ᠵᠠᠩ ᠬᠤᠸᠠ ᠱᠦᠵᠢ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠂ ᠵᠥᠷᠢᠴᠡᠯ ‍ᠢ ᠣᠯᠠᠨ ᠡᠰᠢᠵᠢᠬᠦᠯᠦᠨ ᠰᠢᠶᠳᠪᠦᠷᠢᠯᠡᠬᠦ ᠂ ᠠᠶᠤᠯᠭᠦᠶ ᠦᠶ᠋ᠯᠡᠳᠪᠦᠷᠢᠯᠡᠯ ᠵᠡᠷᠭᠡ ᠠᠵᠢᠯ ᠳ᠋ᠥ ᠪᠠᠶᠢᠴᠠᠭᠠᠨ ᠵᠢᠯᠣᠭᠣᠳᠣᠯᠭ᠎ᠠ ᠬᠢᠭᠰᠡᠨ

ᠣᠩᠰᠢᠭᠰᠠᠨ ᠤᠳᠠᠭ᠎ᠠ ᠄ 1380     ᠨᠡᠶᠢᠳᠡᠯᠡᠭᠰᠡᠨ ᠴᠠᠭ ᠄ 2019/8/30 15:34:33


       8 ᠳ᠋ᠣᠭᠠᠷ ᠰᠠᠷ᠎ᠠ ᠶ᠋ᠢᠨ 20 ‍ᠦ ᠡᠳᠦᠷ ᠂ ᠬᠣᠰᠢᠭᠣᠨ ᠦ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠨᠠᠷ ᠳ᠋ᠦᠩ ᠮᠢᠩ ᠪᠠᠯᠭᠠᠰᠤᠨ ᠳ᠋ᠤ ᠭᠦᠨᠵᠡᠭᠡᠶᠢᠷᠡᠨ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠂ ᠵᠥᠷᠢᠴᠡᠯ ‍ᠢ ᠣᠯᠠᠨ ᠡᠰᠢᠵᠢᠬᠦᠯᠦᠨ ᠰᠢᠶᠳᠪᠦᠷᠢᠯᠡᠬᠦ ᠂ ᠠᠶᠤᠯᠭᠦᠶ ᠦᠶᠯᠡᠳᠪᠦᠷᠢᠯᠡᠯ ᠵᠡᠷᠭᠡ ᠠᠵᠢᠯ ‍ᠢ ᠪᠠᠶᠢᠴᠠᠭᠠᠨ ᠵᠢᠯᠣᠭᠣᠳᠴᠤ ᠂ ᠪᠠᠯᠭᠠᠰᠣ ᠭᠠᠴᠠᠭᠠᠨ ‍ᠤ ᠺᠠᠳ᠋ᠷ ᠲᠠᠶ ᠦᠵᠡᠯ ᠰᠠᠨᠠᠭ᠎ᠠ ᠪᠠ ᠠᠵᠢᠯ ᠢᠶᠡᠨ ᠰᠣᠯᠢᠯᠴᠠᠵᠤ ᠂ ᠬᠠᠮᠲᠤ ᠪᠠᠷ ᠠᠰᠠᠭᠤᠳᠠᠯ ‍ᠢ ᠰᠢᠶᠳᠪᠦᠷᠢᠯᠡᠨ ᠂ ᠦᠨᠳᠦᠰᠦᠨ ᠱᠠᠲᠤᠨ ‍ᠤ ᠰᠠᠨᠠᠯ ᠰᠠᠨᠠᠭᠤᠯᠭ᠎ᠠ ᠶ᠋ᠢ ᠰᠣᠨᠣᠰᠴᠤ ᠂ ᠡᠷᠴᠢ ᠵᠣᠷᠢᠭ ᠢᠶᠡᠨ ᠬᠥᠪᠴᠢᠯᠡᠨ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠳᠠᠶᠢᠨ ‍ᠢ ᠡᠷᠡᠰ ᠰᠠᠶᠢᠲᠤᠷ ᠬᠢᠵᠦ ᠂ ᠨᠡᠶᠢᠭᠡᠮ ‍ᠦᠨ ᠪᠦᠬᠦ ᠲᠠᠯ᠎ᠠ ᠶ᠋ᠢᠨ ᠠᠮᠤᠷ ᠲᠦᠪᠰᠢᠨ ᠲᠣᠭᠲᠠᠭᠤᠨ ‍ᠢ ᠬᠠᠮᠠᠭᠠᠯᠠᠨ ᠂ ᠰᠢᠯᠢᠳᠡᠭ ᠬᠢᠷᠢ ᠪᠦᠲᠦᠮᠵᠢ ᠪᠡᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ‍ᠦᠨ ᠤᠢ ᠶ᠋ᠢ ᠪᠠᠯᠭᠡᠯᠡᠬᠦ ᠱᠠᠭᠠᠷᠳᠠᠭᠰᠠᠨ ᠪᠠᠶᠢᠨ᠎ᠠ ᠃

        ᠵᠠᠩ ᠬᠤᠸᠠ ᠴᠢᠬᠣᠯᠠᠴᠢᠯᠠᠭᠰᠠᠨ ᠨᠢ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠪᠠᠷ ᠠᠵᠤ ᠠᠬᠤᠶ ᠨᠡᠶᠢᠬᠡᠮ ‍ᠦᠨ ᠬᠥᠭᠵᠢᠯᠲᠡ ᠶ᠋ᠢᠨ ᠪᠦᠬᠦ ᠲᠠᠯ᠎ᠠ ᠶ᠋ᠢ ᠬᠠᠮᠤᠷᠬᠤ ᠶ᠋ᠢ ᠪᠠᠷᠢᠮᠲᠠᠯᠠᠵᠤ ᠂ ᠬᠠᠷᠢᠭᠤᠴᠠᠯᠭ᠎ᠠ ᠂ ᠲᠥᠷᠦ ᠶ᠋ᠢᠨ ᠪᠣᠳᠣᠯᠭ᠎ᠠ ᠂ ᠠᠵᠢᠯ ‍ᠢ ᠨᠠᠶᠢᠳᠠᠪᠤᠷᠢᠵᠢᠭᠤᠯᠬᠤ ᠶ᠋ᠢ ᠠᠬᠢᠭᠤᠯᠵᠤ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠤ ᠰᠢᠶᠳᠪᠦᠷᠢᠲᠦ ᠢᠯᠠᠯᠲᠠ ᠶ᠋ᠢ ᠣᠯᠬᠤ ᠬᠡᠷᠡᠭᠲᠡᠶ ᠬᠡᠵᠡᠢ ᠃

        ᠨᠢᠭᠡ ᠳ᠋ᠦ ᠂ ᠤᠯᠤᠰ ᠲᠥᠷᠦ ᠶ᠋ᠢᠨ ᠵᠣᠡᠡᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠦᠵᠡᠯ ᠰᠠᠨᠠᠭᠠᠨ ‍ᠤ ᠤᠬᠠᠮᠰᠠᠷ ᠪᠠ ᠦᠢᠯᠡ ᠠᠵᠢᠯᠯᠠᠭ᠎ᠠ ᠶ᠋ᠢᠨ ᠤᠬᠠᠮᠰᠠᠷ ᠢᠶᠡᠨ ᠨᠡᠮᠡᠭᠳᠡᠭᠦᠯᠬᠦ ᠬᠡᠷᠡᠭᠲᠡᠶ ᠃ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠶ᠋ᠢ ᠴᠢᠬᠤᠯᠠ ᠶᠡᠬᠡ ᠤᠯᠤᠰ ᠲᠥᠷᠦ ᠶ᠋ᠢᠨ ᠡᠭᠦᠷᠭᠡ ᠪᠣᠯᠭᠠᠵᠤ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠶᠠᠳᠠᠭᠤ ᠶ᠋ᠢ ᠲᠡᠳᠬᠦᠬᠦ ᠠᠵᠢᠯ ‍ᠤᠨ ᠲᠤᠬᠠᠶ ᠴᠢᠬᠤᠯᠠ ᠥᠭᠦᠯᠡᠯᠲᠡ ᠶ᠋ᠢ ᠰᠤᠷᠤᠯᠴᠠᠨ ᠣᠶᠢᠯᠠᠭᠠᠵᠤ ᠂ 《 ᠳᠥᠷᠪᠡᠨ ᠤᠬᠠᠮᠰᠠᠷ 》 ᠢᠶᠡᠨ ᠴᠢᠩᠭᠠᠳᠬᠠᠵᠤ ᠂ 《 ᠳᠥᠷᠪᠡᠨ ᠢᠲᠡᠭᠡᠯ 》 ᠢᠶᠡᠨ ᠪᠠᠲᠤᠳᠬᠠᠵᠤ ᠂ 《 ᠬᠣᠶᠠᠷ ‍ᠢ ᠬᠠᠮᠠᠭᠠᠯᠠᠬᠤ 》 ᠶ᠋ᠢ ᠪᠡᠶᠡᠯᠡᠬᠦᠯᠦᠨ ᠂ ᠤᠬᠠᠮᠰᠠᠷ ᠡᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶ᠋ᠢᠨ ᠲᠠᠯ᠎ᠠ ᠪᠠᠷ ᠰᠢ ᠶ᠋ᠢᠨ ᠫᠢᠩ ᠨᠥᠬᠥᠷ ‍ᠢᠶ᠋ᠡᠷ ᠭᠣᠤᠯ ᠪᠣᠯᠭᠠᠭᠰᠠᠨ ᠨᠠᠮ ‍ᠤᠨ ᠲᠥᠪ ᠬᠣᠷᠢᠶ᠎ᠠ ᠲᠠᠶ ᠲᠡᠭᠡᠳᠣ ᠬᠡᠮᠵᠢᠶ᠎ᠡ ᠪᠡᠷ ᠨᠢᠭᠡᠳᠦᠯᠲᠡᠶ ᠪᠠᠶᠢᠯᠭᠠᠬᠣ ᠬᠡᠷᠡᠭᠳᠡᠢ ᠃᠂
         ᠬᠣᠶᠠᠷ ᠲᠤ᠂ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠳᠠ ᠰᠢᠪᠳᠣᠯᠬᠣ ᠠᠵᠢᠯ ‍ᠤᠨ ᠶᠠᠰᠤ ᠴᠢᠨᠠᠷ ‍ᠢ ᠳᠡᠭᠡᠭᠰᠢᠯᠡᠬᠦᠯᠬᠦ ᠬᠡᠷᠡᠭᠳᠡᠢ ᠃ ᠲᠥᠪ ‍ᠦᠨ ᠶᠠᠳᠠᠭᠤ ᠡᠴᠠ ᠠᠩᠬᠢᠵᠢᠷᠠᠭᠣᠯᠣᠨ ᠪᠣᠭᠣᠮᠳᠠ ᠰᠢᠪᠳᠣᠯᠬᠣ ᠲᠤᠰᠬᠠᠶ ᠲᠣᠭᠣᠷᠢᠨ ᠪᠠᠶᠢᠴᠠᠭᠠᠯᠳᠠ ᠂ ᠤᠯᠤᠰ ᠪᠠ ᠥᠪᠡᠷᠲᠡᠭᠡᠨ ᠵᠠᠰᠠᠬᠤ ᠣᠷᠣᠨ ‍ᠤ ᠶᠠᠳᠠᠭᠤ ᠡᠴᠠ ᠠᠩᠬᠢᠵᠢᠷᠠᠭᠣᠯᠣᠨ ᠪᠣᠭᠣᠮᠳᠠ ᠰᠢᠪᠳᠣᠯᠬᠣ ᠠᠵᠢᠯ ‍ᠤᠨ ᠦᠷ᠎ᠡ ᠪᠦᠲᠦᠮᠵᠢ ᠶ᠋ᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠰᠠᠨᠠᠯ ᠳ᠋ᠤ ᠠᠩᠬᠠᠷᠤᠯ ᠢᠶᠡᠨ ᠲᠥᠪᠯᠡᠷᠡᠭᠦᠯᠵᠦ ᠂ 《 ᠠᠷᠪᠠᠨ ᠵᠦᠶᠯ ‍ᠦᠨ ᠲᠥᠷᠦ ᠶ᠋ᠢᠨ ᠪᠣᠳᠣᠯᠭ᠎ᠠ 》 ᠵᠡᠷᠭᠡ ᠡᠯ᠎ᠡ ᠵᠦᠶᠯ ‍ᠦᠨ ᠶᠠᠳᠠᠭᠤ ᠶ᠋ᠢ ᠲᠡᠳᠬᠦᠬᠦ ᠲᠥᠷᠦ ᠶ᠋ᠢᠨ ᠪᠣᠳᠣᠯᠭ᠎ᠠ ᠶ᠋ᠢ ᠨᠠᠶᠢᠳᠠᠪᠤᠷᠢᠵᠢᠭᠤᠯᠬᠤ ᠳᠤᠮᠳᠠ ᠪᠠᠶᠢᠴᠠᠭᠠᠵᠤ ᠭᠠᠷᠭᠠᠭᠰᠠᠨ ᠡᠯ᠎ᠡ ᠵᠦᠢᠯ ‍ᠦᠨ ᠠᠰᠠᠭᠤᠳᠠᠯ ᠳ᠋ᠤ ᠠᠩᠬᠠᠷᠤᠯ ᠢᠶᠡᠨ ᠲᠥᠪᠯᠡᠷᠡᠭᠦᠯᠵᠦ ᠂ ᠡᠯ᠎ᠡ ᠵᠦᠶᠯ ‍ᠦᠨ ᠴᠡᠭᠴᠡᠯᠡᠨ ᠰᠠᠶᠢᠵᠢᠷᠠᠭᠤᠯᠬᠤ ᠠᠵᠢᠯ ‍ᠤᠨ ᠪᠣᠳᠠᠲᠤ ᠦᠷ᠎ᠡ ᠪᠦᠲᠦᠮᠵᠢ ᠣᠯᠬᠣ ᠶ᠋ᠢ ᠪᠠᠲᠤᠯᠠᠬᠤ ᠬᠡᠷᠡᠭᠲᠡᠶ ᠃ 《 ᠬᠣᠶᠠᠷ ᠲᠤ ᠵᠣᠪᠠᠬᠤ ᠥᠬᠡᠶ ᠭᠤᠷᠪᠠ ᠶ᠋ᠢ ᠪᠠᠲᠤᠯᠠᠬᠤ 》 ᠬᠠᠷᠠᠯᠲᠠ ᠪᠠᠷᠢᠮᠵᠢᠶ᠎ᠠ ᠶ᠋ᠢ ᠪᠠᠷᠢᠮᠲᠠᠯᠠᠵᠤ ᠂ 《 ᠵᠢᠷᠭᠤᠭ᠎ᠠ ᠶ᠋ᠢ ᠴᠡᠪᠡᠷᠯᠡᠵᠦ ᠳᠥᠷᠪᠡ ᠶ᠋ᠢ ᠪᠠᠷᠢᠮᠵᠢᠶ᠎ᠠ ᠳ᠋ᠤ ᠬᠦᠷᠭᠡᠬᠦ 》 ᠠᠵᠢᠯ ‍ᠤᠨ ᠱᠠᠭᠠᠷᠳᠠᠯᠭ᠎ᠠ ᠲᠠᠶ ᠬᠠᠷᠢᠴᠠᠭᠤᠯᠵᠤ ᠂ ᠣᠷᠣᠨ ᠰᠠᠭᠤᠴᠠ ᠂ ᠡᠷᠡᠭᠦᠯ ᠮᠡᠨᠳᠦ ᠂ ᠣᠭᠣᠣᠬᠣ ᠤᠰᠤ ᠂ ᠰᠤᠷᠭᠠᠨ ᠬᠥᠮᠦᠵᠢᠯ ᠵᠡᠷᠭᠡ ᠲᠠᠯ᠎ᠠ ᠶ᠋ᠢᠨ ᠳᠣᠪᠣᠶᠢᠮ᠎ᠠ ᠠᠰᠠᠭᠤᠳᠠᠯ ‍ᠢ ᠰᠠᠶᠢᠲᠤᠷ ᠰᠢᠶ᠋ᠳᠪᠦᠷᠢᠯᠡᠵᠦ ᠂ ᠠᠵᠤ ᠦᠶᠯᠡᠰ ᠂ ᠠᠵᠢᠯ ᠣᠯᠭᠣᠯᠲᠠ ᠂ ᠮᠥᠩᠭᠥᠨ ᠭᠦᠶᠯᠭᠡᠭᠡ ᠵᠡᠷᠭᠡ ᠡᠯ᠎ᠡ ᠵᠦᠶᠯ ‍ᠦᠨ ᠶᠠᠳᠠᠭᠤ ᠶ᠋ᠢ ᠲᠡᠳᠬᠦᠬᠦ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠣᠨᠣᠪᠴᠢᠲᠠᠶ ᠨᠠᠶᠢᠳᠠᠪᠣᠷᠢᠵᠢᠭᠣᠯᠵᠣ ᠂ ᠶᠠᠳᠠᠭᠤ ᠬᠦᠴᠢᠷᠳᠡᠯᠲᠡᠶ ᠣᠯᠠᠨ ᠲᠦᠮᠡᠨ ‍ᠦ ᠲᠣᠭᠲᠠᠭᠤᠨ ᠢᠶᠠᠷ ᠶᠠᠳᠠᠭᠤ ᠡᠴᠠ ᠠᠩᠬᠢᠵᠢᠷᠠᠨ ᠦᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠬᠦ ᠶ᠋ᠢ ᠦᠨᠡᠡᠬᠦ  ᠪᠠᠳᠣᠯᠬᠣ ᠬᠡᠷᠡᠭᠳᠡᠢ ᠃
       ᠭᠤᠷᠪᠠ ᠳ᠋ᠤ ᠂ ᠨᠠᠮ ‍ᠤᠨ ᠪᠠᠶᠢᠭᠤᠯᠤᠯᠲᠠ ᠶ᠋ᠢ ᠠᠳᠬᠤᠵᠤ ᠶᠠᠳᠠᠭᠤ ᠡᠴᠠ ᠠᠩᠬᠢᠵᠢᠷᠠᠭᠣᠯᠣᠨ ᠪᠣᠭᠣᠮᠳᠠ ᠰᠢᠪᠳᠣᠯᠬᠣ ᠶ᠋ᠢ ᠠᠬᠢᠭᠤᠯᠵᠤ ᠂ ᠦᠨᠳᠦᠰᠦᠨ ᠱᠠᠲᠤᠨ ‍ᠤ ᠳᠠᠶᠢᠴᠢᠨ ᠪᠡᠬᠢᠯᠡᠯᠲᠡ ᠶ᠋ᠢ ᠪᠠᠶᠢᠭᠣᠯᠣᠨ ᠬᠦᠴᠦᠷᠬᠡᠭᠵᠢᠭᠦᠯᠦᠨ᠎ᠡ ᠃ 《 ᠤᠭ ᠰᠠᠨᠠᠭ᠎ᠠ ᠪᠠᠨ ᠦᠯᠦ ᠮᠠᠷᠳᠠᠵᠣ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠥᠷᠨᠢᠭᠦᠯᠬᠦ ᠲᠡᠶ ᠤᠶᠠᠯᠳᠤᠭᠤᠯᠵᠤ ᠂ ᠰᠢᠶᠠᠩ ᠪᠠᠯᠭᠠᠰᠤᠨ ‍ᠤ ᠨᠠᠮ ‍ᠤᠨ ᠬᠣᠷᠢᠶ᠎ᠠ ᠶ᠋ᠢᠨ ᠱᠦᠵᠢ ᠂ ᠨᠠᠮ ᠵᠠᠰᠠᠭ ‍ᠤᠨ ᠤᠳᠤᠷᠢᠳᠬᠤ ᠪᠠᠭ ‍ᠤᠨ ᠪᠦᠷᠢᠯᠳᠦᠬᠦᠨ ᠵᠢᠴᠢ ᠭᠠᠴᠠᠭ᠎ᠠ ᠲᠣᠰᠬᠣᠨ ‍ᠤ ᠨᠠᠮ ‍ᠤᠨ ᠡᠭᠦᠷ ‍ᠦᠨ ᠱᠦᠵᠢ ᠶ᠋ᠢᠨ ᠨᠡᠶᠢᠳᠡᠮ ᠰᠤᠷᠪᠤᠯᠵᠢᠯᠠᠬᠤ ᠳᠦᠷᠢᠮ ‍ᠢ ᠴᠢᠩᠭ᠎ᠠ ᠨᠠᠶᠢᠳᠠᠪᠣᠷᠢᠵᠢᠭᠣᠯᠬᠣ ᠬᠡᠷᠡᠭᠲᠡᠶ ᠃ ᠲᠠᠪᠤᠨ ᠤᠯᠠᠭᠠᠨ ᠳᠣᠭᠳᠣ ᠭᠠᠴᠠᠭ᠎ᠠ ᠲᠣᠰᠬᠣᠨ ‍ᠢ ᠡᠭᠦᠳᠦᠨ ᠪᠠᠶᠢᠭᠤᠯᠬᠤ ᠪᠠᠷ ᠪᠠᠷᠢᠮᠳᠠ ᠪᠣᠯᠭᠠᠵᠤ ᠂ ᠭᠠᠴᠠᠭ᠎ᠠ ᠲᠣᠰᠬᠣᠨ ‍ᠤ 《 ᠬᠣᠶᠠᠷ ᠵᠥᠪᠯᠡᠯ 》 ‍ᠤᠨ ᠨᠢᠭᠲᠠᠷᠠᠯ ‍ᠤᠨ ᠬᠦᠴᠦᠨ ᠂ ᠳᠠᠶᠢᠴᠢᠨ ᠬᠦᠴᠦᠨ ‍ᠢ ᠳᠡᠭᠡᠭᠰᠢᠯᠡᠭᠦᠯᠵᠦ ᠂ ᠬᠥᠳᠡᠭᠡ ᠲᠣᠰᠬᠣᠨ ‍ᠤ ᠨᠠᠮ ‍ᠤᠨ ᠭᠡᠰᠢᠭᠦᠨ ᠂ ᠪᠠᠶᠠᠵᠢᠯ ‍ᠤᠨ ᠴᠢᠳᠠᠪᠤᠷᠢᠲᠠᠨ ᠂  ᠬᠣᠷᠰᠢᠶᠠᠵᠢᠯ ᠂ ᠭᠡᠷ ᠪᠦᠯᠢ ᠶ᠋ᠢᠨ ᠲᠠᠷᠢᠶᠠᠯᠠᠩ ‍ᠤᠨ ᠲᠠᠯᠠᠪᠠᠢ ᠂ ᠭᠡᠷ ᠪᠦᠯᠢ ᠶ᠋ᠢᠨ ᠮᠠᠯᠵᠢᠯ ‍ᠤᠨ ᠲᠠᠯᠠᠪᠠᠢ ᠶ᠋ᠢ ᠳᠠᠶᠢᠴᠢᠯᠠᠵᠣ ᠂ ᠣᠨᠴᠠᠯᠢᠭᠲᠤ ᠠᠵᠤ ᠦᠶᠯᠡᠰ ᠬᠦᠭᠵᠢᠬᠦᠯᠦᠨ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠬᠡᠷᠡᠭᠲᠡᠶ ᠃ ᠭᠠᠴᠠᠭ᠎ᠠ ᠲᠣᠰᠬᠣᠨ ‍ᠤ ᠬᠠᠮᠲᠤ ᠶ᠋ᠢᠨ ᠠᠵᠤ ᠠᠬᠤᠶ ᠶ᠋ᠢ ᠶᠡᠬᠡᠪᠡᠷ ᠬᠥᠭᠵᠢᠭᠦᠯᠦᠨ ᠪᠤᠵᠠᠭᠠᠶᠢᠷᠠᠭᠤᠯᠵᠤ ᠂ ᠡᠯ᠎ᠡ ᠲᠠᠯ᠎ᠠ ᠶ᠋ᠢᠨ ᠡᠬᠢ ᠪᠠᠶᠠᠯᠢᠭ ᠪᠠ ᠲᠥᠷᠥᠯ ᠵᠦᠶᠯ ‍ᠦᠨ ᠪᠡᠯᠡ ᠮᠥᠩᠭᠥ ᠶ᠋ᠢ ᠨᠢᠭᠡᠳᠭᠡᠵᠦ ᠂ ᠣᠷᠣᠯᠭ᠎ᠠ ᠪᠠᠨ ᠨᠡᠮᠡᠭᠳᠡᠭᠦᠯᠬᠦ ᠳᠠᠯᠳᠠ ᠬᠦᠴᠦᠨ ‍ᠢ ᠰᠦᠪᠡᠭᠴᠢᠯᠡᠨ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠳᠠ ᠰᠢᠪᠳᠣᠯᠬᠣ ᠪᠠ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠶ᠋ᠢ ᠪᠦᠲᠦᠮᠵᠢᠲᠡᠶ ᠵᠣᠯᠭᠠᠭᠤᠯᠬᠤ ᠶ᠋ᠢ ᠠᠬᠢᠭᠤᠯᠬᠤ ᠬᠡᠷᠡᠭᠲᠡᠶ ᠃

       ᠳᠥᠷᠪᠡ ᠳ᠋ᠦ ᠂ ᠶᠠᠳᠠᠭᠤ ᠶ᠋ᠢ ᠲᠡᠳᠬᠦᠬᠦ ᠬᠦᠷᠢᠶᠡᠨ ᠳ᠋ᠡᠬᠢ ᠡᠯ᠎ᠡ ᠲᠥᠷᠥᠯ ‍ᠦᠨ ᠠᠶᠤᠯ ᠲᠦᠭᠰᠢᠭᠦᠷᠢ ᠶ᠋ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠶ ᠃ ᠲᠥᠷᠥᠯ ᠵᠦᠶᠯ ‍ᠦᠨ ᠪᠡᠯᠡ ᠮᠥᠩᠭᠥ ᠂ ᠢᠲᠡᠭᠡᠮᠵᠢᠲᠦ ᠵᠢᠭᠡᠯᠡᠯᠭᠡ ᠶ᠋ᠢᠨ ᠪᠡᠯᠡ ᠮᠥᠩᠭᠥ ᠪᠣᠯᠤᠨ ᠶᠠᠳᠠᠭᠤ ᠡᠴᠠ ᠠᠩᠭᠢᠵᠢᠷᠠᠭᠰᠠᠨ ᠡᠷᠦᠬᠡ ᠶ᠋ᠢᠨ ᠳᠠᠬᠢᠨ ᠶᠠᠳᠠᠭᠤᠷᠠᠬᠤ ᠵᠡᠷᠭᠡ ᠲᠠᠯ᠎ᠠ ᠶ᠋ᠢᠨ ᠲᠦᠭᠰᠢᠭᠦᠷᠢ ᠶ᠋ᠢ ᠰᠡᠷᠭᠡᠶᠢᠯᠡᠨ ᠡᠵᠡᠮᠳᠡᠬᠦ ᠶ᠋ᠢ ᠦᠨᠡᠨᠬᠦ ᠴᠢᠩᠭᠠᠳᠬᠠᠵᠤ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠳᠠ ᠰᠢᠪᠳᠣᠯᠬᠣ ᠠᠵᠢᠯ ‍ᠤᠨ ᠪᠣᠳᠠᠳᠣ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠵᠤ ᠂ ᠡᠯ᠎ᠡ ᠱᠠᠲᠤᠨ ‍ᠤ ᠡᠯ᠎ᠡ ᠲᠥᠷᠥᠯ ‍ᠦᠨ ᠬᠢᠨᠠᠨ ᠪᠠᠶᠢᠴᠠᠭᠠᠯᠳᠠ ᠬᠢᠨᠠᠨ ᠰᠢᠯᠭᠠᠯᠲᠠ ᠶ᠋ᠢ ᠳᠠᠭᠠᠭᠠᠵᠤ ᠂ ᠣᠨᠢᠨ ᠳᠡᠭᠡᠷ᠎ᠡ ᠨᠢ ᠶᠠᠳᠠᠭᠤ ᠶ᠋ᠢ ᠲᠡᠳᠬᠦᠬᠦ ᠡᠯ᠎ᠡ ᠲᠦᠷᠦᠯ ‍ᠦᠨ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠬᠠᠤᠯᠢ ᠲᠣᠭᠲᠠᠭᠠᠯ ᠶᠣᠰᠣᠭᠠᠷ ᠨᠠᠶᠢᠳᠠᠪᠣᠷᠢᠵᠢᠭᠣᠯᠬᠣ ᠬᠡᠷᠡᠭᠳᠡᠢ ᠃

        ᠵᠠᠩ ᠬᠤᠸᠠ ᠴᠢᠩᠭᠠᠳᠬᠠᠭᠰᠠᠨ ᠨᠢ ᠂ ᠵᠥᠷᠢᠴᠡᠯ ᠵᠢᠭᠤᠷᠠᠯᠳᠤᠭᠠᠨ ‍ᠢ ᠵᠢᠭᠰᠠᠭᠠᠨ  ᠪᠠᠶᠢᠴᠠᠭᠠᠬᠣ ᠪᠠ ᠣᠯᠠᠨ ᠡᠰᠢᠵᠢᠬᠦᠯᠦᠨ ᠰᠢᠶᠳᠪᠦᠷᠢᠯᠡᠬᠦ ᠠᠵᠢᠯ ‍ᠢ ᠪᠠᠲᠤᠲᠠᠶ ᠥᠷᠨᠢᠭᠦᠯᠵᠦ ᠂ ᠠᠶᠤᠯᠭᠦᠶ ᠦᠶᠯᠡᠳᠪᠦᠷᠢᠯᠡᠯ ‍ᠦᠨ ᠬᠠᠷᠢᠭᠤᠴᠠᠯᠭ᠎ᠠ ᠶ᠋ᠢᠨ ᠳᠦᠷᠢᠮ ‍ᠢ ᠨᠠᠷᠢᠨ ᠬᠢᠨᠠᠮᠠᠭᠠᠶ ᠨᠠᠶᠢᠳᠠᠪᠣᠷᠢᠵᠢᠭᠣᠯᠣᠨ ᠂ ᠨᠠᠶᠢᠭᠡᠮ ‍ᠦᠨ ᠪᠦᠬᠦ ᠲᠠᠯ᠎ᠠ ᠶ᠋ᠢᠨ ᠠᠮᠤᠷ ᠲᠣᠭᠲᠠᠭᠤᠨ ‍ᠢ ᠦᠨᠡᠨᠬᠦ ᠬᠠᠮᠠᠭᠠᠯᠠᠬᠤ ᠬᠡᠷᠡᠭᠲᠡᠶ ᠃ ᠰᠢᠨ᠎ᠡ ᠴᠠᠭ ᠦᠶ᠎ᠡ ᠶ᠋ᠢᠨ 《 ᠹᠸᠩ ᠴᠢᠶᠣᠤ ᠶ᠋ᠢᠨ ᠲᠤᠷᠰᠢᠯᠭ᠎ᠠ 》 ᠶ᠋ᠢ ᠰᠤᠷᠤᠯᠴᠠᠨ ᠲᠣᠯᠢ ᠪᠣᠯᠭᠠᠵᠤ ᠂ ᠪᠠᠯᠭᠠᠰᠤᠨ ‍ᠤ ᠲᠡᠰ ‍ᠤᠨ ᠵᠥᠷᠢᠴᠡᠯ ‍ᠢ ᠣᠯᠠᠨ ᠡᠰᠢᠵᠢᠬᠦᠯᠦᠨ ᠰᠢᠶᠳᠪᠦᠷᠢᠯᠡᠬᠦ ᠲᠥᠪ ‍ᠢ ᠰᠠᠶᠢᠲᠤᠷ ᠪᠠᠶᠢᠭᠣᠯᠵᠣ ᠰᠠᠶᠢᠲᠤᠷ ᠭᠡᠷᠡᠭᠯᠡᠨ ᠂ ᠦᠨᠳᠦᠰᠦᠨ ᠱᠠᠲᠤᠨ ‍ᠤ ᠤᠯᠤᠰ ᠲᠥᠷᠥ ᠬᠠᠤᠯᠢ ᠴᠠᠭᠠᠵᠠ ᠶ᠋ᠢᠨ ᠹᠷᠣᠨᠲ ‍ᠤᠨ ᠠᠵᠢᠯ ‍ᠤᠨ ᠬᠦᠴᠦᠨ ‍ᠢ ᠨᠢᠭᠡᠳᠦᠯᠲᠡᠶ ᠲᠥᠯᠥᠪᠵᠢᠭᠦᠯᠦᠨ ᠂ ᠬᠠᠤᠯᠢ ᠴᠠᠭᠠᠵᠠ ᠶ᠋ᠢᠨ ᠡᠶᠡᠳᠡᠭᠦᠯᠭᠡ ᠂ ᠵᠠᠰᠠᠭ ᠵᠠᠬᠢᠷᠭᠠᠨ ‍ᠤ ᠡᠶᠡᠳᠡᠭᠦᠯᠭᠡ ᠂ ᠠᠷᠠᠳ ‍ᠤᠨ ᠡᠶᠡᠳᠡᠭᠦᠯᠦᠭᠡ ᠶ᠋ᠢ ᠪᠦᠲᠦᠮᠵᠢᠲᠡᠶ ᠵᠣᠯᠭᠠᠭᠤᠯᠬᠤ ᠶ᠋ᠢ ᠠᠬᠢᠭᠤᠯᠵᠤ ᠂ ᠵᠥᠷᠢᠴᠡᠯ ‍ᠢ ᠦᠨᠳᠦᠰᠦᠨ ᠱᠠᠲᠤᠨ ᠳ᠋ᠤ ᠰᠢᠶᠳᠪᠦᠷᠢᠯᠡᠬᠦ ᠵᠢ ᠪᠡᠶᠡᠯᠡᠭᠦᠯᠬᠦ ᠬᠡᠷᠡᠭᠲᠡᠶ ᠃ ᠠᠶᠤᠯᠭᠦᠶ ᠦᠶᠯᠡᠳᠪᠦᠷᠢᠯᠡᠯ ‍ᠦᠨ ᠡᠷᠴᠢᠮ ‍ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠂ ᠠᠶᠤᠯᠭᠦᠶ ᠦᠶᠯᠡᠳᠪᠦᠷᠢᠯᠡᠯ ‍ᠦᠨ ᠤᠬᠠᠮᠰᠠᠷ ᠢᠶᠡᠨ ᠴᠢᠨᠠᠭᠰᠢᠳᠠ ᠳᠡᠭᠡᠭᠰᠢᠯᠡᠭᠦᠯᠵᠦ ᠂ ᠠᠶᠤᠯᠭᠦᠶ ᠦᠶᠯᠡᠳᠪᠦᠷᠢᠯᠡᠯ ‍ᠦᠨ ᠶᠡᠬᠡ ᠪᠠᠶᠢᠴᠠᠭᠠᠯᠲᠠ ᠶ᠋ᠢ ᠪᠠᠲᠤᠲᠠᠶ ᠥᠷᠨᠢᠭᠦᠯᠵᠦ ᠂ ᠡᠯ᠎ᠡ ᠲᠥᠷᠥᠯ ‍ᠦᠨ ᠡᠨᠳᠡᠯ ᠭᠠᠷᠬᠤ ᠶ᠋ᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠣᠷᠢᠭᠯᠠᠵᠤ ᠂ ᠥᠷᠭᠡᠨ ᠣᠯᠠᠨ ᠠᠷᠠᠳ ᠲᠦᠮᠡᠨ ‍ᠦ ᠠᠮᠢ ᠪᠡᠶ᠎ᠡ ᠡᠳ᠋ ᠬᠥᠷᠥᠩᠭᠡ ᠶ᠋ᠢᠨ ᠠᠮᠤᠷ ᠲᠦᠪᠰᠢᠨ ‍ᠢ ᠪᠠᠲᠤᠯᠠᠬᠤ ᠬᠡᠷᠡᠭᠲᠡᠶ ᠭᠡᠵᠡᠢ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ