᠲᠠᠶ ᠬᠥᠭᠵᠢᠯᠲᠡ ᠶ᠋ᠢ ᠠᠬᠢᠭᠣᠯᠬᠣ ᠬᠡᠷᠡᠭᠳᠡᠢ ᠭᠡᠯ᠎ᠡ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ