C C T V - 3 《 ᠪᠠᠶᠠᠷ ᠳᠡᠭᠡᠷ᠎ᠡ ᠪᠠᠶᠠᠷ ᠬᠦᠷᠭᠡᠶ᠎ᠡ 》 ᠭᠡᠬᠦ ᠪᠣᠯᠣᠩ ᠤᠨ ᠲᠦᠷᠦᠭᠦᠦ ᠬᠤᠭᠤᠴᠠᠭᠠᠨ ‍ᠤ ᠫᠷᠤᠭᠷᠠᠮ ᠮᠠᠨ ‍ᠤ ᠬᠣᠰᠢᠭᠤᠨ ᠳ᠋ᠤ ᠡᠬᠢᠯᠡᠭᠰᠡᠨ

ᠣᠩᠰᠢᠭᠰᠠᠨ ᠤᠳᠠᠭ᠎ᠠ ᠄ 2369     ᠨᠡᠶᠢᠳᠡᠯᠡᠭᠰᠡᠨ ᠴᠠᠭ ᠄ 2019/9/17 9:37:29

 

     9 ᠰᠠᠷ᠎ᠠ ᠶ᠋ᠢᠨ 15 ‍ᠦ ᠡᠳᠦᠷ ᠂ C C T V - 3  《 ᠪᠠᠶᠠᠷ ᠳᠡᠭᠡᠷ᠎ᠡ ᠪᠠᠶᠠᠷ ᠬᠦᠷᠭᠡᠶ᠎ᠡ 》 ᠭᠡᠬᠦ ᠪᠣᠯᠣᠩ ᠤᠨ ᠲᠦᠷᠦᠭᠦᠦ ᠬᠤᠭᠤᠴᠠᠭᠠᠨ ‍ᠤ ᠫᠷᠤᠭᠷᠠᠮ ᠮᠠᠨ ‍ᠤ ᠬᠣᠰᠢᠭᠤᠨ ᠳ᠋ᠤ ᠡᠬᠢᠯᠡᠵᠦ ᠂ ᠲᠤᠬᠠᠶ ᠶ᠋ᠢᠨ ᠲᠠᠯᠠᠪᠠᠢ ᠳ᠋ᠤ ᠭᠣᠢᠳᠠ ᠰᠠᠶᠢᠬᠠᠨ ᠳᠦᠷᠰᠦ ᠰᠢᠩᠭᠡᠭᠡᠯᠲᠡ ᠬᠢᠵᠦ ᠂ 10 ᠰᠠᠷ᠎ᠠ ᠶ᠋ᠢᠨ 20 ‍ᠦ ᠡᠳᠦᠷ ᠤᠨ ᠣᠷᠣᠢ ᠶ᠋ᠢᠨ ᠨᠠᠶᠮᠠᠨ ᠴᠠᠭ ᠬᠠᠭᠠᠰ ᠲᠤ C C T V - 3 ᠢ ᠨᠡᠪᠲᠡᠷᠡᠭᠦᠯᠦᠨ᠎ᠡ ᠃

      ᠫᠷᠤᠭᠷᠠᠮ ᠰᠢᠩᠭᠡᠭᠡᠨ ᠦᠶᠯᠡᠳᠬᠦ ᠲᠤᠬᠠᠶ ᠶ᠋ᠢᠨ ᠲᠠᠯᠠᠪᠠᠢ ᠶ᠋ᠢ ᠪᠦᠬᠦ ᠤᠯᠤᠰ ᠤᠨ ᠠᠯᠲᠠᠨ ᠶᠠᠷᠢᠭᠤᠯ ᠱᠠᠩᠨᠠᠯ ᠬᠦᠷᠲᠡᠭᠴᠢ ᠰᠢᠶᠣᠤ ᠳ᠋ᠦᠩ ᠫᠦᠸᠸ ᠡᠷᠬᠢᠯᠡᠵᠦ ᠂  ᠬᠠᠷᠢᠯᠴᠠᠨ ᠬᠥᠳᠡᠯᠦᠯᠴᠡᠬᠦ ᠂ ᠳᠡᠯᠭᠡᠨ ᠦᠵᠡᠭᠦᠯᠬᠦ ᠵᠡᠷᠭᠡ ᠠᠷᠭ᠎ᠠ ᠪᠠᠷᠢᠯ ᠢᠶᠠᠷ ᠮᠠᠨ ‍ᠤ ᠬᠣᠰᠢᠭᠤᠨ ‍ᠤ ᠰᠢᠯᠢᠳᠡᠭ ᠵᠠᠯᠠᠭᠤᠴᠤᠳ ᠲᠤ ᠵᠠᠭᠤᠴᠢ ᠪᠣᠯᠣᠭᠰᠠᠨ ᠪᠠᠶᠢᠨ᠎ᠠ ᠃

    《 ᠪᠠᠶᠠᠷ ᠳᠡᠭᠡᠷ᠎ᠡ ᠪᠠᠶᠠᠷ ᠬᠦᠷᠭᠡᠶ᠎ᠡ 》 ᠪᠣᠯ ᠨᠢᠭᠡᠨ ᠲᠣᠮᠣ ᠬᠡᠯᠪᠡᠷᠢ ᠶ᠋ᠢᠨ ᠭᠡᠷ ‍ᠦᠨ ᠭᠠᠳᠠᠨᠠᠬᠢ ᠶᠡᠷᠦᠩᠬᠡᠶᠢᠯᠡᠭᠰᠡᠨ ᠤᠷᠠᠯᠢᠭ ‍ᠤᠨ ᠲᠥᠷᠥᠯ ‍ᠦᠨ ᠫᠷᠤᠭᠷᠠᠮ ᠪᠠᠶᠢᠵᠤ ᠂ C C T V - 3 ᠶᠡᠷᠦᠩᠬᠡᠶᠢᠯᠡᠭᠰᠡᠨ ᠤᠷᠠᠯᠢᠭ ‍ᠤᠨ ᠰᠤᠪᠠᠭ ‍ᠤᠨ ᠣᠷᠣᠢ ᠶ᠋ᠢᠨ ᠬᠤᠭᠤᠴᠠᠭᠠᠨ ᠳ᠋ᠤ ᠭᠠᠷᠠᠭ ᠪᠦᠷᠢ ᠨᠡᠪᠲᠡᠷᠡᠭᠦᠯᠵᠦ ᠂ ᠫᠷᠤᠭᠷᠠᠮ ‍ᠤᠨ ᠴᠠᠭ ᠨᠢ 90 ᠮᠢᠨᠦ᠋ᠲ ᠂ ᠪᠥᠬᠥ ᠵᠢᠯ ᠳ᠋ᠦ 50 ᠬᠤᠭᠤᠴᠠᠭ᠎ᠠ ᠦᠷᠭᠦᠯᠵᠢᠯᠡᠨ᠎ᠡ ᠃ ᠲᠣᠭᠯᠠᠯᠲᠠ ᠨᠢ ᠪᠦᠬᠦ ᠤᠯᠤᠰ ᠤᠨ ᠬᠣᠲᠠ ᠪᠠᠯᠭᠠᠰᠤ ᠬᠥᠳᠡᠭᠡ ᠲᠣᠰᠬᠣᠨ ᠳ᠋ᠤ ᠬᠦᠷᠴᠦ ᠂ ᠵᠠᠯᠠᠭᠤᠴᠤᠳ ᠤᠨ ᠢᠨᠠᠭᠯᠠᠬᠤ ᠪᠠᠷ ᠫᠷᠤᠭᠷᠠᠮ ‍ᠤᠨ ᠭᠠᠷᠳᠠᠬᠤ ᠴᠡᠭ ᠪᠣᠯᠭᠠᠵᠤ ᠂ ᠣᠷᠣᠨ ᠨᠤᠲᠤᠭ ‍ᠤᠨ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠪᠦᠲᠦᠭᠡᠨ ᠪᠠᠶᠢᠭᠤᠯᠤᠯᠲᠠ ᠶ᠋ᠢᠨ ᠠᠮᠵᠢᠯᠲᠠ ᠪᠦᠲᠦᠮᠵᠢ ᠶ᠋ᠢ ᠢᠯᠡᠷᠡᠭᠦᠯᠵᠦ ᠂ ᠵᠠᠯᠠᠭᠤᠴᠤᠳ ‍ᠢ ᠬᠥᠲᠥᠯᠥᠨ ᠳᠠᠭᠠᠭᠤᠯᠵᠤ ᠵᠥᠪ ᠣᠨᠣᠪᠴᠢᠲᠠᠶ ᠥᠷᠲᠡᠭ ‍ᠦᠨ ᠦᠵᠡᠯᠲᠡ ᠂ ᠣᠷᠣᠭ ᠢᠨᠠᠭ ᠤᠨ ᠦᠵᠡᠯᠲᠡ ᠪᠣᠶ ᠪᠣᠯᠭᠠᠵᠤ ᠂ ᠶᠠᠳᠠᠭᠤ ᠡᠴᠠ ᠠᠩᠭᠢᠵᠢᠷᠠ ᠴᠢᠨᠡᠭᠡᠯᠢᠭᠵᠢᠬᠦ ᠶ᠋ᠢ ᠢᠯᠡᠷᠡᠭᠦᠯᠬᠦ ᠶ᠋ᠢᠨ ᠬᠠᠮᠲᠤ ᠬᠥᠳᠡᠭᠡ ᠲᠣᠰᠬᠣᠨ ‍ᠤ ᠵᠠᠯᠠᠭᠤᠴᠤᠳ ᠤᠨ ᠣᠷᠣᠭ ᠢᠨᠠᠭ ᠤᠨ ᠠᠰᠠᠭᠤᠳᠠᠯ ‍ᠢ ᠰᠢᠶ᠋ᠳᠪᠦᠷᠢᠯᠡᠬᠦ ᠪᠡᠷ ᠳᠠᠮᠵᠢᠨ ᠬᠥᠳᠡᠭᠡ ᠲᠣᠰᠬᠣᠨ ‍ᠢ ᠬᠥᠭᠵᠢᠭᠦᠯᠦᠨ ᠮᠠᠨᠳᠤᠭᠤᠯᠬᠤ 《 ᠴᠢᠳᠠᠪᠤᠷᠢᠲᠠᠨ ‍ᠢ ᠦᠯᠡᠳᠡᠭᠡᠬᠦ 》 ᠪᠣᠯᠤᠨ᠎ᠠ ᠃

    《 ᠪᠠᠶᠠᠷ ᠳᠡᠭᠡᠷ᠎ᠡ ᠪᠠᠶᠠᠷ ᠬᠦᠷᠭᠡᠶ᠎ᠡ 》 ᠭᠡᠬᠦ ᠪᠤᠯᠤᠩ ᠨᠢ ᠨᠠᠢᠮᠠᠨ ‍ᠦ ᠦᠵᠡᠰᠬᠦᠯᠡᠩᠲᠦ ᠰᠠᠶᠢᠬᠠᠨ ᠦᠵᠡᠮᠵᠢ ᠶ᠋ᠢ ᠰᠡᠭᠦᠳᠡᠷᠯᠡᠨ ᠦᠶᠯᠡᠳᠴᠦ ᠤᠬᠠᠭᠤᠯᠤᠨ ᠂ ᠪᠦᠬᠦ ᠤᠯᠤᠰ ᠤᠨ ᠬᠡᠪᠴᠢᠶᠡᠨ ᠳ᠋ᠦ ᠨᠠᠢᠮᠠᠨ ‍ᠦ ᠬᠥᠳᠡᠭᠡ ᠲᠣᠰᠬᠣᠨ ‍ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠵᠢᠴᠢ ᠲᠠᠷᠢᠶᠠᠴᠢᠳ ᠤᠨ ᠴᠣ᠋ ᠰᠢᠨ᠎ᠡ ᠵᠣᠷᠢᠭ ᠰᠠᠨᠠᠭ᠎ᠠ ᠶ᠋ᠢ ᠳᠡᠯᠭᠡᠨ ᠦᠵᠡᠭᠦᠯᠵᠡᠶ ᠃ ᠮᠠᠨ ‍ᠤ ᠬᠣᠰᠢᠭᠤᠨ ‍ᠤ ᠬᠥᠮᠦᠨ ᠨᠡᠶᠢᠭᠡᠮ ‍ᠦᠨ ᠵᠠᠩ ᠠᠭᠠᠯᠢ ᠂ ᠵᠢᠭᠤᠯᠴᠢᠯᠠᠯ ‍ᠤᠨ ᠡᠬᠢ ᠪᠠᠶᠠᠯᠢᠭ ᠂ ᠣᠨᠴᠠ ᠭᠠᠷᠤᠯᠲᠠ ᠴᠤ ᠫᠷᠤᠭᠷᠠᠮ ‍ᠤᠨ ᠨᠡᠪᠲᠡᠷᠡᠭᠦᠯᠭᠡ ᠶ᠋ᠢ ᠳᠠᠭᠠᠯᠳᠤᠨ ᠂ ᠪᠥᠬᠥ ᠤᠯᠤᠰ ᠤᠨ ᠦᠵᠡᠭᠴᠢᠳ ‍ᠦᠨ ᠡᠮᠦᠨ᠎ᠡ ᠳᠡᠯᠭᠡᠭᠳᠡᠵᠦ ᠂ ᠨᠠᠶ᠋ᠮᠠᠨ ‍ᠤ ᠨᠡᠷ᠎ᠡ ᠠᠯᠳᠠᠷ ᠪᠠ ᠢᠷᠠᠭᠤ ᠠᠯᠳᠠᠷ ‍ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ ᠃

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ