ᠬᠣᠰᠢᠭᠣᠨ ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶ᠎ᠠ ᠡᠴᠠ ᠠᠷᠠᠳ ‍ᠤᠨ ᠲᠥᠯᠥᠭᠡᠯᠡᠭᠴᠢᠳ ‍ᠢ ᠵᠣᠬᠢᠶᠠᠨ ᠪᠠᠶᠢᠭᠣᠯᠵᠣ ᠲᠣᠭᠣᠷᠢᠨ ᠪᠠᠶᠢᠴᠠᠭᠠᠬᠣ ᠠᠵᠢᠯᠯᠠᠭ᠎ᠠ ᠦᠷᠨᠢᠭᠦᠯᠬᠦ ᠶ᠋ᠢᠨ ᠬᠠᠮᠳᠣ ᠪᠦᠬᠦ ᠬᠣᠰᠢᠭᠤᠨ ‍ᠤ ᠠᠵᠤ ᠠᠬᠤᠢ ᠶ᠋ᠢᠨ ᠡᠷᠭᠢᠯᠲᠡ ᠶ᠋ᠢᠨ ᠪᠠᠶᠢᠳᠠᠯ ‍ᠢ ᠨᠠᠶᠢᠳᠡᠯᠡᠬᠦ ᠬᠣᠷᠠᠯ ᠬᠣᠷᠠᠯᠳᠣᠭᠣᠯᠣᠭᠰᠠᠨ

ᠣᠩᠰᠢᠭᠰᠠᠨ ᠤᠳᠠᠭ᠎ᠠ ᠄ 4498     ᠨᠡᠶᠢᠳᠡᠯᠡᠭᠰᠡᠨ ᠴᠠᠭ ᠄ 2019/9/2 9:27:03


        8 ᠳ᠋ᠣᠭᠠᠷ ᠰᠠᠷ᠎ᠠ ᠶ᠋ᠢᠨ 27 ‍ᠦ ᠡᠳᠦᠷ ᠂ ᠬᠣᠰᠢᠭᠣᠨ ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶ᠎ᠠ ᠡᠴᠠ ᠠᠷᠠᠳ ‍ᠤᠨ ᠲᠥᠯᠥᠭᠡᠯᠡᠭᠴᠢᠳ ‍ᠢ ᠵᠣᠬᠢᠶᠠᠨ ᠪᠠᠶᠢᠭᠣᠯᠵᠣ ᠲᠣᠭᠣᠷᠢᠨ ᠪᠠᠶᠢᠴᠠᠭᠠᠬᠣ ᠠᠵᠢᠯᠯᠠᠭ᠎ᠠ ᠦᠷᠨᠢᠭᠦᠯᠬᠦ ᠶ᠋ᠢᠨ ᠬᠠᠮᠳᠣ ᠪᠦᠬᠦ ᠬᠣᠰᠢᠭᠤᠨ ‍ᠤ ᠠᠵᠤ ᠠᠬᠤᠢ ᠶ᠋ᠢᠨ ᠡᠷᠭᠢᠯᠲᠡ ᠶ᠋ᠢᠨ ᠪᠠᠶᠢᠳᠠᠯ ‍ᠢ ᠨᠠᠶᠢᠳᠡᠯᠡᠬᠦ ᠬᠣᠷᠠᠯ ᠬᠣᠷᠠᠯᠳᠣᠭᠣᠯᠵᠦ ᠂ ᠬᠣᠰᠢᠭᠤᠨ ᠤ ᠤᠳᠤᠷᠢᠳᠤᠯᠭ᠎ᠠ ᠪᠦᠷᠢᠨ ᠂ ᠯᠢ ᠽᠢ ᠴᠢᠩ ᠂ ᠪᠠᠢ ᠡᠷᠳᠡᠨᠢᠪᠠᠭᠠᠳᠣᠷ ᠵᠢᠴᠢ 100 ᠭᠠᠷᠤᠶ ᠨᠡᠷᠡᠰ ᠬᠣᠰᠢᠭᠤᠨ ‍ᠤ ᠠᠷᠠᠳ ‍ᠤᠨ ᠲᠥᠯᠥᠭᠡᠯᠡᠭᠴᠢ ᠬᠣᠷᠠᠯ ᠳ᠋ᠥ ᠣᠷᠣᠯᠴᠠᠠᠠᠰᠠᠨ ᠪᠠᠶᠢᠨ᠎ᠠ ᠃

         ᠲᠦᠯᠦᠬᠡᠯᠡᠭᠴᠢᠳ ᠤᠷᠢᠳ ᠬᠣᠵᠢᠳ ᠰᠢᠯ ᠰᠢᠷᠬᠡᠭ ᠵᠢᠴᠢ ᠨᠡᠶᠢᠯᠡᠮᠡᠯ ᠰᠢᠨ᠎ᠡ ᠮᠠᠲ᠋ᠧᠷᠢᠶᠠᠯ ‍ᠤᠨ ᠠᠵᠤ ᠦᠢᠯᠡᠰ ‍ᠦᠨ ᠬᠦᠷᠢᠶᠡᠯᠡᠩ ᠳᠣᠭᠣᠷᠢᠭ ᠂ ᠥᠪᠥᠷ ᠮᠣᠩᠭᠣᠯ ‍ᠤᠨ ᠯᠠᠨ ᠲᠢᠶᠠᠨ ᠱᠧᠩ ᠬᠣᠸᠠ ᠣᠷᠴᠢᠨ ᠲᠣᠭᠣᠷᠢᠨ ‍ᠤ ᠬᠠᠮᠠᠭᠠᠯᠠᠯᠲᠠ ᠶ᠋ᠢᠨ ᠰᠢᠨᠵᠢᠯᠡᠬᠦ ᠤᠬᠠᠭᠠᠨ ᠮᠡᠷᠭᠡᠵᠢᠯ ‍ᠦᠨ ᠬᠢᠵᠠᠭᠠᠷᠲᠤ ᠺᠣᠮᠫᠠᠨᠢ ᠶ᠋ᠢᠨ ᠨᠢᠺᠸᠯ ᠲᠡᠮᠦᠷ ‍ᠤᠨ ᠰᠢᠭᠠᠷᠤ ᠶ᠋ᠢᠨ ᠣᠷᠭᠠᠨᠢᠭ ᠪᠤᠰᠤ ᠰᠢᠷᠬᠡᠭ ‍ᠦᠨ ᠳᠤᠯᠠᠭᠠᠨ ‍ᠢ ᠬᠠᠮᠠᠭᠠᠯᠠᠬᠣ ᠮᠠᠲ᠋ᠧᠷᠢᠶᠠᠯ ‍ᠤᠨ ᠲᠥᠷᠥᠯ ᠵᠦᠶᠯ ᠂ ᠥᠪᠥᠷ ᠮᠣᠩᠭᠣᠯ ‍ᠤᠨ ᠰᠢᠨ ᠷᠦᠩ ᠳ᠋ᠠ ᠬᠠᠶᠠᠭᠳᠠᠮᠠᠯ ᠪᠣᠳᠠᠰ ‍ᠢ ᠰᠢᠶᠳᠪᠦᠷᠢᠯᠡᠬᠦ ᠬᠢᠵᠠᠭᠠᠷᠲᠤ ᠺᠣᠮᠫᠠᠨᠢ ᠶ᠋ᠢᠨ ᠨᠢᠺᠸᠯ ‍ᠦᠨ ᠰᠢᠭᠠᠷᠤ ᠶ᠋ᠢ ᠰᠢᠶᠳᠪᠦᠷᠢᠯᠡᠬᠦ ᠲᠥᠷᠥᠯ ᠵᠦᠶᠯ ᠂ ᠥᠪᠥᠷ ᠮᠣᠩᠭᠣᠯ ( ᠨᠠᠢᠮᠠᠨ ) ᠤ ᠵᠢᠩ ᠠᠨ ᠥᠩᠭᠡᠲᠦ ᠲᠡᠮᠦᠷᠯᠢᠭ ‍ᠦᠨ ᠮᠠᠲ᠋ᠧᠷᠢᠶᠠᠯ ‍ᠤᠨ ᠬᠢᠵᠠᠭᠠᠷᠲᠤ ᠺᠣᠮᠫᠠᠨᠢ ᠶ᠋ᠢᠨ ᠨᠢᠺᠸᠯ ‍ᠦᠨ ᠬᠠᠶᠢᠯᠤᠰᠢ ᠶ᠋ᠢᠨ ᠰᠢᠨ᠎ᠡ ᠮᠠᠲ᠋ᠧᠷᠢᠶᠠᠯ ‍ᠤᠨ ᠲᠥᠷᠥᠯ ᠵᠦᠶᠯ ᠂ ᠥᠪᠥᠷ ᠮᠣᠩᠭᠣᠯ ‍ᠤᠨ ᠵᠠᠮᠪᠠᠯᠳᠣᠷᠵᠢ ᠮᠣᠩᠭᠣᠯ ᠡᠮ ‍ᠦᠨ ᠮᠠᠲ᠋ᠧᠷᠢᠶᠠᠯ ‍ᠤᠨ ᠬᠣᠲᠠ ᠂ ᠣᠢ ᠮᠣᠳᠣᠨ ‍ᠤ ᠠᠮᠢᠳᠤ ᠪᠣᠳᠠᠰ ‍ᠤᠨ ᠴᠠᠬᠢᠯᠭᠠᠨ ᠭᠠᠷᠭᠠᠯᠲᠠ ᠶ᠋ᠢᠨ ᠲᠥᠷᠥᠯ ᠵᠦᠶᠯ ‍ᠦᠨ ᠪᠦᠲᠦᠭᠡᠨ ᠪᠠᠶᠢᠭᠣᠯᠣᠯᠳᠠ ᠪᠣᠯᠤᠨ ᠦᠶᠯᠡᠳᠪᠦᠷᠢᠯᠡᠯ ᠡᠵᠡᠩᠨᠡᠯᠲᠡ ᠶ᠋ᠢᠨ ᠪᠠᠶᠢᠳᠠᠯ ‍ᠢ ᠲᠤᠬᠠᠶ ᠶ᠋ᠢᠨ ᠭᠠᠵᠠᠷ ᠣᠶᠢᠯᠠᠭᠠᠰᠠᠨ ᠪᠥᠭᠡᠳ ᠬᠣᠰᠢᠭᠤᠨ ‍ᠤ ᠠᠷᠠᠳ ‍ᠤᠨ ᠵᠠᠰᠠᠭ ‍ᠦᠨ ᠣᠷᠳᠣᠨ ‍ᠤ ᠪᠦᠬᠦ ᠬᠣᠰᠢᠭᠤᠨ ‍ᠤ ᠠᠵᠤ ᠠᠬᠤᠢ ᠶ᠋ᠢᠨ ᠠᠵᠢᠯᠯᠠᠭᠠᠨ ‍ᠤ ᠪᠠᠶᠢᠳᠠᠯ ‍ᠤᠨ ᠲᠤᠬᠠᠶ ᠮᠡᠳᠡᠭᠦᠯᠦᠯᠲᠡ ᠶ᠋ᠢ ᠰᠣᠨᠣᠰᠣᠡᠡᠰᠠᠨ ᠪᠠᠶᠢᠨ᠎ᠠ ᠃

        ᠲᠡᠭᠡᠷ᠎ᠡ ᠬᠠᠭᠠᠰ ᠵᠢᠯ ᠳ᠋ᠦ ᠂ ᠪᠥᠬᠥ ᠬᠣᠰᠢᠭᠣ ᠪᠠᠷ ᠢᠶᠡᠨ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ‍ᠤᠨ ᠣᠨᠴᠠᠯᠢᠭ ᠲᠠᠶ ᠨᠠᠶᠢᠭᠡᠮ ᠵᠢᠷᠤᠮ ‍ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠵᠤ ᠂ ᠬᠣᠰᠢᠭᠣᠨ ‍ᠤ ᠨᠠᠮ ‍ᠤᠨ ᠬᠣᠷᠢᠶᠠᠨ ‍ᠤ ᠪᠠᠲᠤ ᠴᠢᠩᠭ᠎ᠠ ᠤᠳᠤᠷᠢᠳᠤᠯᠭ᠎ᠠ ᠂ ᠬᠣᠰᠢᠭᠣᠨ ‍ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ᠂ ᠬᠣᠰᠢᠭᠣᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠪᠦᠲᠦᠮᠵᠢᠲᠡᠶ ᠬᠢᠨᠠᠯᠲᠠ ᠪᠠ ᠬᠦᠴᠦᠲᠡᠶ ᠳᠡᠮᠵᠢᠯᠭᠡ ᠳᠣᠤᠷ᠎ᠠ ᠂ ᠰᠢᠨ᠎ᠡ ᠬᠥᠭᠵᠢᠯᠲᠡ ᠶ᠋ᠢᠨ ᠣᠶᠢᠯᠠᠭᠠᠭᠳᠠᠬᠣᠨ ‍ᠢ ᠪᠠᠷᠢᠮᠲᠠᠯᠠᠵᠤ ᠂ ᠠᠮᠢ ᠠᠬᠤᠶ ᠶ᠋ᠢ ᠲᠡᠷᠢᠭᠦᠨ ᠳ᠋ᠦ ᠳᠠᠯᠪᠢᠵᠣ ᠂ ᠪᠣᠬᠢᠷᠲᠤᠯ ᠥᠬᠡᠶ ᠬᠦᠭᠵᠢᠬᠦᠯᠬᠦ ᠶ᠋ᠢ ᠪᠠᠷᠢᠮᠲᠠᠯᠠᠵᠤ ᠂ ᠴᠢᠨᠠᠷ ᠰᠠᠶᠢᠲᠠᠶ ᠬᠥᠭᠵᠢᠯᠲᠡ ᠶ᠋ᠢᠨ ᠱᠠᠭᠠᠷᠳᠠᠯᠭ᠎ᠠ ᠶᠣᠰᠣᠭᠠᠷ ᠂ ᠰᠡᠳᠬᠢᠯ ‍ᠢᠶ᠋ᠡᠨ ᠨᠢᠭᠡᠳᠬᠡᠨ ᠬᠦᠴᠦᠨ ᠪᠡᠨ ᠬᠠᠮᠲᠤᠳᠬᠠᠵᠤ ᠬᠦᠴᠢᠷ ‍ᠢ ᠲᠤᠭᠤᠯᠤᠨ ᠪᠡᠷᠬᠡ ᠶ᠋ᠢ ᠳᠠᠪᠠᠵᠤ ᠂ ᠪᠥᠬᠥ ᠬᠣᠰᠢᠭᠤᠨ ‍ᠤ ᠠᠵᠤ ᠠᠬᠤᠢ ᠶ᠋ᠢᠨ ᠭᠦᠶᠴᠡᠳᠬᠡᠬᠦ ᠲᠣᠭ᠎ᠠ ᠶ᠋ᠢᠨ ᠠᠵᠢᠯᠯᠠᠭᠠᠨ ᠳᠣᠭᠳᠠᠭᠣᠨ ᠂ ᠭᠤᠷᠪᠠᠨ ᠶᠡᠬᠡ ᠰᠢᠪᠲᠤᠯᠤᠯᠲᠠ ᠶ᠋ᠢᠨ ᠳᠠᠶᠢᠯᠠᠯᠳᠤᠭᠠᠨ ᠤ ᠦᠷ᠎ᠡ ᠪᠦᠲᠦᠮᠵᠢ ᠢᠯᠡᠳᠳᠡ ᠂ ᠲᠠᠷᠢᠶᠠᠯᠠᠩ ᠦᠶᠯᠡᠳᠪᠦᠷᠢᠯᠡᠯ ‍ᠦᠨ ᠪᠠᠶᠢᠳᠡᠯ ᠰᠠᠶᠢᠨ ᠂ ᠠᠵᠤ ᠦᠶᠯᠡᠳᠪᠦᠷᠢ ᠶ᠋ᠢᠨ ᠦᠶᠯᠡᠳᠪᠦᠷᠢᠯᠡᠯ ‍ᠦᠨ ᠪᠠᠶᠢᠳᠠᠯ ᠲᠣᠭᠲᠠᠭᠤᠨ ᠂ ᠵᠠᠬ᠎ᠠ ᠳᠡᠯᠭᠡᠭᠦᠷ ‍ᠦᠨ ᠬᠡᠷᠡᠭᠯᠡᠭᠡ ᠬᠥᠭᠵᠢᠶᠡᠨᠲᠡᠶ ᠪᠠᠶᠢᠵᠣ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠢ ᠳᠣᠭᠳᠠᠭᠣᠨ ᠠᠬᠢᠭᠣᠯᠵᠦ ᠂ ᠭᠣᠣᠯᠳᠠᠯᠭᠠᠳᠣ ᠲᠥᠷᠥᠯ ᠵᠦᠶᠯ ‍ᠢ ᠡᠮᠬᠢ ᠵᠢᠷᠤᠮ ᠲᠠᠶ ᠲᠦᠯᠬᠢᠨ ᠠᠬᠢᠭᠣᠯᠵᠦ ᠪᠠᠶᠢᠨ᠎ᠠ ᠃

     ᠬᠤᠷᠠᠯ ᠡᠴᠠ ᠴᠢᠩᠭᠠᠳᠬᠠᠭᠰᠠᠨ ᠨᠢ ᠂ ᠠᠵᠢᠯ ‍ᠤᠨ ᠭᠣᠤᠯᠳᠠᠯᠭ᠎ᠠ ᠳ᠋ᠤ ᠠᠩᠬᠠᠷᠤᠯ ᠢᠶᠡᠨ ᠲᠥᠪᠯᠡᠷᠡᠭᠦᠯᠵᠦ ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠶᠢᠯᠠᠯᠳᠤᠭᠠᠨ ‍ᠢ ᠪᠦᠬᠦ ᠬᠦᠴᠦᠨ ‍ᠢᠶ᠋ᠡᠷ ‍ᠢᠶ᠋ᠡᠨ ᠰᠠᠶᠢᠲᠤᠷ ᠬᠢᠬᠦ ᠬᠡᠷᠡᠭᠲᠡᠶ ᠃ ᠭᠣᠣᠯᠳᠠᠯᠭᠠᠳᠣ ᠲᠥᠷᠥᠯ ᠵᠦᠶᠯ ‍ᠦᠨ ᠪᠦᠲᠦᠭᠡᠨ ᠪᠠᠶᠢᠭᠤᠯᠤᠯᠲᠠ ᠶ᠋ᠢ ᠰᠠᠶᠢᠲᠤᠷ ᠠᠳᠬᠤᠵᠤ ᠂ ᠠᠵᠤ ᠠᠬᠤᠢ ᠶ᠋ᠢᠨ ᠴᠢᠨᠠᠷ ᠰᠠᠶᠢᠲᠠᠶ ᠬᠥᠭᠵᠢᠯᠲᠡ ᠶ᠋ᠢ ᠠᠬᠢᠭᠤᠯᠬᠤ ᠬᠡᠷᠡᠭᠲᠡᠶ ᠃ ᠭᠤᠷᠪᠠᠨ ᠠᠵᠤ ᠦᠢᠯᠡᠰ ‍ᠦᠨ ᠬᠥᠭᠵᠢᠯᠲᠡ ᠶ᠋ᠢ ᠵᠣᠬᠢᠴᠠᠭᠤᠯᠵᠤ ᠂ ᠠᠵᠤ ᠠᠬᠤᠢ ᠶ᠋ᠢᠨ ᠲᠣᠭᠲᠠᠭᠤᠨ ᠡᠷᠭᠢᠯᠲᠡ ᠶ᠋ᠢ ᠠᠬᠢᠭᠤᠯᠬᠤ ᠬᠡᠷᠡᠭᠲᠡᠶ ᠃ ᠨᠠᠶᠢᠭᠡᠮ ‍ᠦᠨ ᠪᠠᠶᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠬᠠᠵᠤ ᠂ ᠣᠯᠠᠨ ᠲᠦᠮᠡᠨ ‍ᠦ ᠵᠣᠯ ᠵᠢᠷᠭᠠᠯ ‍ᠤᠨ ᠵᠢᠭᠠᠯᠲᠠ ᠲᠣᠭ᠎ᠠ ᠶ᠋ᠢ ᠳᠡᠭᠡᠭᠰᠢᠯᠡᠭᠦᠯᠬᠦ ᠬᠡᠷᠡᠭᠲᠡᠶ ᠭᠡᠵᠡᠢ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ