2019 ᠣᠨ ᠤ ᠬᠣᠰᠢᠭᠤᠨ ‍ᠤ ᠬᠣᠶᠠᠳᠤᠭᠠᠷ ᠬᠤᠭᠤᠴᠠᠭᠠᠨ ‍ᠤ 《 ᠨᠢᠭᠡ ᠪᠦᠰᠡ ᠨᠢᠭᠡ ᠵᠠᠮ 》 ᠳᠠᠭᠠᠤ ᠶ᠋ᠢᠨ ᠤᠯᠤᠰ ᠤᠨ ᠲᠠᠸᠠᠷ ‍ᠤᠨ ᠳᠡᠯᠭᠡᠨ ᠪᠣᠷᠣᠯᠠᠭᠤᠯᠬᠤ ᠴᠤᠭᠯᠠᠭᠠᠨ ᠡᠬᠢᠯᠡᠭᠰᠡᠨ

ᠣᠩᠰᠢᠭᠰᠠᠨ ᠤᠳᠠᠭ᠎ᠠ ᠄ 3904     ᠨᠡᠶᠢᠳᠡᠯᠡᠭᠰᠡᠨ ᠴᠠᠭ ᠄ 2019/9/17 9:55:09


    9 ᠰᠠᠷ᠎ᠠ ᠶ᠋ᠢᠨ 13 ‍ᠦ ᠣᠷᠣᠢ ᠂ 2019 ᠣᠨ ᠤ ᠬᠣᠰᠢᠭᠤᠨ ‍ᠤ ᠬᠣᠶᠠᠳᠤᠭᠠᠷ ᠬᠤᠭᠤᠴᠠᠭᠠᠨ ‍ᠤ 《 ᠨᠢᠭᠡ ᠪᠦᠰᠡ ᠨᠢᠭᠡ ᠵᠠᠮ 》 ᠳᠠᠭᠠᠤ ᠶ᠋ᠢᠨ ᠤᠯᠤᠰ ᠤᠨ ᠲᠠᠸᠠᠷ ‍ᠤᠨ ᠳᠡᠯᠭᠡᠨ ᠪᠣᠷᠣᠯᠠᠭᠤᠯᠬᠤ ᠴᠤᠭᠯᠠᠭᠠᠨ ᠡᠬᠢᠯᠡᠵᠦ ᠂ ᠬᠣᠰᠢᠭᠤᠨ ‍ᠤ ᠤᠳᠤᠷᠢᠳᠤᠯᠭ᠎ᠠ ᠪᠦᠷᠢᠨ ᠂ ᠯᠢ ᠢᠦᠢ ᠱᠠᠨ ᠂ ᠭᠦᠸᠧ ᠶᠦᠩ ᠂ ᠱᠢ ᠮᠢᠩ ᠰᠢᠶᠠᠨ ᠂ ᠸᠠᠩ ᠯᠢ ᠴᠢᠶᠠᠩ ᠂ ᠰᠢ ᠡᠷᠬᠢᠮᠪᠠᠶᠠᠷ ᠨᠠᠷ ᠡᠬᠢᠯᠡᠯᠲᠡ ᠶ᠋ᠢᠨ ᠶᠣᠰᠣᠯᠠᠯ ᠳ᠋ᠤ  ᠰᠠᠭᠠᠳᠠᠭᠰᠠᠨ ᠪᠠᠶᠢᠨ᠎ᠠ ᠃

    ᠬᠣᠰᠢᠭᠤᠨ ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠤᠨ ᠠᠷᠠᠳ ‍ᠤᠨ ᠵᠠᠰᠠᠭ ᠤᠨ ᠣᠷᠳᠣᠨ ‍ᠤ ᠬᠣᠰᠢᠭᠤᠨ ᠳᠠᠷᠤᠭ᠎ᠠ ᠪᠦᠷᠢᠨ 2019 ᠣᠨ ᠤ ᠬᠣᠰᠢᠭᠤᠨ ‍ᠤ ᠬᠣᠶᠠᠳᠤᠭᠠᠷ ᠬᠤᠭᠤᠴᠠᠭᠠᠨ ‍ᠤ 《 ᠨᠢᠭᠡ ᠪᠦᠰᠡ ᠨᠢᠭᠡ ᠵᠠᠮ 》 ᠳᠠᠭᠠᠤ ᠶ᠋ᠢᠨ ᠤᠯᠤᠰ ᠤᠨ ᠲᠠᠸᠠᠷ ‍ᠤᠨ ᠳᠡᠯᠭᠡᠨ ᠪᠣᠷᠣᠯᠠᠭᠤᠯᠬᠤ ᠴᠤᠭᠯᠠᠭᠠᠨ ᠡᠬᠢᠯᠡᠭᠰᠡᠨ ‍ᠢ ᠵᠠᠷᠯᠠᠪᠠ ᠃

     ᠯᠢ ᠢᠦᠢ ᠱᠠᠨ ᠪᠠᠶᠠᠷ ‍ᠤᠨ ᠦᠭᠡ ᠳ᠋ᠡᠭᠡᠨ ᠂ ᠨᠠᠶᠮᠠᠨ ᠬᠣᠰᠢᠭᠤ 《 ᠨᠢᠭᠡ ᠪᠦᠰᠡ ᠨᠢᠭᠡ ᠵᠠᠮ 》 ᠳᠠᠭᠠᠤ ᠶ᠋ᠢᠨ ᠤᠯᠤᠰ ᠤᠨ ᠲᠠᠸᠠᠷ ‍ᠤᠨ ᠳᠡᠯᠭᠡᠨ ᠪᠣᠷᠣᠯᠠᠭᠤᠯᠬᠤ ᠴᠤᠭᠯᠠᠭᠠᠨ ‍ᠢ ᠳᠠᠭᠠᠭᠠᠴᠢᠯᠠᠨ ᠡᠷᠬᠢᠯᠡᠬᠦ ᠪᠣᠯ ᠰᠢ ᠶ᠋ᠢᠨ ᠫᠢᠩ ᠶᠡᠷᠦᠩᠬᠡᠶ ᠱᠦᠵᠢ ᠶ᠋ᠢᠨ ᠳᠤᠷᠠᠳᠤᠭᠰᠠᠨ 《 ᠨᠢᠭᠡ ᠪᠦᠰᠡ ᠨᠢᠭᠡ ᠵᠠᠮ 》 ‍ᠢ ᠪᠦᠲᠦᠭᠡᠨ ᠪᠠᠶᠢᠭᠤᠯᠬᠤ ᠴᠢᠬᠤᠯᠠ ᠶᠡᠬᠡ ᠰᠠᠨᠠᠭᠠᠴᠢᠯᠠᠭ᠎ᠠ ᠶ᠋ᠢ ᠭᠦᠨᠵᠡᠭᠡᠶ ᠲᠤᠤᠱᠯᠠᠭᠤᠯᠤᠨ  ᠨᠠᠶᠢᠳᠠᠪᠣᠷᠢᠵᠢᠭᠣᠯᠵᠣ ᠂ ᠥᠪᠡᠷᠲᠡᠭᠡᠨ ᠵᠠᠰᠠᠬᠤ ᠣᠷᠣᠨ ‍ᠤ ᠤᠮᠠᠷᠠᠰᠢ ᠨᠡᠭᠡᠭᠡᠯᠲᠡ ᠬᠢᠬᠦ ᠶ᠋ᠢ ᠲᠤᠤᠱᠯᠠᠭᠤᠯᠤᠨ ᠂ ᠥᠪᠥᠷ ᠮᠣᠩᠭᠣᠯ ‍ᠤᠨ ᠠᠵᠤ ᠠᠬᠤᠢ ᠶ᠋ᠢᠨ ᠬᠣᠩᠭᠢᠯ ‍ᠢ ᠪᠦᠲᠦᠭᠡᠨ ᠪᠠᠶᠢᠭᠣᠯᠵᠣ ᠂ 《 ᠲᠣᠷᠭᠠᠨ ᠵᠠᠮ ‍ᠤᠨ ᠠᠵᠤ ᠠᠬᠤᠢ ᠶ᠋ᠢᠨ ᠪᠦᠰᠡ 》 ᠵᠢᠨ ᠪᠦᠲᠦᠭᠡᠨ ᠪᠠᠶᠢᠭᠣᠯᠣᠯᠳᠠ ᠳ᠋ᠤ ᠰᠠᠨᠠᠭᠠᠴᠢᠯᠠᠭ᠎ᠠ ᠡᠴᠠ ᠪᠠᠨ ᠠᠭᠤᠰᠤᠯᠴᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠪᠢᠳᠡ ᠲᠣᠰ ᠤᠳᠠᠭ᠎ᠠ ᠶ᠋ᠢᠨ ᠲᠠᠸᠠᠷ ‍ᠤᠨ ᠳᠡᠯᠭᠡᠨ ᠪᠣᠷᠣᠯᠠᠭᠤᠯᠬᠤ ᠴᠤᠭᠯᠠᠭᠠᠨ ‍ᠢ ᠳᠠᠭᠠᠭᠠᠴᠢᠯᠠᠨ ᠡᠷᠬᠢᠯᠡᠬᠦ ᠪᠡᠷ ᠠᠵᠠ ᠲᠣᠬᠢᠶᠠᠯ ᠪᠣᠯᠭᠠᠵᠤ ᠂ ᠥᠪᠥᠷ ᠮᠣᠩᠭᠣᠯ ‍ᠤᠨ ᠠᠵᠤ ᠠᠬᠤᠢ ᠶ᠋ᠢᠨ ᠬᠣᠩᠭᠢᠯ ‍ᠤᠨ ᠪᠦᠲᠦᠭᠡᠨ ᠪᠠᠶᠢᠭᠤᠯᠤᠯᠲᠠ ᠶ᠋ᠢ ᠠᠬᠢᠭᠤᠯᠵᠤ ᠂ 《 ᠨᠢᠭᠡ ᠪᠦᠰᠡ ᠨᠢᠭᠡ ᠵᠠᠮ 》 ᠳᠠᠭᠠᠤ ᠶ᠋ᠢᠨ ᠤᠯᠤᠰ ᠪᠣᠯᠤᠨ ᠭᠠᠵᠠᠷ ᠣᠷᠣᠨ ᠯᠤᠭ᠎ᠠ ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ ᠂ ᠥᠪᠥᠷ ᠮᠣᠩᠭᠣᠯ ᠴᠢᠨᠠᠭᠰᠢᠯᠠᠪᠠᠯ ᠵᠡᠭᠦᠨ ᠬᠣᠢᠲᠤ ᠠᠽᠢᠶ᠎ᠠ ᠶ᠋ᠢᠨ ᠭᠠᠵᠠᠷ ᠣᠷᠣᠨ ‍ᠤ ᠬᠣᠭᠣᠷᠣᠨᠳᠣᠬᠢ ᠰᠣᠶᠣᠯ ‍ᠤᠨ ᠰᠣᠯᠢᠯᠴᠠᠭ᠎ᠠ ᠂ ᠠᠷᠠᠯᠵᠢᠶᠠᠨ ‍ᠤ ᠬᠠᠮᠲᠤᠷᠠᠯᠴᠠᠭ᠎ᠠ ᠪᠣᠯᠤᠨ ᠬᠥᠭᠵᠢᠯᠲᠡ ᠶ᠋ᠢ ᠬᠠᠮᠲᠤᠪᠠᠷ ᠰᠦᠪᠡᠭᠴᠢᠯᠡᠬᠦ ᠲᠠᠪᠴᠠᠩ ‍ᠢ ᠢᠳᠡᠪᠬᠢᠲᠡᠢ ᠪᠠᠶᠢᠭᠣᠯᠵᠣ ᠂ ᠥᠪᠥᠷ ᠮᠣᠩᠭᠣᠯ ‍ᠢ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠭᠠᠨ ᠪᠠᠶᠢᠭᠣᠯᠬᠣ ᠳ᠋ᠤ ᠢᠳᠡᠪᠬᠢᠲᠡᠢ ᠦᠶᠯᠡᠳᠦᠯ ᠦᠵᠡᠭᠦᠯᠬᠦ ᠬᠡᠷᠡᠭᠲᠡᠢ ᠭᠡᠰᠡᠨ  ᠪᠠᠶᠢᠨ᠎ᠠ ᠃

     ᠣᠶᠢᠯᠭᠠᠯᠳᠠ ᠪᠡᠷ ᠂ ᠲᠣᠰ ᠤᠳᠠᠭᠠᠨ ‍ᠤ ᠦᠵᠡᠰᠬᠦᠯᠡᠩ ‍ᠢ 9 ᠰᠠᠷ᠎ᠠ ᠶ᠋ᠢᠨ 13 ‍ᠦ ᠡᠳᠦᠷ ᠡᠴᠡ 9 ᠰᠠᠷ᠎ᠠ ᠶ᠋ᠢᠨ 19 ‍ᠦ ᠡᠳᠦᠷ ᠪᠣᠯᠲᠠᠯ᠎ᠠ ᠬᠣᠰᠢᠭᠤᠨ ‍ᠤ ᠪᠡᠶ᠎ᠡ ᠶ᠋ᠢᠨ ᠲᠠᠮᠢᠷ ‍ᠤᠨ ᠲᠠᠯᠠᠪᠠᠢ ᠳ᠋ᠤ ᠶᠠᠪᠤᠭᠳᠠᠭᠤᠯᠵᠤ ᠂ ᠨᠡᠶᠢᠲᠡ 210 ᠦᠵᠡᠭᠦᠯᠦᠯᠭᠡ ᠶ᠋ᠢᠨ ᠪᠠᠶᠢᠷᠢ ᠶ᠋ᠢ ᠪᠠᠶᠢᠭᠤᠯᠵᠤ ᠂ ᠣᠷᠣᠰ ᠂ ᠮᠣᠩᠭᠣᠯ ᠂ ᠫᠠᠺᠢᠰᠲ᠋ᠠᠨ ᠂ ᠡᠨᠡᠳᠬᠡᠭ ᠵᠡᠷᠭᠡ ᠤᠯᠤᠰ ᠵᠢᠴᠢ ᠰᠢᠶᠠᠩᠭᠠᠩ ᠣᠣᠮᠧᠨ ᠲᠠᠶᠢᠸᠠᠨ ‍ᠤ ᠭᠠᠵᠠᠷ ᠣᠷᠣᠨ ᠪᠣᠯᠤᠨ ᠤᠯᠤᠰ ᠤᠨ ᠳᠣᠲᠣᠭᠠᠳᠤ ᠶ᠋ᠢᠨ ᠡᠯ᠎ᠡ ᠮᠣᠵᠢ ᠂ ᠣᠷᠣᠨ ᠂ ᠬᠣᠲᠠ ᠶ᠋ᠢᠨ ᠦᠵᠡᠰᠬᠦᠯᠡᠩ ᠳ᠋ᠦ ᠣᠷᠣᠯᠴᠠᠭᠰᠠᠨ ᠬᠤᠳᠠᠯᠳᠤᠭᠠᠴᠢᠨ ᠨᠡᠶᠢᠲᠡ 200 ᠭᠠᠷᠤᠶ ᠪᠠᠶᠢᠵᠤ ᠂ 320 ᠬᠥᠮᠥᠨ ᠦᠵᠡᠰᠬᠦᠯᠡᠩ ᠳ᠋ᠦ ᠣᠷᠣᠯᠴᠠᠭᠰᠠᠨ ᠪᠠᠢᠨ᠎ᠠ ᠃ ᠳᠡᠯᠭᠡᠨ ᠪᠣᠷᠣᠯᠠᠭᠤᠯᠬᠤ ᠲᠠᠸᠠᠷ ᠲᠤ ᠢᠮᠠᠭᠠᠨ ᠨᠣᠯᠤᠤᠷ ᠂ ᠬᠣᠨᠢᠨ ᠨᠣᠤᠰᠣ ᠂ ᠲᠡᠮᠡᠭᠡᠨ ᠨᠣᠤᠰᠣᠨ ‍ᠤ ᠪᠦᠲᠦᠭᠡᠭᠳᠡᠬᠦᠨ ᠂ ᠠᠷᠠᠰᠤᠨ ᠡᠳ᠋ᠯᠡᠯ ᠂ ᠦᠨᠳᠦᠰᠦᠲᠡᠨ ‍ᠦ ᠬᠤᠪᠴᠠᠰᠤ ᠵᠠᠰᠠᠯ ᠂ ᠭᠡᠷ ‍ᠦᠨ ᠬᠡᠷᠡᠭᠰᠡᠯ ᠵᠡᠷᠭᠡ ᠮᠢᠩᠭ᠎ᠠ ᠭᠠᠷᠤᠶ ᠲᠥᠷᠥᠯ ᠵᠦᠶᠯ ‍ᠢ ᠪᠠᠭᠳᠠᠭᠠᠭᠰᠠᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄