ᠥᠪᠥᠷ ᠮᠣᠩᠭᠣᠯ ( ᠨᠠᠶᠮᠠᠨ ) ᠤ ᠵᠢᠩ ᠠᠨ ᠥᠩᠭᠡᠲᠦ ᠲᠡᠮᠦᠷᠯᠢᠭ ‍ᠤᠨ ᠮᠠᠲ᠋ᠧᠷᠢᠶᠠᠯ ‍ᠤᠨ ᠬᠢᠵᠠᠭᠠᠷᠲᠤ ᠺᠣᠮᠫᠠᠨᠢ ᠶ᠋ᠢᠨ ᠰᠢᠯᠢᠳᠡᠭ ᠴᠢᠳᠠᠪᠤᠷᠢᠲᠠᠨ ᠬᠥᠮᠦᠵᠢᠭᠦᠯᠬᠦ ᠵᠢᠴᠢ ᠨᠠᠶᠮᠠᠨ ᠬᠣᠰᠢᠭᠤᠨ ‍ᠤ ᠠᠵᠤ ᠠᠬᠣᠶᠢᠯᠠᠯᠳᠠᠨ ᠤ ᠰᠤᠷᠤᠯᠭ᠎ᠠ ᠵᠢ ᠱᠠᠩᠨᠠᠵᠣ ᠰᠤᠷᠤᠯᠭ᠎ᠠ ᠲᠡᠳᠬᠦᠬᠦ ᠶᠣᠰᠣᠯᠠᠯ ᠶᠠᠪᠣᠭᠳᠠᠭᠰᠠᠨ

ᠣᠩᠰᠢᠭᠰᠠᠨ ᠤᠳᠠᠭ᠎ᠠ ᠄ 2735     ᠨᠡᠶᠢᠳᠡᠯᠡᠭᠰᠡᠨ ᠴᠠᠭ ᠄ 2019/9/6 15:15:43

 

        8 ᠳ᠋ᠣᠭᠠᠷ ᠰᠠᠷ᠎ᠠ ᠶ᠋ᠢᠨ 30 ‍ᠦ ᠡᠳᠦᠷ ᠂ ᠥᠪᠥᠷ ᠮᠣᠩᠭᠣᠯ ( ᠨᠠᠶᠮᠠᠨ ) ᠤ ᠵᠢᠩ ᠠᠨ ᠥᠩᠭᠡᠲᠦ ᠲᠡᠮᠦᠷᠯᠢᠭ ‍ᠤᠨ ᠮᠠᠲ᠋ᠧᠷᠢᠶᠠᠯ ‍ᠤᠨ ᠬᠢᠵᠠᠭᠠᠷᠲᠤ ᠺᠣᠮᠫᠠᠨᠢ ᠶ᠋ᠢᠨ ᠰᠢᠯᠢᠳᠡᠭ ᠴᠢᠳᠠᠪᠤᠷᠢᠲᠠᠨ ᠬᠥᠮᠦᠵᠢᠭᠦᠯᠬᠦ ᠵᠢᠴᠢ ᠨᠠᠶᠮᠠᠨ ᠬᠣᠰᠢᠭᠤᠨ ‍ᠤ ᠠᠵᠤ ᠠᠬᠣᠶᠢᠯᠠᠯᠳᠠᠨ ᠤ ᠰᠤᠷᠤᠯᠭ᠎ᠠ ᠵᠢ ᠱᠠᠩᠨᠠᠵᠣ ᠰᠤᠷᠤᠯᠭ᠎ᠠ ᠵᠢ ᠲᠡᠳᠬᠦᠬᠦ ᠶᠣᠰᠣᠯᠠᠯ ᠬᠣᠰᠢᠭᠤᠨ ‍ᠤ ᠨᠢᠭᠡᠳᠦᠭᠡᠷ ᠳᠤᠮᠳᠠᠳᠤ ᠰᠤᠷᠭᠠᠭᠤᠯᠢ ᠳ᠋ᠤ ᠶᠠᠪᠤᠭᠳᠠᠪᠠ ᠃ ᠥᠪᠡᠷᠲᠡᠭᠡᠨ ᠵᠠᠰᠠᠬᠤ ᠣᠷᠣᠨ ᠡᠴᠠ ᠳᠣᠮᠢᠯᠠᠭᠰᠠᠨ ᠶᠡᠷᠦᠩᠬᠡᠢ ᠠᠵᠢᠯᠯᠠᠬᠣ ᠠᠩᠭᠢ ᠶ᠋ᠢᠨ ᠳᠠᠷᠤᠭ᠎ᠠ ᠂ ᠬᠣᠰᠢᠭᠣᠨ ᠤ ᠨᠠᠮ ‍ᠤᠨ ᠬᠣᠷᠢᠶᠠᠨ ‍ᠤ ᠳᠡᠳ᠋ ᠱᠦᠵᠢ ᠶᠢᠨ ᠵᠢᠶᠠᠨ ᠱᠸ ᠂ ᠬᠣᠰᠢᠭᠣᠨ ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠣᠨ ᠤ ᠠᠷᠠᠳ ‍ᠤᠨ ᠵᠠᠰᠠᠭ ‍ᠤᠨ ᠣᠷᠳᠣᠨ ‍ᠤ ᠬᠣᠰᠢᠭᠣᠨ ᠳᠠᠷᠤᠭ᠎ᠠ ᠪᠦᠷᠢᠨ ᠂ ᠬᠣᠰᠢᠭᠣᠨ ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠢᠩᠭᠤ ᠶ᠋ᠢᠨ ᠬᠣᠷᠢᠶᠠᠨ ‍ᠤ ᠳᠡᠳ᠋ ᠡᠷᠬᠢᠯᠡᠭᠴᠢ ᠪᠠᠢ ᠡᠷᠳᠡᠨᠢᠪᠠᠭᠠᠳᠣᠷ ᠂ ᠬᠣᠰᠢᠭᠣᠨ ᠤ ᠤᠯᠤᠰ ᠲᠥᠷᠦ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠰᠢ ᠡᠷᠬᠢᠮᠪᠠᠶᠠᠷ ᠪᠡᠯᠡᠭᠯᠡᠨ ᠬᠦᠷᠭᠡᠬᠦ ᠶᠣᠰᠣᠯᠠᠯ ᠳ᠋ᠤ ᠰᠠᠭᠠᠳᠠᠵᠠᠢ ᠃

       ᠶᠣᠰᠣᠯᠠᠯ ᠳᠡᠭᠡᠷ᠎ᠡ ᠂ ᠥᠪᠥᠷ ᠮᠣᠩᠭᠣᠯ ( ᠨᠠᠶᠮᠠᠨ ) ᠤ ᠵᠢᠩ ᠠᠨ ᠥᠩᠭᠡᠲᠦ ᠲᠡᠮᠦᠷᠯᠢᠭ ‍ᠤᠨ ᠮᠠᠲ᠋ᠧᠷᠢᠶᠠᠯ ‍ᠤᠨ ᠬᠢᠵᠠᠭᠠᠷᠲᠤ ᠺᠣᠮᠫᠠᠨᠢ 50 ᠲᠦᠮᠡᠨ ᠲᠥᠭᠥᠷᠢᠭ ‍ᠦᠨ ᠪᠡᠯᠡ ᠮᠥᠩᠭᠥ ᠭᠠᠷᠭᠠᠵᠤ ᠂ ᠬᠣᠰᠢᠭᠣᠨ ᠤ ᠨᠢᠭᠡᠳᠦᠭᠡᠷ ᠳᠤᠮᠳᠠᠳᠤ ᠰᠤᠷᠭᠠᠭᠤᠯᠢ ᠶ᠋ᠢᠨ 2019 ᠣᠨ ᠤ ᠶᠡᠬᠡ ᠰᠤᠷᠭᠠᠭᠤᠯᠢ ᠶ᠋ᠢᠨ ᠰᠢᠯᠭᠠᠯᠳᠠ ᠳ᠋ᠣ ᠣᠷᠣᠯᠴᠠᠠᠠᠰᠠᠨ ᠮᠣᠷᠠᠯ ᠰᠤᠷᠤᠯᠭ᠎ᠠ ᠬᠣᠤᠰᠯᠠᠭᠰᠠᠨ 35 ᠰᠤᠷᠤᠭᠴᠢ ᠪᠣᠯᠤᠨ ᠨᠠᠶᠮᠠᠨ ᠤ ᠮᠣᠩᠭᠣᠯ ᠳᠤᠮᠳᠠᠳᠤ ᠰᠤᠷᠭᠠᠭᠤᠯᠢ ᠶ᠋ᠢᠨ ᠮᠣᠷᠠᠯ ᠰᠤᠷᠤᠯᠭ᠎ᠠ ᠬᠣᠤᠰᠯᠠᠭᠰᠠᠨ 15 ᠰᠤᠷᠤᠭᠴᠢ ᠶ᠋ᠢ ᠬᠠᠡᠳᠣᠯᠭ᠎ᠠ ᠲᠠᠢ ᠬᠦᠬᠢᠭᠦᠯᠣᠨ ᠱᠠᠡᠭᠨᠠᠵᠦ ᠂ ᠥᠪᠥᠷ ᠮᠣᠩᠭᠣᠯ ‍ᠤᠨ ᠬᠤᠸᠠ ᠮᠢᠩ ᠡᠳ᠋ ᠪᠠᠷᠠᠭ᠎ᠠ ᠶ᠋ᠢᠨ ᠬᠦᠢᠯᠬᠡᠬᠡ ᠡᠴᠠ 50 ᠲᠦᠮᠡᠨ ᠲᠥᠭᠥᠷᠢᠭ ᠪᠡᠯᠡ ᠮᠥᠩᠭᠥ ᠭᠠᠷᠭᠠᠵᠦ ᠂ ᠨᠠᠢᠮᠠᠨ ‍ᠤ ᠨᠢᠭᠡᠳᠦᠭᠡᠷ ᠳᠤᠮᠳᠠᠳᠤ ᠰᠤᠷᠭᠠᠭᠤᠯᠢ ᠶ᠋ᠢᠨ ᠦᠨᠳᠦᠷ ᠵᠡᠷᠬᠡ ᠶ᠋ᠢᠨ ᠬᠣᠶᠠᠳᠤᠭᠠᠷ ᠣᠨ ‍ᠤ 589 ᠠᠩᠭᠢ ᠶ᠋ᠢᠨ ᠮᠣᠷᠠᠯ ᠰᠤᠷᠤᠯᠭ᠎ᠠ ᠬᠣᠤᠰᠯᠠᠭᠰᠠᠨ ᠰᠤᠷᠤᠭᠴᠢ ᠂ ᠶᠠᠳᠠᠭᠤ ᠬᠦᠴᠢᠷᠳᠡᠯᠲᠡᠶ ᠰᠤᠷᠤᠭᠴᠢ ᠂ 589 ᠠᠩᠭᠢ ᠶ᠋ᠢᠨ ᠰᠢᠯᠢᠳᠡᠭ ᠬᠢᠴᠢᠶᠡᠯ ‍ᠦᠨ ᠪᠠᠭᠰᠢ ᠵᠢᠴᠢ ᠨᠠᠢᠮᠠᠨ ‍ᠤ ᠨᠢᠭᠡᠳᠦᠭᠡᠷ ᠳᠤᠮᠳᠠᠳᠤ ᠰᠤᠷᠭᠠᠭᠤᠯᠢ ᠶ᠋ᠢᠨ ᠰᠤᠷᠤᠯᠭ᠎ᠠ ᠲᠡᠳᠬᠦᠬᠦ ᠪᠤᠰᠤᠳ ᠲᠥᠷᠥᠯ ᠵᠦᠶ᠋ᠯ ‍ᠢ ᠬᠠᠡᠳᠣᠯᠭ᠎ᠠ ᠲᠠᠢ ᠬᠦᠬᠢᠭᠦᠯᠣᠨ ᠱᠠᠡᠭᠨᠠᠵᠦ ᠂ ᠨᠠᠶᠮᠠᠨ ᠬᠣᠰᠢᠭᠤᠨ ‍ᠤ ᠬᠣᠩ ᠵᠢᠶ ᠱᠦᠶ᠋ᠨᠢ ᠶ᠋ᠢᠨ ᠬᠢᠵᠠᠭᠠᠷᠲᠤ ᠺᠣᠮᠫᠠᠨᠢ 14.5 ᠲᠦᠮᠡᠨ ᠲᠥᠭᠥᠷᠢᠭ ‍ᠦᠨ ᠪᠡᠯᠡ ᠮᠥᠩᠭᠥ ᠭᠠᠷᠭᠠᠵᠤ ᠂ ᠨᠠᠶᠮᠠᠨ ‍ᠤ ᠨᠢᠭᠡᠳᠦᠭᠡᠷ ᠳᠤᠮᠳᠠᠳᠤ ᠰᠤᠷᠭᠠᠭᠤᠯᠢ ᠶ᠋ᠢᠨ 2019 ᠣᠨ ᠤ ᠴᠢᠩᠬᠤᠸᠠ ᠶᠡᠬᠡ ᠰᠤᠷᠭᠠᠭᠤᠯᠢ ᠳ᠋ᠤ ᠡᠯᠰᠡᠭᠳᠡᠭᠰᠡᠨ ᠰᠤᠷᠤᠭᠴᠢ ᠾᠧ ᠷᠦᠢ ᠂ ᠾᠧ ᠷᠦᠢ ᠶ᠋ᠢᠨ ᠬᠢᠴᠢᠶᠡᠯ ᠲᠦᠷᠣᠯ ‍ᠤᠨ   ᠪᠠᠡᠡᠰᠢ ᠨᠠᠷ ᠪᠠ 2019 ᠣᠨ ᠤ ᠪᠥᠬᠥ ᠬᠣᠰᠢᠭᠤᠨ ᠤ ᠠᠡᠭᠬ᠎ᠠ ᠵᠡᠷᠭᠡ ᠶ᠋ᠢᠨ ᠲᠣᠮᠳᠠᠳᠣ ᠰᠣᠷᠭᠠᠭᠣᠯᠢ ᠲᠡᠭᠦᠰᠬᠦ ᠰᠢᠯᠭᠠᠯᠳᠠ ᠶ᠋ᠢᠨ ᠡᠮᠣᠨ᠎ᠠ ᠲᠠᠪᠤᠨ ᠨᠡᠷᠡᠰ ‍ᠤᠨ ᠰᠤᠷᠤᠭᠴᠢ ᠶ᠋ᠢ ᠬᠠᠨᠳᠤᠯᠭ᠎ᠠ ᠲᠠᠶ ᠬᠦᠬᠢᠭᠦᠯᠣᠨ ᠱᠠᠡᠭᠨᠠᠵᠦ ᠂ ᠥᠪᠥᠷ ᠮᠣᠩᠭᠣᠯ ‍ᠤᠨ ᠾᠧ ᠢ ᠨᠢᠺᠸᠯ ᠾᠷᠣᠮ ‍ᠤᠨ ᠨᠠᠶᠢᠯᠡᠮᠠᠯ ᠮᠠᠲ᠋ᠧᠷᠢᠶᠠᠯ ‍ᠤᠨ ᠬᠢᠵᠠᠭᠠᠷᠲᠤ ᠺᠣᠮᠫᠠᠨᠢ ᠂ ᠨᠠᠶᠮᠠᠨ ᠬᠣᠰᠢᠭᠤᠨ ‍ᠤ ᠾᠧ  ᠱᠥᠸᠧ ᠨᠠᠶᠢᠯᠡᠮᠠᠯ ᠮᠠᠲ᠋ᠧᠷᠢᠶᠠᠯ ‍ᠤᠨ ᠬᠢᠵᠠᠭᠠᠷᠲᠤ ᠺᠣᠮᠫᠠᠨᠢ ᠲᠣᠰ ᠲᠣᠰ 5 ᠲᠦᠮᠡᠨ ᠲᠥᠭᠥᠷᠢᠭ ‍ᠦᠨ ᠪᠡᠯᠡ ᠮᠥᠩᠭᠥ  ᠭᠠᠷᠭᠠᠵᠤ ᠂ ᠨᠠᠶᠮᠠᠨ ‍ᠤ ᠨᠢᠭᠡᠳᠦᠭᠡᠷ ᠳᠤᠮᠳᠠᠳᠤ ᠰᠤᠷᠭᠠᠭᠤᠯᠢ ᠶ᠋ᠢᠨ 2019 ᠣᠨ ᠤ ᠥᠨᠳᠥᠷ ᠳᠤᠮᠳᠠᠳᠤ ᠶ᠋ᠢᠨ ᠭᠤᠷᠪᠠᠳᠤᠭᠠᠷ ᠣᠨ ᠤ ᠰᠢᠯᠢᠳᠡᠭ ᠬᠡᠴᠢᠶᠠᠯ ᠲᠦᠷᠣᠯ ‍ᠤᠨ ᠪᠠᠭᠰᠢ ᠶ᠋ᠢ ᠬᠠᠨᠳᠤᠯᠭ᠎ᠠ ᠲᠠᠶ ᠬᠦᠬᠢᠭᠦᠯᠣᠨ ᠱᠠᠡᠭᠨᠠᠵᠦ ᠂ ᠨᠠᠶ᠋ᠮᠠᠨ ᠬᠣᠰᠢᠭᠤᠨ ‍ᠤ ᠵᠢᠶᠠ ᠾᠧ ᠭᠡᠷ ᠪᠠᠶᠢᠰᠢᠩ ᠭᠠᠵᠠᠷ ᠰᠢᠷᠣᠶ ᠶ᠋ᠢᠨ ᠬᠥᠷᠥᠩᠭᠡ ᠶ᠋ᠢᠨ ᠨᠡᠭᠡᠭᠡᠯᠲᠡ ᠶ᠋ᠢᠨ ᠬᠢᠵᠠᠭᠠᠷᠲᠤ ᠺᠣᠮᠫᠠᠨᠢ 2 ᠲᠦᠮᠡᠨ ᠲᠥᠭᠥᠷᠢᠭ ‍ᠦᠨ ᠪᠡᠯᠡ ᠮᠥᠩᠭᠥ ᠭᠠᠷᠭᠠᠵᠤ ᠂ ᠨᠠᠢᠮᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶ᠋ᠢᠨ 2018 ᠣᠨ ᠤ ᠶᠡᠬᠡ ᠰᠤᠷᠭᠠᠭᠤᠯᠢ ᠳ᠋ᠤ ᠡᠯᠰᠡᠬᠦ ᠰᠢᠯᠭᠠᠯᠲᠠ ᠶ᠋ᠢᠨ ᠲᠦᠩᠯᠢᠶᠣᠤ ᠬᠣᠲᠠ ᠶ᠋ᠢᠨ ᠨᠢᠭᠡᠳᠦᠭᠡᠷ ᠨᠡᠷᠡᠰ ᠂ ᠴᠢᠩᠬᠤᠸᠠ ᠶᠡᠬᠡ ᠰᠤᠷᠭᠠᠭᠤᠯᠢ ᠳ᠋ᠤ ᠡᠯᠰᠡᠭᠳᠡᠭᠰᠡᠨ ᠰᠤᠷᠤᠭᠴᠢ ᠯᠢ ᠬᠣᠩ ᠯᠸᠢ ᠶ᠋ᠢ ᠬᠠᠨᠳᠤᠯᠭ᠎ᠠ ᠲᠠᠶ ᠬᠦᠬᠢᠭᠦᠯᠣᠨ ᠱᠠᠡᠭᠨᠠᠭᠰᠡᠨ ᠪᠠᠶᠢᠨ᠎ᠠ ᠃ ᠨᠠᠶᠮᠠᠨ ᠬᠣᠰᠢᠭᠤᠨ ‍ᠤ ᠨᠢᠭᠡᠳᠦᠭᠡᠷ ᠳᠤᠮᠳᠠᠳᠤ ᠰᠤᠷᠭᠠᠭᠤᠯᠢ ᠂ ᠮᠣᠩᠭᠣᠯ ᠦᠨᠳᠦᠰᠦᠲᠡᠨ ‍ᠦ ᠳᠤᠮᠳᠠᠳᠤ ᠰᠤᠷᠭᠠᠭᠤᠯᠢ ᠡᠴᠠ ᠬᠠᠯᠠᠭᠣᠨ ᠰᠡᠳᠭᠢᠯᠳᠣ ᠠᠵᠤ ᠠᠬᠣᠶᠢᠯᠠᠯ ᠳ᠋ᠤ ᠬᠡᠮᠡᠷᠯᠢᠭ ᠲᠣᠭ ᠪᠠ ᠦᠨᠡᠮᠯᠡᠯ ‍ᠦᠨ ᠪᠢᠴᠢᠭ ‍ᠢ ᠬᠦᠷᠭᠡᠭᠰᠡᠨ ᠪᠠᠶᠢᠨ᠎ᠠ ᠃

       ᠬᠣᠰᠢᠭᠤᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠤᠨ ‍ᠤ ᠠᠷᠠᠳ ‍ᠤᠨ ᠵᠠᠰᠠᠭ ‍ᠤᠨ ᠣᠷᠳᠣᠨ ‍ᠤ ᠬᠣᠰᠢᠭᠣᠨ ᠳᠠᠷᠤᠭ᠎ᠠ ᠪᠦᠷᠢᠨ ᠡᠴᠡ ᠬᠠᠷᠠᠮ ᠦᠭᠡᠢ ᠬᠠᠪᠰᠤᠷᠤᠨ ᠳᠠᠮᠵᠢᠵᠤ ᠂ ᠮᠥᠩᠭᠥ ᠬᠠᠨᠳᠢᠪᠯᠠᠨ ᠰᠤᠷᠤᠯᠭ᠎ᠠ ᠳᠡᠮᠵᠢᠭᠰᠡᠨ ᠠᠵᠤ ᠠᠬᠣᠶᠢᠯᠠᠯᠳᠠᠨ ᠳ᠋ᠥ ᠲᠠᠯᠠᠷᠬᠠᠯ ‍ᠤᠨ ᠰᠡᠳᠭᠢᠯ ᠢᠶᠡᠨ ᠲᠠᠪᠰᠢᠭᠦᠯᠵᠦ ᠂ ᠲᠡᠷᠡ ᠵᠢᠭᠠᠵᠤ ᠭᠠᠷᠭᠠᠭᠰᠠᠨ ᠨᠢ ᠂ ᠮᠠᠨ ‍ᠤ ᠬᠣᠰᠢᠭᠤ ᠰᠤᠷᠭᠠᠨ ᠬᠥᠮᠦᠵᠢᠯ ‍ᠢ ᠡᠭᠦᠷᠢᠳᠡ ᠡᠩ ᠲᠡᠷᠢᠭᠦᠨ ᠳ᠋ᠦ ᠬᠥᠭᠵᠢᠭᠦᠯᠬᠦ ᠪᠠᠶᠢᠯᠳᠤᠬᠤ ᠪᠣᠳᠣᠯᠭ᠎ᠠ ᠶ᠋ᠢᠨ ᠪᠠᠶᠢᠷᠢᠨ ᠳ᠋ᠤ ᠲᠠᠯᠪᠢᠵᠤ ᠂ ᠰᠤᠷᠭᠠᠨ ᠬᠥᠮᠦᠵᠢᠯ ‍ᠢ ᠢᠮᠠᠭᠲᠠ ᠠᠷᠠᠳ ‍ᠤᠨ ᠠᠮᠢᠳᠤᠷᠠᠯ ‍ᠤᠨ ᠬᠠᠮᠤᠭ ‍ᠤᠨ ᠶᠡᠬᠡ ᠢᠨᠵᠧᠨᠧᠷᠢᠩ ᠪᠣᠯᠭᠠᠨ ᠠᠳᠬᠤᠬᠤ ᠬᠡᠷᠡᠭᠲᠡᠶ ᠃ ᠲᠣᠰ ᠤᠳᠠᠭ᠎ᠠ ᠶ᠋ᠢᠨ ᠪᠡᠯᠡᠭᠯᠡᠨ ᠬᠦᠷᠭᠡᠬᠦ ᠶᠣᠰᠣᠯᠠᠯ ᠪᠣᠯ ᠬᠠᠯᠠᠭᠣᠨ ᠰᠡᠳᠭᠢᠯᠳᠣ ᠠᠵᠤ ᠠᠬᠣᠶᠢᠯᠠᠯᠳᠠᠳ ‍ᠤᠨ ᠨᠠᠢᠮᠠᠨ ‍ᠤ ᠰᠤᠷᠭᠠᠨ ᠬᠦᠮᠦᠵᠢᠯ ‍ᠢ ᠰᠡᠳᠬᠢᠯ ᠵᠢᠷᠦᠬᠡᠨ ᠳ᠋ᠡᠭᠡᠨ ᠬᠠᠳᠠᠩᠰᠢᠭᠣᠯᠵᠣ ᠂ ᠨᠡᠶᠢᠭᠡᠮ ᠳ᠋ᠦ ᠠᠴᠢ ᠬᠠᠷᠢᠭᠤᠯᠬᠤ ᠰᠠᠶᠢᠨ ᠣᠶᠢᠯᠠ ᠶᠠᠪᠣᠳᠠᠯ ᠪᠠᠶᠢᠵᠣ ᠂ ᠨᠠᠩ ᠴᠤ ᠪᠦᠬᠦ ᠨᠡᠶᠢᠭᠡᠮ ‍ᠢᠶ᠋ᠡᠷ ‍ᠢᠶ᠋ᠡᠨ ᠴᠢᠳᠠᠪᠤᠷᠢᠲᠠᠨ ‍ᠢ ᠬᠦᠨᠳᠦᠳᠬᠡᠵᠦ ᠂ ᠴᠢᠳᠠᠪᠤᠷᠢᠲᠠᠨ ‍ᠢ ᠬᠥᠮᠦᠵᠢᠭᠦᠯᠬᠦ ᠪᠣᠳᠠᠳᠣ ᠢᠯᠡᠷᠡᠯ ᠪᠣᠯᠤᠨ᠎ᠠ ᠭᠡᠵᠡᠢ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ