ᠲᠦᠩᠯᠢᠶᠣᠤ ᠬᠣᠲᠠ ᠶ᠋ᠢᠨ ᠰᠤᠷᠭᠠᠨ ᠬᠥᠮᠦᠵᠢᠯ ‍ᠦᠨ ᠰᠢᠰᠲ᠋ᠧᠮ ᠮᠠᠨ ‍ᠤ ᠬᠣᠰᠢᠭᠤᠨ ᠳ᠋ᠤ ᠢᠷᠡᠵᠦ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ᠳ᠋ᠥ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 2048     ᠨᠡᠶᠢᠳᠡᠯᠡᠭᠰᠡᠨ ᠴᠠᠭ ᠄ 2019/9/6 15:04:08

   

      8 ᠳ᠋ᠣᠭᠠᠷ ᠰᠠᠷ᠎ᠠ ᠶ᠋ᠢᠨ 30 ‍ᠦ ᠡᠳᠦᠷ ᠂ ᠬᠣᠲᠠ ᠶ᠋ᠢᠨ ᠨᠠᠮ ‍ᠤᠨ ᠬᠣᠷᠢᠶᠠᠨ ‍ᠤ ᠰᠤᠷᠭᠠᠨ ᠬᠥᠮᠦᠵᠢᠯ ‍ᠦᠨ ᠠᠵᠢᠯ ‍ᠤᠨ ᠬᠣᠷᠢᠶᠠᠨ ᠤ ᠱᠦᠵᠢ ᠂ ᠬᠣᠲᠠ ᠶ᠋ᠢᠨ ᠰᠤᠷᠭᠠᠨ ᠬᠥᠮᠦᠵᠢᠯ ‍ᠦᠨ ᠲᠣᠪᠴᠢᠶᠠᠨ ‍ᠤ ᠨᠠᠮ ‍ᠤᠨ ᠤᠳᠤᠷᠢᠳᠬᠤ ᠳᠤᠭᠤᠶᠢᠯᠠᠩ ‍ᠤᠨ ᠱᠦᠵᠢ ᠂ ᠲᠣᠪᠴᠢᠶᠠᠨ ᠳᠠᠷᠤᠭ᠎ᠠ ᠭᠣᠸ᠎ᠠ ᠲᠦᠩᠯᠢᠶᠣᠤ ᠬᠣᠲᠠ ᠶ᠋ᠢᠨ ᠰᠤᠷᠭᠠᠨ ᠬᠥᠮᠦᠵᠢᠯ ‍ᠦᠨ ᠲᠣᠪᠴᠢᠶᠠᠨ ‍ᠤ ᠪᠠᠶᠢᠭᠤᠯᠭ᠎ᠠ ᠪᠣᠯᠤᠨ ᠡᠯ᠎ᠡ ᠰᠤᠷᠭᠠᠭᠤᠯᠢ ᠶ᠋ᠢᠨ ᠺᠠᠳ᠋ᠷ ᠵᠡᠷᠬᠡ 50 ᠭᠠᠷᠤᠶ ᠬᠥᠮᠦᠨ ‍ᠢ ᠳᠠᠶᠢᠴᠢᠯᠠᠨ ᠮᠠᠨ ‍ᠤ ᠬᠣᠰᠢᠭᠤᠨ ᠳ᠋ᠤ ᠢᠷᠡᠵᠦ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ᠳ᠋ᠥ ᠪᠠᠶᠢᠴᠠᠭᠠᠨ ᠰᠤᠳᠤᠯᠤᠯᠲᠠ ᠬᠢᠵᠦ ᠂ ᠬᠣᠰᠢᠭᠤᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠂ ᠬᠣᠰᠢᠭᠤᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠤᠨ ‍ᠤ ᠠᠷᠠᠳ ‍ᠤᠨ ᠵᠠᠰᠠᠭ ‍ᠤᠨ ᠣᠷᠳᠣᠨ ‍ᠤ ᠬᠣᠰᠢᠭᠤᠨ ᠳᠠᠷᠤᠭ᠎ᠠ ᠪᠦᠷᠢᠨ ᠂ ᠬᠣᠰᠢᠭᠤᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠬᠡᠰᠢᠬᠦᠨ ᠂ ᠵᠣᠬᠢᠶᠠᠨ ᠪᠠᠶᠢᠭᠤᠯᠬᠤ ᠬᠡᠯᠲᠡᠰ ‍ᠦᠨ ᠳᠠᠷᠤᠭ᠎ᠠ ᠪᠣᠣ ᠯᠢᠶᠠᠨ ᠱᠠᠨ ᠪᠠᠷ᠎ᠠ ᠪᠣᠯᠵᠤ ᠪᠠᠶᠢᠴᠠᠭᠠᠯᠳᠠ ᠬᠢᠭᠰᠡᠨ ᠪᠠᠶᠢᠨ᠎ᠠ ᠃

      ᠭᠣᠸ᠎ᠠ ᠨᠠᠷ ᠤᠷᠢᠳ ᠬᠣᠵᠢᠳ ᠬᠣᠰᠢᠭᠤᠨ ‍ᠤ ᠠᠷᠠᠳ ‍ᠤᠨ ᠡᠮᠨᠡᠯᠭᠡ ᠶ᠋ᠢᠨ ᠬᠣᠷᠢᠶ᠎ᠠ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠵᠠᠮ ᠬᠠᠷᠢᠯᠴᠠᠭᠠᠨ ‍ᠤ ᠴᠠᠭᠳᠠᠭ᠎ᠠ ᠶ᠋ᠢᠨ ᠶᠡᠬᠡ ᠠᠩᠭᠢ ᠂ ᠵᠠᠰᠠᠭ ‍ᠤᠨ ᠶᠠᠪᠤᠳᠠᠯ ‍ᠤᠨ ᠦᠶᠯᠡᠴᠢᠯᠡᠭᠡᠨ ‍ᠦ ᠲᠥᠪ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠠᠷᠠᠳ ‍ᠤᠨ ᠪᠠᠶᠢᠴᠠᠭᠠᠬᠤ ᠬᠣᠷᠢᠶ᠎ᠠ ᠂ ᠬᠢᠨᠠᠨ ᠬᠠᠮᠢᠶᠠᠷᠬᠤ ᠶᠡᠬᠡ ᠠᠩᠭᠢ ᠵᠡᠷᠭᠡ ᠵᠢᠷᠭᠤᠭᠠᠨ ᠭᠠᠵᠠᠷ ᠲᠤ ᠬᠦᠷᠴᠦ ᠨᠠᠮ ‍ᠤᠨ ᠪᠠᠶᠢᠭᠤᠯᠤᠯᠲᠠ ᠶ᠋ᠢᠨ ᠠᠵᠢᠯ ‍ᠢ ᠥᠷᠨᠢᠭᠦᠯᠵᠦ ᠪᠠᠶᠢᠭ᠎ᠠ ᠪᠠᠶᠢᠳᠠᠯ ‍ᠢ ᠪᠠᠶᠢᠴᠠᠭᠠᠨ ᠦᠵᠡᠵᠦ ᠂ ᠬᠠᠮᠢᠶ᠎ᠠ ᠪᠦᠬᠦᠢ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠲᠠᠨᠢᠯᠴᠠᠭᠤᠯᠭ᠎ᠠ ᠶ᠋ᠢ ᠰᠣᠨᠣᠰᠣᠨ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠳ᠋ᠤ ᠬᠦᠷᠴᠦ ᠂ ᠪᠠᠶᠢᠴᠠᠭᠠᠬᠣ ᠳᠤᠭᠤᠢᠯᠠᠩ ᠬᠣᠰᠢᠭᠤᠨ ‍ᠤ ᠨᠠᠮ ‍ᠤᠨ ᠬᠣᠷᠢᠶᠠᠨ ‍ᠤ ᠵᠣᠬᠢᠶᠠᠨ ᠪᠠᠶᠢᠭᠤᠯᠬᠤ ᠬᠡᠯᠲᠡᠰ ‍ᠦᠨ ᠨᠠᠷᠢᠨ ᠨᠢᠮᠪᠠᠶ ᠪᠡᠯᠡᠳᠬᠡᠭᠰᠡᠨ 《 ᠡᠪ ᠬᠠᠮᠲᠤ ᠶ᠋ᠢᠨ ᠤᠭ ᠰᠠᠨᠠᠭ᠎ᠠ 》 ᠬᠡᠬᠦ ᠲᠤᠰᠬᠠᠶ ᠰᠡᠳᠦᠪᠲᠦ ᠨᠠᠮ ‍ᠤᠨ ᠬᠢᠴᠢᠶᠡᠯ ‍ᠢ ᠰᠣᠨᠣᠰᠴᠤ ᠂ ᠲᠦᠩᠯᠢᠶᠣᠤ ᠬᠣᠲᠠ ᠶ᠋ᠢᠨ ᠵᠠᠬ᠎ᠠ ᠳᠡᠯᠭᠡᠭᠦᠷ ‍ᠦᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ 300 ᠭᠠᠷᠤᠶ ᠬᠥᠮᠦᠨ ᠬᠠᠮᠳᠣᠪᠠᠷ ᠨᠠᠮ ‍ᠤᠨ ᠬᠢᠴᠢᠶᠡᠯ ᠳ᠋ᠦ ᠣᠷᠣᠯᠴᠠᠵᠤ ᠂ ᠲᠠᠶᠢᠯᠪᠤᠷᠢᠯᠠᠭᠴᠢ ᠬᠣᠪᠢᠰᠬᠠᠯᠳᠣ ᠠᠬᠠᠮᠠᠳ ᠦᠶ᠎ᠡ ᠶ᠋ᠢᠨ ᠪᠠ ᠰᠢᠯᠢᠳᠡᠭ ᠨᠠᠮ ‍ᠤᠨ ᠭᠡᠰᠢᠭᠦᠨ ‍ᠦ ᠲᠡᠷᠢᠭᠦᠨ ‍ᠦ ᠦᠢᠯᠡ ᠶᠠᠪᠤᠳᠠᠯ ‍ᠢ ᠶᠠᠷᠢᠬᠤ ᠪᠠᠷ ᠳᠠᠮᠵᠢᠨ ᠂ ᠡᠪ ᠬᠠᠮᠲᠤ ᠶ᠋ᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶ᠋ᠢ ᠳᠠᠬᠢᠨ ᠡᠷᠭᠢᠴᠡᠭᠦᠯᠵᠦ ᠂ ᠰᠢᠨ᠎ᠡ ᠴᠠᠭ ᠦᠶ᠎ᠡ ᠶ᠋ᠢᠨ ᠡᠪ ᠬᠠᠮᠲᠤ ᠨᠠᠮ ‍ᠤᠨ ᠭᠡᠰᠢᠭᠦᠨ ‍ᠦ ᠬᠠᠷᠢᠭᠤᠴᠠᠯᠭ᠎ᠠ ᠪᠠ ᠡᠭᠦᠷᠭᠡᠯᠡᠯ ‍ᠢ ᠴᠢᠬᠤᠯᠠᠴᠢᠯᠠᠪᠠ ᠃ ᠭᠣᠤᠯ ᠰᠡᠳᠦᠪ ᠲᠣ ᠨᠡᠶᠢᠴᠡᠭᠰᠡᠨ ᠳᠠᠶᠢᠯᠣᠮᠵᠢ ᠨᠢ ᠬᠤᠷᠠᠯ ᠳ᠋ᠤ ᠣᠷᠣᠯᠴᠠᠭᠰᠠᠨ ᠨᠠᠮ ‍ᠤᠨ ᠭᠡᠰᠢᠭᠦᠳ ᠲᠦ ᠠᠮᠢᠳᠤᠯᠢᠭ ᠳᠦᠷᠰᠦᠯᠢᠭ ᠂ ᠰᠡᠳᠬᠢᠯ ᠳ᠋ᠥ ᠬᠠᠳᠠᠩᠰᠢᠭᠰᠠᠨ ᠨᠠᠮ ‍ᠤᠨ ᠬᠢᠴᠢᠶᠡᠯ ‍ᠢ ᠠᠪᠴᠢᠷᠠᠵᠤ ᠥᠭᠴᠡᠶ ᠃ ᠭᠣᠸ᠎ᠠ ᠵᠢᠭᠠᠵᠤ ᠭᠠᠷᠭᠠᠭᠰᠠᠨ ᠨᠢ ᠂ ᠮᠠᠨ ‍ᠤ ᠬᠣᠰᠢᠭᠤᠨ ‍ᠤ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ‍ᠢ ᠴᠢᠩᠭ᠎ᠠ ᠠᠳᠬᠤᠵᠤ ᠂ ᠪᠣᠳᠠᠲᠠᠶ ᠨᠠᠶᠢᠳᠠᠪᠣᠷᠢᠵᠢᠭᠣᠯᠣᠨ ᠂ ᠦᠷ᠎ᠡ ᠪᠦᠲᠦᠮᠵᠢ ᠣᠯᠣᠭᠰᠠᠨ ᠨᠢ ᠂ ᠲᠣᠯᠢ ᠪᠣᠯᠭᠠᠵᠤ ᠪᠣᠯᠬᠣ ᠮᠦᠷᠳᠡᠬᠡᠨ ᠂ ᠳᠡᠯᠭᠡᠷᠡᠭᠦᠯᠦᠭᠦᠰᠢᠲᠡᠶ ᠪᠠᠶᠢᠵᠣ ᠂ ᠬᠣᠶᠠᠷ ᠲᠠᠯ᠎ᠠ ᠪᠠᠷ ᠢᠶᠡᠨ ᠬᠣᠶᠢᠰᠢᠳᠠ ᠶ᠋ᠢᠨ ᠠᠵᠢᠯ ᠳᠤᠮᠳᠠ ᠬᠠᠷᠢᠯᠴᠠᠭ᠎ᠠ ᠪᠠᠨ ᠴᠢᠩᠭᠠᠳᠬᠠᠵᠤ ᠂ ᠰᠠᠶᠢᠨ ᠲᠠᠢ ᠲᠠᠯ᠎ᠠ ᠶ᠋ᠢ ᠨᠢ ᠠᠪᠴᠤ ᠳᠣᠳᠠᠭᠳᠠᠯ ᠳᠠᠢ ᠲᠠᠯ᠎ᠠ ᠪᠠᠨ ᠨᠦᠬᠦᠪᠦᠷᠢᠯᠡᠨ ᠂ ᠪᠠᠶᠢᠭᠤᠯᠭ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠰᠢᠨ᠎ᠡ ᠶ᠋ᠢ ᠡᠬᠦᠳᠦᠨ ᠬᠦᠭᠵᠢᠬᠦ ᠵᠢ ᠬᠠᠮᠲᠤᠪᠠᠷ ᠠᠬᠢᠭᠣᠯᠬᠣ ᠬᠡᠷᠡᠭᠳᠡᠢ ᠭᠡᠵᠡᠶ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ