ᠵᠠᠷᠤᠳ ᠬᠣᠰᠢᠭᠣᠨ ‍ᠤ ᠨᠠᠮ ‍ᠤᠨ ᠬᠣᠷᠢᠶᠠᠨ ‍ᠤ ᠱᠦᠵᠢ ᠪᠠᠶ ᠯᠢ ᠵᠦ ᠨᠠᠷ ᠮᠠᠨ ‍ᠤ ᠬᠣᠰᠢᠭᠤᠨ ᠤ ᠨᠠᠮ ‍ᠤᠨ ᠪᠠᠶᠢᠭᠤᠯᠤᠯᠲᠠ ᠶ᠋ᠢᠨ ᠠᠵᠢᠯ ᠳ᠋ᠥ ᠪᠠᠶᠢᠴᠠᠭᠠᠯᠳᠠ ᠬᠢᠭᠰᠡᠨ

ᠣᠩᠰᠢᠭᠰᠠᠨ ᠤᠳᠠᠭ᠎ᠠ ᠄ 4468     ᠨᠡᠶᠢᠳᠡᠯᠡᠭᠰᠡᠨ ᠴᠠᠭ ᠄ 2019/9/2 9:23:39


       8 ᠳ᠋ᠣᠭᠠᠷ ᠰᠠᠷ᠎ᠠ ᠶ᠋ᠢᠨ 27 ‍ᠦ ᠡᠳᠦᠷ ᠂ ᠵᠠᠷᠤᠳ ᠬᠣᠰᠢᠭᠣᠨ ‍ᠤ ᠨᠠᠮ ‍ᠤᠨ ᠬᠣᠷᠢᠶᠠᠨ ‍ᠤ ᠱᠦᠵᠢ ᠪᠠᠶ ᠯᠢ ᠵᠦ ᠨᠠᠷ ᠮᠠᠨ ᠳ᠋ᠤ ᠬᠣᠰᠢᠭᠣᠨ ᠳ᠋ᠥ ᠢᠷᠡᠵᠦ ᠨᠠᠮ ‍ᠤᠨ ᠪᠠᠶᠢᠭᠤᠯᠤᠯᠲᠠ ᠶ᠋ᠢᠨ ᠠᠵᠢᠯ ᠳ᠋ᠥ ᠪᠠᠶᠢᠴᠠᠭᠠᠯᠳᠠ ᠬᠢᠵᠦ ᠂ ᠬᠣᠰᠢᠭᠤᠨ ᠤ ᠤᠳᠤᠷᠢᠳᠤᠯᠭ᠎ᠠ ᠵᠠᠩ ᠬᠤᠸᠠ ᠂ ᠡᠦ ᡁᠢ ᠴᠢᠶᠠᠩ ᠨᠠᠷ ᠪᠠᠷ᠎ᠠ ᠪᠣᠯᠣᠡᠡᠰᠠᠨ ᠪᠠᠶᠢᠨ᠎ᠠ ᠃

       ᠪᠠᠶᠢᠴᠠᠭᠠᠬᠣ ᠪᠦᠯᠬᠦᠮ ᠤᠷᠢᠳ ᠬᠣᠵᠢᠳ ᠬᠣᠰᠢᠭᠤᠨ ‍ᠤ ᠠᠷᠠᠳ ‍ᠤᠨ ᠡᠮᠨᠡᠯᠭᠡ ᠶ᠋ᠢᠨ ᠬᠣᠷᠢᠶ᠎ᠠ ᠂ ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ‍ᠤ ᠵᠠᠮ ᠬᠠᠷᠢᠯᠴᠠᠭᠠᠨ ‍ᠤ ᠴᠠᠭᠳᠠᠭ᠎ᠠ ᠶ᠋ᠢᠨ ᠶᠡᠬᠡ ᠠᠩᠭᠢ ᠂ ᠬᠣᠰᠢᠭᠤᠨ ‍ᠤ ᠵᠠᠰᠠᠭ ‍ᠤᠨ ᠶᠠᠪᠤᠳᠠᠯ ‍ᠤᠨ ᠦᠶ᠋ᠯᠡᠴᠢᠯᠡᠭᠡᠨ ‍ᠦ ᠲᠥᠪ ᠂ ᠬᠢᠨᠠᠨ ᠬᠠᠮᠢᠶᠠᠷᠬᠤ ᠶᠡᠬᠡ ᠠᠩᠭᠢ ᠂ ᠲᠠᠴᠢᠡᠳᠠᠯ᠎ᠠ ᠪᠠᠯᠭᠠᠰᠤᠨ ‍ᠤ ᠬᠠᠰᠢᠶᠠᠲᠤ ᠲᠣᠰᠬᠣᠨ ᠂ ᠠᠡᠭᠨᠢ ᠲᠣᠰᠬᠣᠨ ᠳ᠋ᠤ ᠬᠦᠷᠴᠦ ᠂ ᠲᠤᠬᠠᠶ ᠶ᠋ᠢᠨ ᠭᠠᠵᠠᠷ ᠲᠣ ᠪᠠᠶᠢᠴᠠᠭᠠᠬᠣ ᠂ ᠲᠤᠬᠠᠶ ᠶ᠋ᠢᠨ ᠲᠠᠯᠠᠪᠠᠢ ᠶ᠋ᠢᠨ ᠳᠠᠨᠢᠯᠴᠠᠭᠣᠯᠭ᠎ᠠ ᠶ᠋ᠢ ᠰᠣᠨᠣᠰᠬᠤ ᠂ ᠣᠯᠠᠨ ᠵᠠᠭᠤᠴᠢᠯᠠᠭᠤᠷ ‍ᠤᠨ ᠳᠡᠯᠭᠡᠨ ᠦᠵᠡᠭᠦᠯᠭᠡ ᠶ᠋ᠢ ᠦᠵᠡᠬᠦ ᠵᠡᠷᠭᠡ ᠠᠷᠭ᠎ᠠ ᠬᠡᠯᠪᠡᠷᠢ ᠪᠡᠷ ᠳᠠᠮᠵᠢᠨ ᠂ ᠮᠠᠨ ‍ᠤ ᠬᠣᠰᠢᠭᠤᠨ ‍ᠤ ᠨᠠᠮ ‍ᠤᠨ ᠪᠠᠶᠢᠭᠤᠯᠤᠯᠲᠠ ᠶ᠋ᠢᠨ ᠨᠡᠷᠡᠲᠦ ᠳᠡᠮᠳᠡᠭ ᠰᠢᠨᠡᠳᠬᠡᠵᠦ ᠂ ᠨᠠᠮ ᠪᠠ ᠣᠯᠠᠨ ᠲᠦᠮᠡᠨ ‍ᠦ ᠦᠶᠯᠡᠴᠢᠯᠡᠭᠡᠨ ‍ᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ‍ᠢ ᠪᠠᠶᠢᠭᠣᠯᠣᠨ ᠂ ᠨᠠᠮ ‍ᠤᠨ ᠪᠠᠶᠢᠭᠤᠯᠤᠯᠲᠠ ᠶ᠋ᠢ ᠠᠳᠬᠤᠵᠤ ᠶᠠᠳᠠᠭᠤ ᠡᠴᠠ ᠠᠩᠭᠢᠵᠢᠷᠠᠭᠤᠯᠬᠤ ᠶ᠋ᠢ ᠠᠬᠢᠭᠤᠯᠬᠤ ᠵᠡᠷᠭᠡ ᠲᠠᠯ᠎ᠠ ᠶ᠋ᠢᠨ ᠲᠤᠷᠰᠢᠯᠭ᠎ᠠ ᠪᠠ ᠠᠷᠭ᠎ᠠ ᠠᠪᠴᠠᠯ ‍ᠢ ᠭᠣᠤᠯᠳᠠᠯᠭ᠎ᠠ ᠲᠠᠶ ᠲᠣᠭᠣᠷᠢᠨ ᠦᠵᠡᠵᠦ ᠰᠣᠷᠣᠯᠴᠠᠠᠠᠰᠠᠨ ᠪᠠᠶᠢᠨ᠎ᠠ ᠃

      ᠡᠨᠡ ᠵᠢᠯ ᠡᠴᠡ ᠂ ᠮᠠᠨ ᠤ ᠬᠣᠰᠢᠭᠣ ᠳᠤᠮᠳᠠᠳᠤ ᠤᠯᠤᠰ ‍ᠤᠨ ᠡᠪ ᠬᠠᠮᠲᠤ ᠨᠠᠮ ‍ᠤᠨ ᠲᠥᠪ ᠬᠣᠷᠢᠶᠠᠨ ‍ᠤ 《 ᠲᠥᠪ ᠪᠠ ᠲᠥᠷᠦ ᠶ᠋ᠢᠨ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ 》 ᠪᠣᠯᠤᠨ ᠰᠢ ᠶ᠋ᠢᠨ ᠫᠢᠩ ᠶᠡᠷᠦᠩᠬᠡᠶ ᠱᠦᠵᠢ ᠶ᠋ᠢᠨ ᠲᠥᠪ ᠪᠠ ᠲᠥᠷᠦ ᠶ᠋ᠢᠨ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠬᠤᠷᠠᠯ ᠳᠡᠭᠡᠷᠡᠬᠢ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠣᠯᠵᠦ ᠂ ᠠᠵᠢᠯ ‍ᠤᠨ ᠰᠡᠳᠬᠢᠴᠡ ᠪᠣᠯᠤᠨ ᠠᠷᠭ᠎ᠠ ᠪᠠᠷᠢᠯ ‍ᠢ ᠲᠠᠰᠤᠷᠠᠯᠲᠠ ᠦᠭᠡᠢ ᠰᠢᠨᠡᠳᠬᠡᠵᠦ ᠂ ᠬᠣᠰᠢᠭᠤᠨ ‍ᠤ ᠠᠷᠠᠳ ‍ᠤᠨ ᠡᠮᠨᠡᠯᠭᠡ ᠶ᠋ᠢᠨ ᠬᠣᠷᠢᠶ᠎ᠠ ᠶ᠋ᠢᠨ ᠨᠠᠮ ‍ᠤᠨ ᠬᠣᠷᠢᠶ᠎ᠠ ᠶ᠋ᠢᠨ 《 1 + 7 + N 》 ᠂ ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ 《 ᠵᠠᠭᠤᠨ ᠮᠧᠲ᠋ᠷ ‍ᠦᠨ ᠨᠠᠮ ‍ᠤᠨ ᠪᠠᠶᠢᠭᠤᠯᠤᠯᠲᠠ ᠶ᠋ᠢᠨ ᠤᠷᠲᠤ ᠬᠣᠩᠭᠢᠯ 》 ᠪᠣᠯᠤᠨ ᠨᠠᠮ ‍ᠤᠨ ᠪᠠᠶᠢᠭᠤᠯᠤᠯᠲᠠ ᠶ᠋ᠢ ᠠᠳᠬᠤᠵᠤ ᠶᠠᠳᠠᠭᠤ ᠡᠴᠠ ᠠᠩᠭᠢᠵᠢᠷᠠᠭᠤᠯᠬᠤ ᠶ᠋ᠢ ᠠᠬᠢᠭᠤᠯᠬᠤ 《 ᠭᠤᠷᠪᠠᠨ ᠱᠠᠲᠤ ᠬᠣᠯᠪᠣᠭᠠᠯᠠᠨ ᠬᠥᠳᠡᠯᠦᠯᠴᠡᠵᠦ ᠂ ᠲᠠᠪᠤ᠋ ᠶ᠋ᠢ ᠠᠳᠬᠤᠵᠤ ᠲᠠᠪᠤ᠋ ᠶ᠋ᠢ ᠠᠬᠢᠭᠤᠯᠬᠤ 》 ᠵᠡᠷᠭᠡ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠲᠥᠷᠥᠯ ᠲᠡᠮᠳᠡᠭ ‍ᠢ ᠪᠦᠷᠢᠯᠳᠦᠭᠦᠯᠵᠦ ᠂ ᠨᠠᠮ ‍ᠤᠨ ᠲᠥᠪ ᠬᠣᠷᠢᠶ᠎ᠠ ᠰᠠᠨᠠᠭ᠎ᠠ ᠠᠮᠤᠷ ᠂ ᠠᠷᠠᠳ ᠣᠯᠠᠨ ᠰᠡᠳᠬᠢᠯ ᠬᠠᠨᠤᠮᠵᠢᠲᠠᠶ ᠵᠢᠱᠢᠶᠡᠴᠢ ᠨᠠᠮ ‍ᠤᠨ ᠵᠣᠬᠢᠶᠠᠨ ᠪᠠᠶᠢᠭᠤᠯᠤᠯᠲᠠ ᠶ᠋ᠢ ᠬᠦᠴᠦᠯᠡᠨ ᠪᠠᠶᠢᠭᠣᠯᠵᠣ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ