ᠭᠣᠷᠪᠠᠳᠣᠭᠠᠷ ᠬᠣᠭᠣᠴᠠᠭᠠᠨ ᠤ ᠳᠤᠮᠳᠠᠳᠤ ᠤᠯᠤᠰ ᠮᠣᠩᠭᠣᠯ ᠤᠯᠤᠰ ᠤᠨ ᠦᠵᠡᠰᠬᠦᠯᠡᠩ ‍ᠦᠨ ᠣᠯᠠᠨ ᠤᠯᠤᠰ ᠤᠨ ᠮᠣᠩᠭᠣᠯ ᠬᠢᠲᠠᠳ ᠡᠮ ᠡᠮᠨᠡᠯᠭᠡ ᠶ᠋ᠢᠨ ᠠᠵᠤ ᠦᠢᠯᠡᠰ ‍ᠦᠨ ᠬᠦᠭᠵᠢᠬᠦᠯᠦᠯᠳᠡ ᠶ᠋ᠢᠨ ᠶᠠᠷᠢᠯᠴᠠᠭᠠᠨ ‍ᠤ ᠲᠠᠪᠴᠠᠩ ᠂ ᠵᠠᠮᠪᠠᠯᠳᠣᠷᠵᠢ ᠵᠢᠨ 《 ᠮᠣᠩᠭᠣᠯ ᠡᠮ ‍ᠢ ᠵᠦᠪ ᠲᠠᠨᠢᠬᠣ ᠲᠣᠯᠢ 》 ᠵᠢᠨ ᠡᠷᠳᠡᠮ ᠰᠢᠨᠵᠢᠯᠡᠭᠡᠨ ‍ᠦ ᠰᠤᠳᠤᠯᠤᠨ ᠶᠠᠷᠢᠯᠴᠠᠬᠤ ᠬᠤᠷᠠᠯ ᠦᠪᠡᠳᠡᠭᠰᠢ ᠶᠡᠬᠡᠪᠡᠷ ᠶᠠᠪᠣᠭᠳᠠᠭᠰᠠᠨ

ᠣᠩᠰᠢᠭᠰᠠᠨ ᠤᠳᠠᠭ᠎ᠠ ᠄ 3061     ᠨᠡᠶᠢᠳᠡᠯᠡᠭᠰᠡᠨ ᠴᠠᠭ ᠄ 2019/9/17 9:17:25


        9 ᠳ᠋ᠦ᠋ᠬᠡᠷ ᠰᠠᠷ᠎ᠠ ᠶ᠋ᠢᠨ 9 ‍ᠦ ᠡᠳᠦᠷ ᠂ ᠭᠣᠷᠪᠠᠳᠣᠭᠠᠷ ᠬᠣᠭᠣᠴᠠᠭᠠᠨ ᠤ ᠳᠤᠮᠳᠠᠳᠤ ᠤᠯᠤᠰ  ᠮᠣᠩᠭᠣᠯ ᠤᠯᠤᠰ ᠤᠨ ᠦᠵᠡᠰᠬᠦᠯᠡᠩ ‍ᠦᠨ ᠣᠯᠠᠨ ᠤᠯᠤᠰ ᠤᠨ ᠮᠣᠩᠭᠣᠯ ᠬᠢᠲᠠᠳ ᠡᠮ ᠡᠮᠨᠡᠯᠭᠡ ᠶ᠋ᠢᠨ ᠠᠵᠤ ᠦᠢᠯᠡᠰ ‍ᠦᠨ ᠬᠦᠭᠵᠢᠬᠦᠯᠦᠯᠳᠡ ᠶ᠋ᠢᠨ ᠶᠠᠷᠢᠯᠴᠠᠭᠠᠨ ‍ᠤ ᠲᠠᠪᠴᠠᠩ ᠂ ᠵᠠᠮᠪᠠᠯᠳᠣᠷᠵᠢ ᠵᠢᠨ 《 ᠮᠣᠩᠭᠣᠯ ᠡᠮ ‍ᠢ ᠵᠦᠪ ᠲᠠᠨᠢᠬᠣ ᠲᠣᠯᠢ 》 ᠵᠢᠨ ᠡᠷᠳᠡᠮ ᠰᠢᠨᠵᠢᠯᠡᠭᠡᠨ ‍ᠦ ᠰᠤᠳᠤᠯᠤᠨ ᠶᠠᠷᠢᠯᠴᠠᠬᠤ ᠬᠤᠷᠠᠯ ᠲᠦᠩᠯᠢᠶᠣᠤ ᠬᠣᠲᠠ ᠳ᠋ᠦ ᠦᠪᠡᠳᠡᠭᠰᠢ ᠶᠡᠬᠡᠪᠡᠷ ᠬᠤᠷᠠᠯᠳᠤᠵᠤ ᠂ ᠬᠣᠰᠢᠭᠤᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠬᠤᠷᠠᠯ ᠳ᠋ᠤ ᠰᠠᠭᠠᠳᠠᠬᠣ ᠶ᠋ᠢᠨ ᠬᠠᠮᠳᠣ ᠶᠠᠷᠢᠶ᠎ᠠ ᠲᠠᠯᠪᠢᠵᠣ ᠂ ᠬᠣᠰᠢᠭᠤᠨ ‍ᠤ ᠠᠷᠠᠳ ‍ᠤᠨ ᠵᠠᠰᠠᠭ ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠡᠦ ᠵᠢᠶᠦ᠋ᠨ ᠮᠢᠩ ᠬᠤᠷᠠᠯ ᠳ᠋ᠤ ᠣᠷᠣᠯᠴᠠᠪᠠ ᠃

         ᠵᠠᠩ ᠬᠤᠸᠠ ᠶᠠᠷᠢᠶᠠᠨ ᠳ᠋ᠠᠭᠠᠨ ᠵᠢᠭᠠᠵᠤ ᠭᠠᠷᠭᠠᠭᠰᠠᠨ ᠨᠢ ᠂ ᠨᠠᠶᠮᠠᠨ ᠬᠣᠰᠢᠭᠤ ᠪᠣᠯ ᠮᠣᠩᠭᠣᠯ ᠡᠮ ‍ᠦᠨ ᠡᠭᠦᠰᠭᠡᠭᠴᠢ ᠂ ᠴᠢᠩ ᠤᠯᠤᠰ ᠤᠨ ᠦᠶ᠎ᠡ ᠶ᠋ᠢᠨ ᠮᠣᠩᠭᠣᠯ ᠡᠮ ᠡᠮᠨᠡᠯᠭᠡ ᠶ᠋ᠢᠨ ᠤᠬᠠᠭᠠᠨᠲᠠᠨ ᠵᠠᠮᠪᠠᠯᠳᠣᠷᠵᠢ ᠶ᠋ᠢᠨ ᠲᠥᠷᠥᠭᠰᠡᠨ ᠨᠤᠲᠤᠭ ᠪᠠᠶᠢᠵᠤ ᠂ 《 ᠮᠣᠩᠭᠣᠯ ᠡᠮ ‍ᠢ ᠵᠦᠪ ᠲᠠᠨᠢᠬᠣ ᠲᠣᠯᠢ 》 ᠵᠢᠨ ᠠᠨᠠᠭᠠᠬᠣ ᠤᠬᠠᠭᠠᠨ ‍ᠤ ᠨᠡᠷᠡᠲᠦ ᠪᠦᠲᠦᠭᠡᠯ ᠪᠣᠯᠤᠨ᠎ᠠ ᠃ ᠣᠶᠢᠷ᠎ᠠ ᠶ᠋ᠢᠨ ᠵᠢᠯ ᠡᠴᠡ ᠂ ᠬᠣᠰᠢᠭᠤᠨ ‍ᠤ ᠨᠠᠮ ‍ᠤᠨ ᠬᠣᠷᠢᠶ᠎ᠠ ᠂ ᠵᠠᠰᠠᠭ ᠤᠨ ᠣᠷᠳᠣᠨ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ‍ᠤᠨ ᠦᠵᠡᠯ ᠰᠠᠨᠠᠭ᠎ᠠ ᠪᠣᠯᠤᠨ ᠨᠠᠮ ‍ᠤᠨ ᠠᠷᠪᠠ ᠶᠢᠰᠦᠳᠦᠭᠡᠷ ᠶᠡᠬᠡ ᠬᠤᠷᠠᠯ ‍ᠤᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠲᠤᠭᠤᠰᠢᠯᠠᠭᠤᠯᠵᠤ ᠂ ᠤᠯᠤᠰ ᠂ ᠥᠪᠡᠷᠲᠡᠭᠡᠨ ᠵᠠᠰᠠᠬᠤ ᠣᠷᠣᠨ ‍ᠤ ᠮᠣᠩᠭᠣᠯ ᠬᠢᠲᠠᠳ ᠡᠮ ‍ᠦᠨ ᠠᠵᠤ ᠦᠢᠯᠡᠰ ‍ᠦᠨ ᠬᠥᠭᠵᠢᠯᠲᠡ ᠶ᠋ᠢ ᠲᠡᠳᠬᠦᠬᠦ ᠴᠢᠬᠤᠯᠠ ᠶᠡᠬᠡ ᠠᠵᠠ ᠲᠣᠬᠢᠶᠠᠯ ‍ᠢ ᠠᠮᠵᠢᠵᠤ ᠂ ᠲᠦᠩᠯᠢᠶᠣᠤ ᠬᠣᠲᠠ ᠶ᠋ᠢᠨ ᠨᠠᠮ ‍ᠤᠨ ᠬᠣᠷᠢᠶ᠎ᠠ ᠂ ᠵᠠᠰᠠᠭ ᠤᠨ ᠣᠷᠳᠣᠨ ᠤ ᠳᠤᠮᠳᠠᠳᠤ ᠤᠯᠤᠰ ᠤᠨ ᠮᠣᠩᠭᠣᠯ ᠡᠮ ᠡᠮᠨᠡᠯᠭᠡ ᠶ᠋ᠢᠨ ᠬᠣᠲᠠ ᠶ᠋ᠢ ᠪᠦᠲᠦᠭᠡᠨ ᠪᠠᠶᠢᠭᠤᠯᠬᠤ ᠬᠥᠭᠵᠢᠯᠲᠡ ᠶ᠋ᠢᠨ ᠪᠠᠶᠢᠷᠢ ᠲᠣᠭᠲᠠᠭᠠᠯᠲᠠ ᠶ᠋ᠢᠨ ᠱᠠᠭᠠᠷᠳᠠᠯᠭ᠎ᠠ ᠶᠣᠰᠣᠭᠠᠷ ᠂ ᠵᠠᠮᠪᠠᠯᠳᠣᠷᠵᠢ ᠮᠣᠩᠭᠣᠯ ᠡᠮ ᠡᠮᠨᠡᠯᠭᠡ ᠶ᠋ᠢᠨ ᠰᠣᠶᠣᠯ ‍ᠢ ᠭᠦᠶᠴᠡᠳ ᠵᠠᠯᠭᠠᠮᠵᠢᠯᠠᠵᠤ ᠂ ᠮᠣᠩᠭᠣᠯ ᠬᠢᠲᠠᠳ ᠡᠮ ᠡᠮᠨᠡᠯᠭᠡ ᠶ᠋ᠢᠨ ᠪᠦᠬᠦ ᠠᠵᠤ ᠦᠢᠯᠡᠰ ‍ᠦᠨ ᠬᠡᠯᠬᠢᠶ᠎ᠡ ᠶ᠋ᠢᠨ ᠪᠦᠲᠦᠭᠡᠨ ᠪᠠᠶᠢᠭᠤᠯᠤᠯᠲᠠ ᠶ᠋ᠢ ᠶᠡᠬᠡᠪᠡᠷ ᠠᠬᠢᠭᠤᠯᠪᠠ ᠃ ᠥᠪᠥᠷ ᠮᠣᠩᠭᠣᠯ ‍ᠤᠨ ᠲᠠᠷᠢᠶᠠᠯᠠᠩ ‍ᠤᠨ ᠶᠡᠬᠡ ᠰᠤᠷᠭᠠᠭᠤᠯᠢ ᠂ ᠥᠪᠥᠷ ᠮᠣᠩᠭᠣᠯ ‍ᠤᠨ ᠦᠨᠳᠦᠰᠦᠲᠡᠨ ‍ᠦ ᠶᠡᠬᠡ ᠰᠤᠷᠭᠠᠭᠤᠯᠢ ᠂ ᠥᠪᠡᠷᠲᠡᠭᠡᠨ ᠵᠠᠰᠠᠬᠤ ᠣᠷᠣᠨ ‍ᠤ ᠬᠢᠲᠠᠳ ᠡᠮ ᠰᠤᠳᠤᠯᠬᠤ ᠭᠠᠵᠠᠷ ᠵᠡᠷᠭᠡ ᠰᠢᠨᠵᠢᠯᠡᠬᠦ ᠤᠬᠠᠭᠠᠨ ‍ᠤ ᠰᠤᠳᠤᠯᠤᠯ ‍ᠤᠨ ᠬᠦᠷᠢᠶᠡᠯᠡᠩ ᠯᠦᠬᠡ ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠰᠢᠯᠢᠳᠡᠭ ᠡᠭᠦᠯᠳᠡᠷ ‍ᠢ ᠪᠣᠶᠢᠵᠢᠭᠤᠯᠬᠤ ᠂ ᠵᠢᠷᠣᠮᠵᠢᠭᠣᠯᠣᠨ ᠦᠢᠯᠡᠳᠪᠦᠷᠢᠯᠡᠬᠦ ᠮᠡᠷᠭᠡᠵᠢᠯ ᠪᠣᠯᠤᠨ ᠵᠢᠩᠬᠢᠨᠢ ᠡᠮ ‍ᠦᠨ ᠮᠠᠲ᠋ᠧᠷᠢᠶᠠᠯ ᠲᠠᠷᠢᠬᠤ ᠪᠠᠷᠢᠮᠵᠢᠶ᠎ᠠ ᠵᠡᠷᠭᠡ ᠰᠢᠨᠵᠢᠯᠡᠬᠦ ᠤᠬᠠᠭᠠᠨ ‍ᠤ ᠰᠤᠳᠤᠯᠤᠯ ‍ᠤᠨ ᠰᠡᠳᠦᠪ ‍ᠦᠳ ᠰᠤᠳᠤᠯᠤᠯ ‍ᠤᠨ ᠲᠠᠯ᠎ᠠ ᠪᠠᠷ ᠠᠮᠵᠢᠯᠲᠠ ᠣᠯᠪᠠ ᠃ 2016 ᠣᠨ ᠡᠴᠠ ᠨᠠᠰᠢ ᠂ ᠶᠡᠷᠦᠩᠬᠡᠶ ᠪᠠᠯᠠ ᠣᠷᠣᠭᠤᠯᠤᠯᠲᠠ 10 ᠳ᠋ᠦᠩᠰᠢᠭᠤᠷ ᠲᠥᠭᠥᠷᠢᠭ ‍ᠦᠨ ᠥᠪᠥᠷ ᠮᠣᠩᠭᠣᠯ ‍ᠤᠨ ᠮᠣᠩᠭᠣᠯ ᠡᠮ ‍ᠦᠨ ᠮᠠᠲ᠋ᠧᠷᠢᠶᠠᠯ ‍ᠤᠨ ᠬᠣᠲᠠ ᠂ ᠲᠢᠶᠠᠨ ᠨᠠᠢ ᠡᠮ ‍ᠦᠨ ᠦᠢᠯᠡᠰ ‍ᠦᠨ ᠡᠮ ᠦᠶ᠋ᠯᠡᠳᠬᠦ ᠵᠡᠷᠭᠡ 7 ᠮᠣᠩᠭᠣᠯ ᠬᠢᠲᠠᠳ ᠡᠮ ᠡᠮᠨᠡᠯᠭᠡ ᠶ᠋ᠢᠨ ᠪᠥᠬᠥ ᠠᠵᠤ ᠦᠢᠯᠡᠰ ‍ᠦᠨ ᠬᠡᠯᠬᠢᠶ᠎ᠡ ᠶ᠋ᠢᠨ ᠲᠥᠷᠥᠯ ᠵᠦᠶ᠋ᠯ ‍ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ 3.5 ᠳ᠋ᠦᠩᠰᠢᠭᠤᠷ ᠲᠥᠭᠥᠷᠢᠭ ‍ᠦᠨ ᠪᠠᠯᠠ ᠣᠷᠣᠭᠤᠯᠤᠯᠲᠠ ᠶ᠋ᠢ ᠪᠡᠶᠡᠯᠡᠭᠦᠯᠦᠨ ᠂ ᠨᠠᠶᠮᠠᠨ ᠤ ᠮᠣᠩᠭᠣᠯ ᠬᠢᠲᠠᠳ ᠡᠮ ᠡᠮᠨᠡᠯᠭᠡ ᠶ᠋ᠢᠨ ᠣᠨᠴᠠᠯᠢᠭᠲᠤ ᠵᠢᠵᠢᠭ ᠪᠠᠯᠭᠠᠰᠤ ᠶ᠋ᠢ ᠪᠥᠬᠥ ᠣᠷᠣᠨ ‍ᠤ ᠴᠢᠨᠠᠷ ᠰᠠᠶᠢᠲᠠᠶ ᠣᠨᠴᠠᠯᠢᠭᠲᠤ ᠵᠢᠵᠢᠭ ᠪᠠᠯᠭᠠᠰᠤ ᠪᠣᠯᠭᠠᠨ ᠪᠣᠶᠢᠵᠢᠭᠤᠯᠵᠤ ᠂ ᠵᠠᠮᠪᠠᠯᠳᠣᠷᠵᠢ ᠶ᠋ᠢᠨ ᠳᠤᠷᠠᠰᠬᠠᠯ ᠤᠨ ᠣᠷᠳᠣᠨ ‍ᠢ ᠪᠠᠶᠢᠭᠤᠯᠤᠨ ᠪᠦᠲᠦᠭᠡᠬᠦ ᠶ᠋ᠢᠨ ᠬᠠᠮᠲᠤ ᠭᠠᠳᠠᠭᠰᠢ ᠨᠡᠭᠡᠭᠡᠯᠲᠡ ᠬᠢᠵᠦ ᠂ ᠮᠣᠩᠭᠣᠯ ᠬᠢᠲᠠᠳ ᠡᠮ ᠡᠮᠨᠡᠯᠭᠡ ᠶ᠋ᠢᠨ ᠭᠣᠷᠪᠠᠨ ᠠᠵᠤ ᠦᠶᠯᠡᠰ ᠠᠭᠤᠰᠤᠯᠳᠤᠨ ᠬᠥᠭᠵᠢᠬᠦ ᠶ᠋ᠢ ᠲᠦᠷᠭᠡᠳᠬᠡᠪᠡ ᠃ ᠡᠳ᠋ ‍ᠦᠨ ᠵᠠᠰᠠᠭ ᠡᠴᠡ ᠲᠡᠳᠬᠦᠨ ᠳᠡᠮᠵᠢᠬᠦ ᠪᠡᠯᠡ ᠮᠥᠩᠭᠥ ᠶ᠋ᠢ ᠨᠡᠶᠢᠲᠡ 8947.7 ᠲᠦᠮᠡᠨ ᠲᠥᠭᠥᠷᠢᠭ ᠣᠷᠣᠭᠣᠯᠣᠨ ᠂ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠲᠤᠷᠰᠢᠯᠲᠠ ᠶ᠋ᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 4 ᠶ᠋ᠢ ᠲᠡᠳᠬᠦᠨ ᠪᠠᠶᠢᠭᠤᠯᠵᠤ ᠂ ᠭᠣᠣᠯ ᠵᠢᠱᠢᠶ᠎ᠡ ᠦᠵᠡᠭᠦᠯᠬᠦ ᠲᠣᠭᠣᠷᠢᠭ ‍ᠤᠨ ᠲᠠᠯᠠᠪᠠᠢ 1 ᠲᠦᠮᠡᠨ ᠮᠦ ᠶ᠋ᠢ ᠳᠠᠪᠠᠵᠤ ᠂ ᠪᠦᠬᠦ ᠬᠣᠰᠢᠭᠤᠨ ‍ᠤ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠲᠠᠷᠢᠮᠠᠯ ‍ᠤᠨ ᠲᠠᠯᠠᠪᠠᠢ ᠶ᠋ᠢ 2015 ᠣᠨ ᠤ 1.5 ᠲᠦᠮᠡᠨ ᠮᠦ ᠡᠴᠠ 20.4 ᠲᠦᠮᠡᠨ ᠮᠦ ᠪᠣᠯᠭᠠᠨ ᠬᠦᠭᠵᠢᠬᠦᠯᠵᠡᠢ ᠃ 2020 ᠣᠨ ᠪᠣᠯᠬᠤ ᠳ᠋ᠤ 20 ᠡᠷᠦᠬᠡ ᠡᠴᠡ ᠳᠡᠭᠡᠭᠰᠢ ᠡᠳ᠋ᠰᠢᠭᠦᠯᠦᠨ ᠪᠣᠷᠣᠯᠠᠭᠤᠯᠬᠤ ᠠᠵᠤ ᠠᠬᠤᠶᠢᠯᠠᠯ ᠲᠠᠢ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠠᠵᠤ ᠦᠢᠯᠡᠰ ‍ᠦᠨ ᠬᠦᠷᠢᠶᠡᠯᠡᠩ ᠲᠣᠭᠣᠷᠢᠭ ᠪᠠ ᠵᠢᠯ ‍ᠦᠨ ᠰᠣᠯᠢᠯᠴᠠᠭᠠᠨ ‍ᠤ ᠬᠡᠪᠴᠢᠶ᠎ᠡ ᠶ᠋ᠢ 10 ᠲᠦᠮᠡᠨ ᠲᠣᠨ ᠳ᠋ᠤ ᠬᠦᠷᠭᠡᠬᠦ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠲᠥᠪᠯᠡᠷᠡᠭᠦᠯᠦᠨ ᠲᠠᠷᠬᠠᠭᠠᠬᠤ ᠲᠥᠪ ‍ᠢ ᠪᠠᠶᠢᠭᠤᠯᠵᠤ ᠂ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠳᠠᠷᠢᠮᠠᠯ ‍ᠤᠨ ᠲᠠᠯᠠᠪᠠᠢ ᠶ᠋ᠢ 30 ᠲᠦᠮᠡᠨ ᠮᠦ ᠳ᠋ᠤ ᠬᠦᠷᠭᠡᠨ ᠂ ᠵᠢᠯ ‍ᠤᠨ ᠠᠵᠤ ᠠᠬᠤᠢ ᠶ᠋ᠢᠨ ᠦᠷ᠎ᠡ ᠠᠰᠢᠭ ‍ᠢ 5 ᠳ᠋ᠦᠩᠰᠢᠭᠤᠷ ᠲᠥᠭᠥᠷᠢᠭ ᠲᠤ ᠬᠦᠷᠭᠡᠵᠦ ᠂ ᠪᠦᠬᠦ ᠬᠣᠰᠢᠭᠤᠨ ‍ᠤ ᠭᠠᠵᠠᠷ ᠣᠷᠣᠨ ‍ᠤ ᠦᠢᠯᠡᠳᠪᠦᠷᠢᠯᠡᠯ ‍ᠦᠨ ᠶᠡᠷᠦᠩᠬᠡᠢ ᠥᠷᠲᠡᠭ ‍ᠢ 20 ᠳ᠋ᠦᠩᠰᠢᠭᠤᠷ ᠲᠥᠭᠥᠷᠢᠭ ᠨᠡᠮᠡᠭᠳᠡᠭᠦᠯᠵᠦ ᠂ 2 ᠲᠦᠮᠡᠨ ᠬᠥᠮᠦᠨ ᠤ ᠠᠵᠢᠯ ᠣᠯᠭᠣᠯᠳᠠ ᠵᠢ ᠪᠡᠶᠡᠯᠡᠬᠦᠯᠬᠦ ᠪᠣᠯᠣᠨ᠎ᠠ ᠃

       ᠵᠠᠩ ᠬᠤᠸᠠ ᠴᠢᠩᠭᠠᠳᠬᠠᠭᠰᠠᠨ ᠨᠢ ᠂ ᠮᠣᠩᠭᠣᠯ ᠡᠮ ᠡᠮᠨᠡᠯᠭᠡ ᠶ᠋ᠢᠨ ᠰᠣᠶᠣᠯ ‍ᠢ ᠤᠯᠠᠮᠵᠢᠯᠠᠨ ᠵᠠᠯᠭᠠᠮᠵᠢᠯᠠᠵᠤ ᠰᠠᠶᠢᠲᠤᠷ ᠬᠥᠭᠵᠢᠭᠦᠯᠦᠨ ᠂ ᠮᠣᠩᠭᠣᠯ ᠡᠮ ᠡᠮᠨᠡᠯᠭᠡ ᠶ᠋ᠢᠨ ᠣᠨᠴᠠᠯᠢᠭᠲᠤ ᠠᠵᠤ ᠦᠶᠯᠡᠰ ‍ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠵᠠᠬ᠎ᠠ ᠳᠡᠯᠭᠡᠭᠦᠷ ‍ᠦᠨ ᠳᠠᠯᠳᠠ ᠬᠦᠴᠦᠨ ‍ᠢ ᠪᠠᠳᠠᠷᠠᠭᠤᠯᠵᠤ ᠬᠡᠷᠡᠭᠲᠡᠢ ᠃ ᠲᠣᠰ ᠤᠳᠠᠭᠠᠨ ‍ᠤ ᠰᠤᠳᠤᠯᠤᠨ ᠶᠠᠷᠢᠯᠴᠠᠬᠤ ᠬᠤᠷᠠᠯ ‍ᠤᠨ ᠪᠠᠷᠢᠮᠵᠢᠶ᠎ᠠ ᠥᠨᠳᠥᠷ ᠂ ᠨᠥᠯᠥᠭᠡ ᠶᠡᠬᠡ ᠪᠠᠶᠢᠵᠣ ᠂ ᠨᠠᠶᠮᠠᠨ ᠬᠣᠰᠢᠭᠤᠨ ‍ᠤ ᠨᠠᠮ ‍ᠤᠨ ᠬᠣᠷᠢᠶ᠎ᠠ ᠂ ᠵᠠᠰᠠᠭ ᠤᠨ ᠣᠷᠳᠣᠨ ᠡᠭᠦᠨ ‍ᠢᠶ᠋ᠡᠷ ᠠᠵᠠ ᠲᠣᠬᠢᠶᠠᠯ ᠪᠣᠯᠭᠠᠨ ᠂ ᠡᠯ᠎ᠡ ᠲᠤᠰᠬᠠᠶ ᠮᠡᠷᠭᠡᠵᠢᠯᠲᠡᠨ ᠡᠷᠳᠡᠮᠲᠡᠳ ‍ᠦᠨ ᠦᠨᠡᠨ ᠮᠡᠳᠡᠯᠭᠡ ᠨᠡᠪᠲᠡᠷᠬᠡᠶ ᠦᠵᠡᠯᠲᠡ ᠵᠢ ᠰᠢᠩᠭᠡᠭᠡᠨ ᠠᠪᠴᠤ ᠂ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠠᠵᠤ ᠦᠶ᠋ᠯᠡᠰ ‍ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ ᠭᠡᠵᠡᠢ ᠃

         ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠂ ᠥᠪᠥᠷ ᠮᠣᠩᠭᠣᠯ ‍ᠤᠨ ᠦᠨᠳᠦᠰᠦᠲᠡᠨ ‍ᠦ ᠶᠡᠬᠡ ᠰᠤᠷᠭᠠᠭᠤᠯᠢ ᠶ᠋ᠢᠨ ᠲᠡᠳ᠋ ᠵᠠᠬᠢᠷᠣᠯ ᠪᠠᠭᠠᠨ᠎ᠠ ᠂ ᠱᠧᠨᠵᠧᠨ ‍ᠦ ᠬᠤᠸᠠ ᠳ᠋ᠠ ᠭᠧᠨ ᠰᠢᠨᠵᠢᠯᠡᠬᠦ ᠤᠬᠠᠭᠠᠨ ᠮᠡᠷᠭᠡᠵᠢᠯ ‍ᠦᠨ ᠦᠶ᠋ᠯᠡᠴᠢᠯᠡᠭᠡᠨ ‍ᠦ ᠬᠢᠵᠠᠭᠠᠷᠲᠤ ᠺᠣᠮᠫᠠᠨᠢ ᠶ᠋ᠢᠨ ᠳᠡᠳ᠋ ᠶᠡᠷᠦᠩᠬᠡᠶ ᠵᠠᠬᠢᠷᠤᠭᠴᠢ ᠂ ᠲᠦᠷᠦᠭᠦᠦ ᠮᠡᠷᠭᠡᠵᠢᠯᠳᠡᠨ ᠹᠠᠩ ᠰᠢᠶᠣᠤ ᠳ᠋ᠦᠩ ᠂ ᠥᠪᠥᠷ ᠮᠣᠩᠭᠣᠯ ‍ᠤᠨ ᠥᠪᠡᠷᠲᠡᠭᠡᠨ ᠵᠠᠰᠠᠬᠤ ᠣᠷᠣᠨ ‍ᠤ ᠢᠳᠡᠭᠡᠨ ᠡᠮ ‍ᠦᠨ ᠵᠦᠶᠯ ‍ᠦᠨ ᠰᠢᠯᠭᠠᠨ ᠪᠠᠶᠢᠴᠠᠭᠠᠯᠲᠠ ᠶ᠋ᠢᠨ ᠰᠤᠳᠤᠯᠭᠠᠨ ‍ᠤ ᠬᠦᠷᠢᠶᠡᠯᠡᠩ ‍ᠦᠨ ᠳᠠᠷᠤᠭ᠎ᠠ ᠭᠤᠤ ᠯᠧᠢ ᠂ ᠳᠤᠮᠳᠠᠳᠤ ᠤᠯᠤᠰ ᠤᠨ ᠡᠮ ᠡᠮᠨᠡᠯᠭᠡ ‍ᠦᠨ ᠨᠡᠶᠢᠭᠡᠮᠯᠢᠭ ‍ᠦᠨ ᠬᠢᠲᠠᠳ ᠡᠮ ‍ᠦᠨ ᠮᠥᠷᠳᠡᠨ ᠨᠡᠬᠡᠮᠵᠢᠯᠡᠬᠦ ᠲᠤᠰᠬᠠᠶ ᠮᠡᠷᠭᠡᠵᠢᠯ ‍ᠦᠨ ᠵᠥᠪᠯᠡᠯ ‍ᠦᠨ ᠨᠠᠷᠢᠨ ᠪᠢᠴᠢᠭ ‍ᠦᠨ ᠳᠠᠷᠤᠭ᠎ᠠ ᠵᠢᠶᠤᠤ ᠸᠧᠶ ᠂ ᠭᠤᠸᠠᠩᠳᠦ᠋ᠩ ᠮᠤᠵᠢ ᠶ᠋ᠢᠨ ᠨᠡᠶᠢᠭᠡᠮ ‍ᠦᠨ ᠰᠢᠨᠵᠢᠯᠡᠬᠦ ᠤᠬᠠᠭᠠᠨ ‍ᠤ ᠬᠦᠷᠢᠶᠡᠯᠡᠩ ‍ᠦᠨ ᠭᠤᠸᠠᠩᠳᠦ᠋ᠩ ‍ᠤᠨ ᠬᠥᠭᠵᠢᠯᠲᠡ ᠶ᠋ᠢᠨ ᠰᠤᠳᠤᠯᠭᠠᠨ ‍ᠤ ᠲᠣᠭ᠎ᠠ ᠪᠠᠷᠢᠮᠳᠠ ᠶ᠋ᠢᠨ ᠬᠥᠮᠥᠷᠭᠡ ᠶ᠋ᠢᠨ ᠡᠷᠬᠢᠯᠡᠭᠴᠢ ᠢᠦᠢ ᠬᠦᠶ ᠪᠥᠸᠧ ᠵᠡᠷᠭᠡ ᠲᠠᠪᠤᠨ ᠲᠤᠰᠬᠠᠶ ᠮᠡᠷᠭᠡᠵᠢᠯᠲᠡᠨ ᠡᠴᠠ ᠵᠠᠮᠪᠠᠯᠳᠣᠷᠵᠢ ᠶ᠋ᠢᠨ 《 ᠮᠣᠩᠭᠣᠯ ᠡᠮ ‍ᠢ ᠵᠦᠪ ᠲᠠᠨᠢᠬᠣ ᠲᠣᠯᠢ 》 ᠵᠢ ᠤᠯᠠᠮᠵᠢᠯᠠᠨ ᠵᠠᠯᠭᠠᠮᠵᠢᠯᠠᠵᠣ ᠂ ᠮᠣᠩᠭᠣᠯ ᠡᠮ ᠡᠮᠨᠡᠯᠭᠡ ᠶ᠋ᠢᠨ ᠰᠣᠶᠣᠯ ‍ᠤᠨ ᠡᠬᠢ ᠪᠠᠶᠠᠯᠢᠭ ‍ᠢ ᠭᠦᠨᠵᠡᠭᠡᠶ ᠰᠦᠪᠡᠭᠴᠢᠯᠡᠨ ᠂ ᠮᠣᠩᠭᠣᠯ ᠡᠮ ᠡᠮᠨᠡᠯᠭᠡ ᠶ᠋ᠢᠨ ᠬᠥᠭᠵᠢᠯᠲᠡ ᠶ᠋ᠢᠨ ᠠᠷᠭ᠎ᠠ ᠵᠠᠮ ‍ᠢ ᠦᠷᠭᠡᠳᠭᠡᠬᠦ ᠳ᠋ᠥ ᠰᠠᠭᠣᠷᠢᠯᠠᠨ ᠲᠤᠰᠬᠠᠶ ᠰᠡᠳᠦᠪᠲᠦ ᠮᠡᠳᠡᠭᠦᠯᠦᠯᠲᠡ ᠬᠢᠵᠡᠶ ᠃

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ