ᠵᠠᠩ ᠬᠤᠸᠠ ᠨᠠᠷ ᠲᠠᠴᠢᠨᠲᠠᠯ᠎ᠠ ᠪᠠᠯᠭᠠᠰᠣ ᠂ ᠪᠠᠶᠠᠨᠲᠠᠯ᠎ᠠ ᠰᠣᠮᠣ ᠳ᠋ᠤ ᠬᠦᠷᠴᠦ ᠣᠳᠣᠬᠠᠨ ‍ᠤ ᠭᠣᠣᠯᠳᠠᠯᠭᠠᠳᠣ ᠠᠵᠢᠯ ᠳ᠋ᠥ ᠪᠠᠶᠢᠴᠠᠭᠠᠯᠳᠠ ᠬᠢᠭᠰᠡᠨ

ᠣᠩᠰᠢᠭᠰᠠᠨ ᠤᠳᠠᠭ᠎ᠠ ᠄ 943     ᠨᠡᠶᠢᠳᠡᠯᠡᠭᠰᠡᠨ ᠴᠠᠭ ᠄ 2019/9/6 15:00:02


        8 ᠳ᠋ᠣᠭᠠᠷ ᠰᠠᠷ᠎ᠠ ᠶ᠋ᠢᠨ 29 ‍ᠦ ᠡᠳᠦᠷ ᠂ ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠂ ᠥᠪᠡᠷᠲᠡᠭᠡᠨ ᠵᠠᠰᠠᠬᠤ ᠣᠷᠣᠨ ᠡᠴᠠ ᠨᠠᠶ᠋ᠮᠠᠨ ᠬᠣᠰᠢᠭᠤᠨ ᠳ᠋ᠤ ᠲᠣᠮᠢᠯᠠᠭᠰᠠᠨ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠠᠵᠢᠯ ‍ᠤᠨ ᠶᠡᠷᠦᠩᠬᠡᠶ ᠠᠩᠭᠢ ᠶ᠋ᠢᠨ ᠳᠠᠷᠤᠭ᠎ᠠ ᠂ ᠬᠣᠰᠢᠭᠣᠨ ᠤ ᠨᠠᠮ ‍ᠤᠨ ᠬᠣᠷᠢᠶᠠᠨ ‍ᠤ ᠳᠡᠳ᠋ ᠱᠦᠵᠢ ᠶᠢᠨ ᠵᠢᠶᠠᠨ ᠱᠧ ᠨᠠᠷ ᠪᠠᠶᠠᠨᠲᠠᠯ᠎ᠠ ᠰᠤᠮᠤ ᠂ ᠲᠠᠴᠢᠨᠲᠠᠯ᠎ᠠ ᠪᠠᠯᠭᠠᠰᠤᠨ ᠳ᠋ᠤ ᠭᠦᠨᠵᠡᠭᠡᠶᠢᠷᠡᠨ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ ᠵᠥᠷᠢᠴᠡᠯ ‍ᠢ ᠣᠯᠠᠨ ᠡᠰᠢᠴᠢᠯᠡᠨ ᠰᠢᠶᠳᠪᠦᠷᠢᠯᠡᠬᠦ ᠂ ᠠᠶᠤᠯᠭᠦᠶ ᠦᠶᠯᠡᠳᠪᠦᠷᠢᠯᠡᠯ ᠵᠡᠷᠭᠡ ᠣᠳᠣᠬᠠᠨ ‍ᠤ ᠭᠣᠤᠯᠳᠠᠯᠭ᠎ᠠ ᠲᠠᠶ ᠠᠵᠢᠯ ᠳ᠋ᠥ ᠪᠠᠶᠢᠴᠠᠭᠠᠯᠳᠠ ᠬᠢᠬᠦ ᠶ᠋ᠢᠨ ᠬᠠᠮᠲᠤ ᠰᠠᠭᠣᠳᠠᠯ ᠤᠨ ᠬᠣᠷᠠᠯ ᠬᠣᠷᠠᠯᠳᠣᠭᠣᠯᠭᠰᠠᠨ ᠪᠠᠶᠢᠨ᠎ᠠ ᠃
        ᠬᠤᠷᠠᠯ ᠡᠴᠠ ᠴᠢᠩᠭᠠᠳᠬᠠᠭᠰᠠᠨ ᠨᠢ ᠂ ᠪᠠᠶᠢᠴᠠᠭᠠᠯᠳᠠ ᠬᠢᠬᠦ ᠰᠤᠷᠲᠠᠯ ‍ᠢ ᠶᠡᠬᠡᠪᠡᠷ ᠪᠠᠳᠠᠷᠠᠭᠣᠯᠣᠨ ᠂ ᠪᠣᠳᠠᠲᠠᠶ ᠶ᠋ᠢ ᠡᠷᠬᠢᠮᠯᠡᠬᠦ ᠰᠤᠷᠲᠠᠯ ‍ᠢ ᠶᠡᠬᠡᠪᠡᠷ ᠮᠠᠨᠳᠤᠭᠤᠯᠵᠤ ᠂ ᠬᠠᠷᠢᠭᠤᠴᠠᠯᠭ᠎ᠠ ᠡᠭᠦᠷᠭᠡᠯᠡᠬᠦ ᠰᠤᠷᠲᠠᠯ ‍ᠢ ᠶᠡᠬᠡᠪᠡᠷ ᠪᠠᠳᠠᠷᠠᠭᠣᠯᠣᠨ ᠂ ᠣᠶᠤᠨ ᠤᠬᠠᠭᠠᠨ ᠬᠦᠴᠦᠨ ᠴᠢᠳᠠᠯ ᠢᠶᠡᠨ ᠨᠢᠭᠲᠠᠷᠠᠭᠤᠯᠵᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠢ ᠡᠷᠡᠰ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠶ ᠃

       ᠨᠢᠭᠡ ᠳ᠋ᠦ ᠂ ᠲᠡᠦᠬᠡ ᠶ᠋ᠢᠨ ᠠᠰᠠᠭᠤᠳᠠᠯ ‍ᠢ ᠪᠠᠲᠤᠲᠠᠶ ᠰᠠᠶᠢᠲᠤᠷ ᠰᠢᠶᠳᠪᠦᠷᠢᠯᠡᠬᠦ ᠬᠡᠷᠡᠭᠲᠡᠶ ᠃ ᠠᠷᠠᠳ ᠲᠦᠮᠡᠨ ‍ᠢᠶ᠋ᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠪᠠᠲᠤ ᠪᠤᠢ ᠪᠣᠯᠭᠠᠵᠤ ᠂ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠰᠤᠷᠤᠯᠴᠠᠨ ᠂ ᠵᠥᠷᠢᠴᠡᠯ ‍ᠦᠨ ᠳᠠᠯᠳᠠ ᠭᠡᠮ ‍ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠂ ᠨᠡᠶᠢᠭᠡᠮ ‍ᠦᠨ ᠡᠶ᠎ᠡ ᠵᠣᠬᠢᠴᠠᠩᠭᠣᠢ ᠲᠣᠭᠲᠠᠭᠤᠨ ‍ᠢ ᠦᠨᠡᠨᠬᠦ ᠪᠠᠳᠣᠯᠠᠬᠣ ᠬᠡᠷᠡᠭᠲᠡᠢ ᠃ ᠠᠷᠠᠳ ‍ᠤᠨ ᠰᠠᠨᠠᠭ᠎ᠠ ᠶ᠋ᠢ ᠰᠠᠨᠠᠭᠠᠴᠢᠯᠠᠭ᠎ᠠ ᠡᠴᠠ ᠪᠠᠨ ᠣᠶᠢᠯᠠᠭᠠᠨ ᠂ ᠬᠦᠰᠡᠯ ᠱᠠᠭᠠᠷᠳᠠᠯᠭ᠎ᠠ ᠶ᠋ᠢ ᠨᠢ ᠰᠣᠨᠣᠰᠴᠤ ᠂ ᠠᠷᠠᠳ ᠲᠤ ᠠᠰᠢᠭ ᠬᠦᠷᠲᠡᠭᠡᠬᠦ ᠡᠯ᠎ᠡ ᠵᠦᠶ᠋ᠯ ‍ᠦᠨ ᠠᠷᠭ᠎ᠠ ᠬᠡᠮᠵᠢᠶ᠎ᠡ ᠶ᠋ᠢ ᠰᠠᠶᠢᠲᠤᠷ ᠲᠤᠤᠱᠯᠠᠭᠤᠯᠤᠨ ᠨᠠᠶᠢᠳᠠᠪᠣᠷᠢᠵᠢᠭᠣᠯᠵᠣ ᠂ ᠨᠠᠮ ‍ᠤᠨ ᠲᠥᠷᠥ ᠶ᠋ᠢᠨ ᠪᠣᠳᠣᠯᠭ᠎ᠠ ᠶ᠋ᠢ ᠦᠨᠡᠨᠬᠦ ᠰᠠᠶᠢᠲᠤᠷ ᠨᠠᠶᠢᠳᠠᠪᠣᠷᠢᠵᠢᠭᠣᠯᠬᠣ ᠬᠡᠷᠡᠭᠲᠡᠶ ᠃ ᠵᠥᠷᠢᠴᠡᠯ ‍ᠦᠨ ᠳᠠᠯᠳᠠ ᠭᠡᠮ ᠳ᠋ᠦ ᠠᠩᠬᠠᠷᠤᠯ ᠢᠶᠡᠨ ᠲᠥᠪᠯᠡᠷᠡᠭᠦᠯᠵᠦ ᠂ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠴᠣᠭᠴᠠᠯᠠᠯᠲᠠ ᠂ ᠦᠨᠳᠦᠰᠦᠨ ᠱᠠᠲᠤᠨ ‍ᠤ ᠨᠡᠶᠢᠭᠡᠮ ‍ᠦᠨ ᠵᠠᠰᠠᠯᠲᠠ ᠂ ᠨᠤᠲᠤᠭ ‍ᠤᠨ ᠪᠣᠯᠪᠠᠰᠤᠨ ᠰᠤᠷᠲᠠᠯ ᠂ ᠺᠠᠳ᠋ᠷ ‍ᠤᠨ ᠰᠤᠷᠲᠠᠯ ‍ᠤᠨ ᠪᠠᠶᠢᠭᠤᠯᠣᠯᠳᠠ ᠵᠡᠷᠭᠡ ᠲᠠᠯ᠎ᠠ ᠳ᠋ᠤ ᠭᠦᠨᠵᠡᠭᠡᠶᠢᠷᠡᠵᠦ ᠂ ᠠᠰᠠᠭᠤᠳᠠᠯ ‍ᠢ ᠦᠨᠳᠦᠰᠦᠨ ᠡᠴᠡ ᠨᠢ ᠲᠤᠶᠢᠯᠪᠤᠷᠢᠲᠠᠶ ᠰᠢᠢᠳᠪᠦᠷᠢᠯᠡᠬᠦ ᠬᠡᠷᠡᠭᠲᠡᠶ ᠃
     ᠬᠣᠶᠠᠷ ᠲᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠪᠣᠯᠤᠨ ᠬᠥᠳᠡᠭᠡ ᠲᠣᠰᠬᠣᠨ ‍ᠢ ᠬᠦᠭᠵᠢᠭᠦᠯᠵᠣ ᠮᠠᠨᠳᠤᠭᠤᠯᠬᠤ ᠶ᠋ᠢ ᠪᠦᠲᠦᠮᠵᠢᠲᠡᠶ ᠵᠣᠯᠭᠠᠭᠤᠯᠬᠤ ᠶ᠋ᠢ ᠪᠦᠬᠦ ᠬᠦᠴᠦᠨ ‍ᠢᠶ᠋ᠡᠷ ‍ᠢᠶ᠋ᠡᠨ ᠰᠠᠶᠢᠲᠤᠷ ᠠᠳᠬᠣᠬᠣ ᠬᠡᠷᠡᠭᠲᠡᠢ ᠃ ᠲᠥᠪ ‍ᠦᠨ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠲᠤᠰᠬᠠᠢ ᠲᠣᠭᠣᠷᠢᠨ ᠪᠠᠶᠢᠴᠠᠭᠠᠯᠲᠠ ᠂ ᠤᠯᠤᠰ ᠪᠠ ᠥᠪᠡᠷᠲᠡᠭᠡᠨ ᠵᠠᠰᠠᠬᠤ ᠣᠷᠣᠨ ‍ᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠦᠷ᠎ᠡ ᠪᠦᠲᠦᠮᠵᠢ ᠶ᠋ᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ‍ᠢ ᠴᠡᠭᠴᠡᠯᠡᠨ ᠰᠠᠶᠢᠵᠢᠷᠠᠭᠣᠯᠬᠣ ᠳ᠋ᠤ ᠠᠩᠬᠠᠷᠤᠯ ᠢᠶᠡᠨ ᠲᠥᠪᠯᠡᠷᠡᠭᠦᠯᠵᠦ ᠂ 《 ᠬᠣᠶᠠᠷ ᠲᠤ ᠵᠣᠪᠠᠬᠤ ᠦᠭᠡᠢ ᠭᠤᠷᠪᠠ ᠶ᠋ᠢ ᠪᠠᠲᠤᠯᠠᠬᠤ 》 ᠂ 《 ᠪᠦᠬᠦᠨ ‍ᠢ ᠦᠭᠡᠶᠢᠰᠭᠡᠨ ᠪᠠᠷᠢᠮᠵᠢᠶ᠎ᠠ ᠳ᠋ᠤ ᠬᠦᠷᠭᠡᠬᠦ 》 ᠵᠢᠴᠢ 《 ᠠᠷᠪᠠᠨ ᠵᠦᠢᠯ ‍ᠦᠨ ᠲᠥᠷᠦ ᠶ᠋ᠢᠨ ᠪᠣᠳᠣᠯᠭ᠎ᠠ 》 ᠶ᠋ᠢ ᠴᠢᠩᠭ᠎ᠠ ᠨᠠᠶᠢᠳᠠᠪᠣᠷᠢᠵᠢᠭᠣᠯᠵᠣ ᠂ ᠪᠣᠳᠠᠲᠤ ᠦᠷ᠎ᠡ ᠪᠦᠲᠦᠮᠵᠢ ᠶ᠋ᠢ ᠴᠢᠬᠤᠯᠠᠴᠢᠯᠠᠨ ᠂ ᠱᠠᠲᠤ ᠳᠠᠮᠵᠢᠨ ᠬᠠᠷᠢᠭᠤᠴᠠᠯᠭ᠎ᠠ ᠶ᠋ᠢ ᠪᠣᠳᠠᠳᠠᠶᠢᠵᠢᠭᠣᠯᠬᠣ ᠬᠡᠷᠡᠭᠲᠡᠢ ᠃ 《 ᠠᠵᠤ ᠦᠶ᠋ᠯᠡᠰ + ᠮᠥᠩᠭᠥᠨ ᠭᠦᠶ᠋ᠯᠭᠡᠭᠡ 》 ᠪᠠᠷ ᠶᠠᠳᠠᠭᠤ ᠶ᠋ᠢ ᠲᠡᠳᠬᠦᠬᠦ ᠶ᠋ᠢ ᠭᠣᠣᠯᠳᠠᠯᠭ᠎ᠠ ᠲᠠᠢ ᠰᠠᠶᠢᠲᠤᠷ ᠠᠳᠬᠤᠵᠤ ᠂ ᠬᠦᠳᠡᠯᠮᠣᠷᠢᠯᠡᠬᠦ ᠴᠢᠳᠠᠪᠤᠷᠢ ᠲᠠᠶ ᠶᠠᠳᠠᠭᠤ ᠬᠦᠴᠢᠷᠳᠡᠯᠲᠡᠶ ᠣᠯᠠᠨ ᠲᠦᠮᠡᠨ ‍ᠢ ᠲᠣᠭᠲᠠᠭᠤᠨ ᠶᠠᠳᠠᠭᠤ ᠡᠴᠠ ᠠᠩᠭᠢᠵᠢᠷᠠᠭᠤᠯᠤᠨ ᠣᠷᠣᠯᠭ᠎ᠠ ᠶ᠋ᠢ ᠨᠢ ᠨᠡᠮᠡᠭᠳᠡᠭᠦᠯᠬᠦ ᠬᠡᠷᠡᠭᠲᠡᠶ ᠃ ᠨᠡᠶᠢᠭᠡᠮ ‍ᠦᠨ ᠬᠠᠪᠰᠤᠷᠤᠨ ᠲᠡᠳᠬᠦᠬᠦ ᠲᠣᠭᠲᠠᠴᠠ ᠶ᠋ᠢ ᠪᠠᠶᠢᠭᠣᠯᠵᠣ ᠂ ᠦᠨᠳᠦᠰᠦᠨ ᠵᠦᠶ᠋ᠯ ‍ᠢ ᠪᠠᠲᠤᠯᠠᠬᠤ ᠡᠯ᠎ᠡ ᠲᠦᠷᠦᠯ ‍ᠦᠨ ᠪᠠᠲᠤᠯᠠᠪᠤᠷᠢ ᠶ᠋ᠢᠨ ᠲᠥᠷᠦ ᠶ᠋ᠢᠨ ᠪᠣᠳᠣᠯᠭ᠎ᠠ ᠶ᠋ᠢ ᠰᠠᠶᠢᠲᠤᠷ ᠨᠠᠶᠢᠳᠠᠪᠣᠷᠢᠵᠢᠭᠣᠯᠵᠣ ᠂ ᠤᠨᠢᠨ ᠳᠡᠭᠡᠷ᠎ᠡ ᠨᠢ ᠶᠠᠳᠠᠭᠤ ᠡᠴᠠ ᠠᠩᠭᠢᠵᠢᠷᠠᠭᠤᠯᠬᠤ ᠳ᠋ᠤ ᠨᠢᠭᠡ ᠶ᠋ᠢ ᠴᠦ ᠣᠷᠬᠢᠭᠳᠠᠭᠤᠯᠬᠤ ᠦᠭᠡᠢ ᠪᠠᠶᠢᠬᠤ ᠶ᠋ᠢ ᠪᠠᠲᠤᠯᠠᠬᠤ ᠬᠡᠷᠡᠭᠲᠡᠶ ᠃
      ᠭᠣᠷᠪᠠ ᠳ᠋ᠥ ᠂ ᠴᠡᠭᠴᠡᠯᠡᠨ ᠵᠠᠰᠠᠬᠤ ᠠᠵᠢᠯ ‍ᠢ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠴᠣᠭᠴᠠᠯᠠᠯᠳᠠ ᠂ ᠠᠶᠤᠯ ᠲᠦᠭᠰᠢᠭᠦᠷᠢ ᠶ᠋ᠢ ᠰᠡᠷᠭᠡᠶᠢᠯᠡᠨ ᠠᠷᠢᠯᠭᠠᠬᠤ ᠂ ᠬᠠᠤᠯᠢ ᠴᠠᠭᠠᠵᠠ ᠶ᠋ᠢᠨ ᠶᠡᠷᠦ ᠶ᠋ᠢᠨ ᠮᠡᠳᠡᠯᠭᠡ ᠶ᠋ᠢ ᠲᠦᠬᠡᠮᠡᠯᠵᠢᠬᠦᠯᠦᠨ ᠣᠬᠠᠭᠣᠯᠬᠣ ᠲᠠᠶ ᠨᠢᠭᠲᠠ ᠣᠶᠠᠯᠳᠣᠭᠣᠯᠬᠣ ᠬᠡᠷᠡᠭᠲᠡᠢ ᠃ 《 ᠤᠭ ᠰᠠᠨᠠᠭ᠎ᠠ ᠪᠠᠨ ᠦᠯᠦ ᠮᠠᠷᠳᠠᠵᠣ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳᠦᠪᠲᠦ ᠬᠥᠮᠦᠵᠢᠯ ‍ᠢ ᠥᠷᠨᠢᠭᠦᠯᠬᠦ ᠲᠡᠶ ᠤᠶᠠᠯᠳᠤᠭᠤᠯᠤᠨ ᠂ 《 ᠤᠭ ᠰᠠᠨᠠᠭ᠎ᠠ ᠵᠢ ᠪᠠᠷᠢᠮᠲᠠᠯᠠᠬᠤ ᠂ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠂ ᠵᠥᠷᠢᠶ᠎ᠡ ᠵᠢ ᠡᠷᠢᠬᠦ ᠂ ᠨᠠᠶᠢᠳᠠᠪᠤᠷᠢᠵᠢᠭᠤᠯᠤᠯᠲᠠ ᠶ᠋ᠢ ᠠᠳᠬᠤᠬᠤ 》 ᠶᠡᠷᠦᠩᠬᠡᠢ ᠱᠠᠭᠠᠷᠳᠠᠯᠭ᠎ᠠ ᠶ᠋ᠢᠨ ᠲᠣᠭᠣᠷᠢᠨ ᠳ᠋ᠤ ᠂ ᠡᠯ᠎ᠡ ᠵᠦᠢᠯ ‍ᠤᠨ ᠳᠡᠷᠢᠬᠦᠨ ᠤ ᠨᠡᠶᠢᠳᠡᠯᠢᠭ ‍ᠢ ᠬᠦᠮᠦᠵᠢᠭᠦᠯᠦᠨ ᠂ ᠪᠦᠬᠦ ᠬᠣᠰᠢᠭᠤᠨ ‍ᠤ ᠥᠷᠭᠡᠨ ᠣᠯᠠᠨ ᠨᠠᠮ ‍ᠤᠨ ᠭᠡᠰᠢᠭᠦᠨ ᠺᠠᠳ᠋ᠷᠴᠤᠳ ‍ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶ᠋ᠢ ᠵᠣᠷᠢᠭᠵᠢᠭᠤᠯᠤᠨ ᠲᠠᠭᠠᠭᠣᠯᠬᠣ ᠬᠡᠷᠡᠭᠲᠡᠢ ᠃ 《 ᠲᠠᠪᠤᠨ ᠤᠯᠠᠭᠠᠨ ᠳᠣᠭᠳᠣ ᠭᠠᠴᠠᠭ᠎ᠠ ᠲᠣᠰᠬᠣᠨ 》 ‍ᠢ ᠡᠭᠦᠳᠦᠨ ᠪᠠᠶᠢᠭᠤᠯᠬᠤ ᠠᠵᠢᠯ ‍ᠢ ᠭᠦᠨᠵᠡᠭᠡᠶ ᠥᠷᠨᠢᠭᠦᠯᠵᠦ ᠂ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢ ᠴᠡᠭᠴᠡᠯᠡᠬᠦ ᠡᠷᠴᠢᠮ ‍ᠢᠶ᠋ᠡᠨ ᠦᠷᠭᠦᠯᠵᠢᠯᠡᠨ ᠴᠢᠩᠭᠠᠷᠠᠭᠤᠯᠵᠤ ᠂ ᠠᠷᠭ᠎ᠠ ᠪᠦᠬᠦᠨ ‍ᠢ ᠰᠦᠪᠡᠭᠴᠢᠯᠡᠨ ᠂ ᠭᠠᠴᠠᠭ᠎ᠠ ᠲᠣᠰᠬᠣᠨ ‍ᠤ ᠬᠠᠮᠲᠤ ᠶ᠋ᠢᠨ ᠠᠵᠤ ᠠᠬᠤᠶ ᠶ᠋ᠢ ᠬᠥᠭᠵᠢᠭᠦᠯᠦᠨ ᠪᠤᠵᠠᠭᠠᠶᠢᠷᠠᠭᠤᠯᠵᠤ ᠂ ᠭᠠᠴᠠᠭ᠎ᠠ ᠲᠣᠰᠬᠣᠨ ‍ᠤ 《 ᠬᠣᠶᠠᠷ ᠵᠥᠪᠯᠡᠯ 》 ‍ᠤᠨ ᠪᠠᠭ ‍ᠢ ᠬᠦᠴᠦᠷᠬᠡᠭᠵᠢᠭᠦᠯᠦᠨ ᠂ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠪᠦᠲᠦᠭᠡᠯᠴᠢ ᠬᠦᠴᠦᠨ ᠂ ᠨᠢᠭᠳᠠᠷᠠᠯ ‍ᠤᠨ ᠬᠦᠴᠦᠨ ᠪᠠ ᠳᠠᠶᠢᠴᠢᠨ ᠬᠦᠴᠦᠨ ‍ᠢ ᠴᠢᠩᠭᠠᠳᠬᠠᠬᠤ ᠬᠡᠷᠡᠭᠲᠡᠶ ᠭᠡᠰᠡᠨ ᠪᠠᠶᠢᠨ᠎ᠠ ᠃ 



ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ