ᠵᠠᠩ ᠬᠤᠸᠠ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠂ ᠵᠥᠷᠢᠴᠡᠯ ‍ᠢ ᠣᠯᠠᠨ ᠡᠰᠢᠵᠢᠬᠦᠯᠦᠨ ᠰᠢᠶᠳᠪᠦᠷᠢᠯᠡᠬᠦ ᠂ ᠠᠶᠤᠯᠭᠦᠶ ᠦᠶᠯᠡᠳᠪᠦᠷᠢᠯᠡᠯ ᠵᠡᠷᠭᠡ ᠭᠣᠣᠯᠳᠠᠯᠭᠠᠳᠣ ᠠᠵᠢᠯ ᠢ ᠪᠠᠶᠢᠴᠠᠭᠠᠨ ᠵᠢᠯᠣᠭᠣᠳᠣᠡᠡᠰᠠᠨ

ᠣᠩᠰᠢᠭᠰᠠᠨ ᠤᠳᠠᠭ᠎ᠠ ᠄ 3038     ᠨᠡᠶᠢᠳᠡᠯᠡᠭᠰᠡᠨ ᠴᠠᠭ ᠄ 2019/9/20 10:00:26

 

           9 ᠳ᠋ᠦ᠋ᠭᠡᠷ ᠰᠠᠷ᠎ᠠ ᠶ᠋ᠢᠨ 10 ‍ᠦ ᠡᠳᠦᠷ ᠂ ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠂ ᠥᠪᠡᠷᠲᠡᠭᠡᠨ ᠵᠠᠰᠠᠬᠤ ᠣᠷᠣᠨ ‍ᠤ ᠨᠠᠢᠮᠠᠨ ᠬᠣᠰᠢᠭᠤᠨ ᠳ᠋ᠤ ᠲᠣᠮᠢᠯᠠᠭᠰᠠᠨ ᠶᠠᠳᠠᠭᠤ ᠡᠴᠠ  ᠠᠩᠭᠢᠵᠢᠷᠠᠭᠣᠯᠣᠨ ᠪᠣᠭᠣᠮᠲᠠ ᠰᠢᠪᠲᠤᠯᠬᠤ ᠠᠵᠢᠯ ᠶ᠋ᠢᠨ ᠶᠡᠷᠦᠩᠬᠡᠶ ᠠᠩᠭᠢ ᠶ᠋ᠢᠨ ᠳᠠᠷᠤᠭ᠎ᠠ ᠂ ᠬᠣᠰᠢᠭᠣᠨ ᠤ ᠨᠠᠮ ‍ᠤᠨ ᠬᠣᠷᠢᠶᠠᠨ ‍ᠤ ᠳᠡᠳ᠋ ᠱᠦᠵᠢ ᠶᠢᠨ ᠵᠢᠶᠠᠨ ᠱᠧ ᠨᠠᠷ ᠰᠢᠨ ᠵᠧᠨ ᠪᠠᠯᠭᠠᠰᠣ ᠂ ᠬᠣᠩᠬᠣᠷᠲᠠᠯ᠎ᠠ ᠰᠣᠮᠣ ᠳ᠋ᠤ ᠭᠦᠨᠵᠡᠭᠡᠶᠢᠷᠡᠨ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ ᠵᠥᠷᠢᠴᠡᠯ ‍ᠢ ᠣᠯᠠᠨ ᠡᠰᠢᠴᠢᠯᠡᠨ ᠰᠢᠶᠳᠪᠦᠷᠢᠯᠡᠬᠦ ᠂ ᠠᠶᠤᠯᠭᠦᠶ ᠦᠶᠯᠡᠳᠪᠦᠷᠢᠯᠡᠯ ᠵᠡᠷᠭᠡ ᠣᠳᠣᠬᠠᠨ ‍ᠤ ᠭᠣᠤᠯᠳᠠᠯᠭ᠎ᠠ ᠲᠠᠶ ᠠᠵᠢᠯ ᠳ᠋ᠥ ᠪᠠᠶᠢᠴᠠᠭᠠᠯᠳᠠ ᠬᠢᠬᠦ ᠶ᠋ᠢᠨ ᠬᠠᠮᠲᠤ ᠰᠠᠭᠣᠳᠠᠯ ᠤᠨ ᠬᠣᠷᠠᠯ ᠬᠣᠷᠠᠯᠳᠣᠭᠣᠯᠭᠰᠠᠨ ᠪᠠᠶᠢᠨ᠎ᠠ ᠃

        ᠨᠢᠭᠡ ᠳ᠋ᠦ ᠂ ᠴᠡᠭᠴᠡᠯᠡᠨ ᠰᠠᠶᠢᠵᠢᠷᠠᠭᠤᠯᠬᠤ ᠵᠢ 《 ᠡᠷᠬᠢᠴᠡᠬᠦᠯᠦᠨ ᠦᠵᠡᠬᠦ 》 ᠠᠵᠢᠯ ‍ᠢ ᠦᠷᠭᠦᠯᠵᠢᠯᠡᠨ ᠭᠦᠨᠵᠡᠭᠡᠶ ᠪᠠᠲᠤᠲᠠᠶ ᠥᠷᠨᠢᠭᠦᠯᠬᠦ ᠬᠡᠷᠡᠭᠲᠡᠶ ᠃ ᠲᠥᠪ ‍ᠦᠨ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠲᠤᠰᠬᠠᠶ ᠲᠣᠭᠣᠷᠢᠨ ᠪᠠᠶᠢᠴᠠᠭᠠᠯᠳᠠ ᠂ ᠤᠯᠤᠰ ᠪᠠ ᠥᠪᠡᠷᠲᠡᠭᠡᠨ ᠵᠠᠰᠠᠬᠤ ᠣᠷᠣᠨ ‍ᠤ ᠦᠷ᠎ᠡ ᠪᠦᠲᠦᠮᠵᠢ ᠶ᠋ᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ‍ᠢ ᠴᠢᠩᠭ᠎ᠠ ᠠᠩᠬᠠᠷᠴᠤ ᠂ ᠲᠣᠰᠬᠣᠨ ᠪᠠ ᠡᠷᠦᠬᠡ ᠠᠮᠠ ᠶ᠋ᠢᠨ ᠪᠠᠶᠢᠳᠠᠯ ᠂ ᠲᠥᠷᠦ ᠶ᠋ᠢᠨ ᠪᠣᠳᠣᠯᠭ᠎ᠠ ᠶ᠋ᠢᠨ ᠱᠠᠭᠠᠷᠳᠠᠯᠭ᠎ᠠ ᠶ᠋ᠢ ᠦᠨᠳᠦᠰᠦᠯᠡᠨ ᠲᠦᠷᠦᠯ ᠵᠦᠶᠯ ᠳᠠᠷᠠᠭᠠᠯᠠᠨ ᠳᠠᠬᠢᠨ ᠴᠡᠭᠴᠡᠯᠡᠵᠤ ᠳᠠᠬᠢᠨ ᠨᠠᠶᠢᠳᠠᠪᠣᠷᠢᠵᠢᠭᠣᠯᠣᠨ ᠂ ᠠᠷᠠᠳ ‍ᠤᠨ ᠪᠠᠶᠢᠳᠠᠯ ‍ᠢ ᠰᠠᠶᠢᠲᠤᠷ ᠲᠡᠮᠳᠡᠭᠯᠡᠵᠦ ᠂ ᠨᠢᠭᠡᠮᠣᠰᠣᠨ ᠬᠠᠯᠠᠨ ᠰᠠᠶᠢᠵᠢᠷᠠᠭᠣᠯᠬᠣ ᠢ ᠪᠠᠳᠣᠯᠬᠣ ᠬᠡᠷᠡᠭᠳᠡᠢ ᠃ ᠪᠠᠯᠭᠠᠰᠣ ᠶ᠋ᠢᠨ ᠱᠠᠲᠤᠨ ‍ᠤ ᠨᠠᠮ ᠵᠠᠰᠠᠭ ‍ᠤᠨ ᠤᠳᠤᠷᠢᠳᠬᠤ ᠪᠠᠭ ᠤᠯᠤᠰ ᠲᠥᠷᠦ ᠶ᠋ᠢᠨ ᠬᠠᠷᠢᠭᠤᠴᠠᠯᠭ᠎ᠠ ᠵᠢ ᠡᠭᠦᠷᠭᠡᠯᠡᠵᠦ ᠂ ᠲᠤᠶᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠃ ᠬᠣᠰᠢᠭᠤᠨ ‍ᠤ ᠱᠠᠲᠤᠨ ᠡᠴᠠ ᠬᠠᠪᠰᠤᠷᠤᠨ ᠵᠣᠬᠢᠴᠠᠭᠤᠯᠵᠤ ᠂ ᠨᠢᠭᠲᠠ ᠬᠠᠮᠵᠢᠯᠴᠠᠨ ᠂ ᠠᠵᠢᠯ ‍ᠤᠨ ᠨᠡᠶᠢᠯᠡᠮᠡᠯ ᠬᠦᠴᠦᠨ ‍ᠢ ᠪᠦᠷᠢᠯᠳᠦᠭᠦᠯᠵᠦ ᠂ ᠴᠡᠭᠴᠡᠯᠡᠨ ᠰᠠᠶᠢᠵᠢᠷᠠᠭᠤᠯᠬᠤ ᠠᠵᠢᠯ ‍ᠤᠨ ᠪᠣᠳᠠᠲᠤ ᠦᠷ᠎ᠡ ᠪᠦᠲᠦᠮᠵᠢ ᠣᠯᠬᠤ ᠶ᠋ᠢ ᠦᠨᠡᠨᠬᠦ ᠠᠬᠢᠭᠤᠯᠬᠤ ᠬᠡᠷᠡᠭᠲᠡᠶ ᠃
       ᠬᠣᠶᠠᠷ ᠲᠤ ᠂ ᠥᠨᠳᠥᠷ ᠶᠠᠰᠣ ᠴᠢᠨᠠᠷᠳᠠᠢ ᠪᠠᠷ ᠶᠠᠳᠠᠭᠤ ᠡᠴᠠ ᠠᠩᠭᠢᠵᠢᠷᠠᠭᠤᠯᠬᠤ ᠶ᠋ᠢ ᠪᠠᠶᠢᠴᠠᠭᠠᠵᠤ ᠰᠢᠯᠭᠠᠬᠤ ᠠᠵᠢᠯ ‍ᠢ ᠣᠡᠡᠳᠣᠬᠣ ᠬᠡᠷᠡᠭᠳᠡᠢ ᠃ 《 ᠬᠣᠶᠠᠷ ᠲᠤ ᠵᠣᠪᠠᠬᠤ ᠦᠭᠡᠢ ᠭᠤᠷᠪᠠ ᠶ᠋ᠢ ᠪᠠᠲᠤᠯᠠᠬᠤ 》 ᠬᠠᠷᠠᠯᠲᠠ ᠪᠠᠷᠢᠮᠵᠢᠶ᠎ᠠ ᠶ᠋ᠢ ᠪᠠᠷᠢᠮᠲᠠᠯᠠᠵᠤ ᠂ 《 ᠪᠦᠬᠦᠨ ‍ᠢ ᠦᠭᠡᠶᠢᠰᠬᠡᠵᠦ ᠪᠠᠷᠢᠮᠵᠢᠶ᠎ᠠ ᠳ᠋ᠤ ᠬᠦᠷᠬᠡᠬᠦ 》 ᠵᠢᠴᠢ 《 ᠠᠷᠪᠠᠨ ᠵᠦᠶᠯ ‍ᠦᠨ ᠲᠥᠷᠥ ᠶ᠋ᠢᠨ ᠪᠣᠳᠣᠯᠭ᠎ᠠ 》 ᠵᠡᠷᠭᠡ ᠡᠯ᠎ᠡ ᠵᠦᠶᠯ ‍ᠦᠨ ᠶᠠᠳᠠᠭᠤ ᠶ᠋ᠢ ᠲᠡᠳᠬᠦᠬᠦ ᠲᠥᠷᠥ ᠶ᠋ᠢᠨ ᠪᠣᠳᠣᠯᠭ᠎ᠠ ᠶ᠋ᠢᠨ ᠨᠠᠶᠢᠳᠠᠪᠣᠷᠢᠵᠢᠭᠣᠯᠣᠯᠳᠠ ᠳ᠋ᠤ ᠠᠩᠬᠠᠷᠤᠯ ᠢᠶᠡᠨ ᠲᠥᠪᠯᠡᠷᠡᠭᠦᠯᠵᠦ ᠂ ᠪᠣᠳᠠᠲᠠᠶ ᠠᠷᠭ᠎ᠠ ᠬᠡᠮᠵᠢᠶ᠎ᠡ ᠠᠪᠴᠤ ᠂ ᠶᠠᠳᠠᠭᠤ ᠬᠦᠴᠢᠷᠳᠡᠯᠲᠡᠶ ᠣᠯᠠᠨ ᠲᠦᠮᠡᠨ ‍ᠢ ᠲᠣᠭᠲᠠᠭᠤᠨ ᠶᠠᠳᠠᠭᠤ ᠡᠴᠠ ᠠᠩᠬᠢᠵᠢᠷᠠᠭᠣᠯᠣᠨ ᠦᠷᠭᠦᠯᠵᠢᠯᠡᠨ ᠣᠷᠣᠯᠭ᠎ᠠ ᠵᠢ ᠨᠢ ᠨᠡᠮᠡᠭᠳᠡᠭᠦᠯᠵᠦ ᠂ ᠡᠯ᠎ᠡ ᠱᠠᠲᠤᠨ ‍ᠤ ᠪᠠᠶᠢᠴᠠᠭᠠᠨ ᠰᠢᠯᠭᠠᠯᠲᠠ ᠶ᠋ᠢ ᠳᠠᠭᠠᠭᠠᠵᠤ ᠂ ᠶᠠᠳᠠᠭᠤ ᠡᠴᠠ ᠠᠩᠭᠢᠵᠢᠷᠠᠭᠤᠯᠬᠤ ᠬᠠᠷᠠᠯᠲᠠ ᠶ᠋ᠢ ᠤᠷᠤᠭᠰᠢᠲᠠᠶ ᠪᠡᠶᠡᠯᠡᠭᠦᠯᠬᠦ ᠬᠡᠷᠡᠭᠳᠡᠢ ᠃
       ᠭᠤᠷᠪᠠ ᠳ᠋ᠤ ᠂ ᠶᠠᠳᠠᠭᠤ ᠡᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ‍ᠢᠶ᠋ᠡᠨ ᠪᠡᠬᠢᠵᠢᠭᠦᠯᠵᠦ ᠂ ᠠᠶᠤᠯ ᠲᠦᠭᠰᠢᠭᠦᠷᠢ ᠶ᠋ᠢ ᠰᠡᠷᠭᠡᠶᠢᠯᠡᠨ ᠰᠡᠢᠳᠪᠣᠷᠢᠯᠡᠬᠦ ᠬᠡᠷᠡᠭᠳᠡᠢ ᠃ ᠡᠷᠲᠡ ᠰᠡᠷᠭᠡᠶᠢᠯᠡᠵᠦ ᠡᠷᠲᠡ ᠨᠠᠮᠳᠠᠭᠤᠯᠬᠤ ᠶ᠋ᠢ ᠪᠠᠷᠢᠮᠲᠠᠯᠠᠵᠤ ᠂ ᠶᠠᠳᠠᠭᠤ ᠶ᠋ᠢ ᠲᠡᠳᠬᠦᠬᠦ ᠲᠥᠷᠥᠯ ᠵᠦᠶᠯ ‍ᠦᠨ ᠪᠡᠯᠡ ᠮᠥᠩᠭᠥ ᠶ᠋ᠢ ᠬᠣᠪᠢ ᠪᠠᠷ ᠢᠶᠡᠨ ᠪᠠᠶᠢᠴᠠᠭᠠᠵᠤ ᠬᠣᠪᠢ ᠪᠠᠷ ᠢᠶᠡᠨ ᠵᠠᠯᠠᠷᠠᠭᠤᠯᠬᠤ ᠠᠵᠢᠯ ‍ᠢ ᠭᠦᠨᠵᠡᠭᠡᠶ ᠥᠷᠨᠢᠭᠦᠯᠵᠦ ᠂ ᠲᠥᠷᠥᠯ ᠵᠦᠶᠯ ‍ᠢ ᠬᠡᠷᠡᠭᠵᠢᠭᠦᠯᠬᠦ ᠳᠡᠰ ᠳᠠᠷᠠᠭᠠᠯᠠᠯ ‍ᠢ ᠵᠢᠷᠤᠮᠵᠢᠭᠤᠯᠤᠨ ᠂ ᠲᠥᠷᠥᠯ ᠵᠦᠶᠯ ‍ᠦᠨ ᠪᠡᠯᠡ ᠮᠥᠩᠭᠥ ᠶ᠋ᠢᠨ ᠬᠠᠮᠢᠶᠠᠷᠤᠯᠲᠠ ᠶ᠋ᠢ ᠴᠢᠩᠭᠠᠷᠠᠭᠤᠯᠵᠤ ᠂ ᠠᠵᠤ ᠦᠶᠯᠡᠰ ‍ᠢᠶ᠋ᠡᠷ ᠶᠠᠳᠠᠭᠤ ᠶ᠋ᠢ ᠲᠡᠳᠬᠦᠬᠦ ᠦᠷ᠎ᠡ ᠪᠦᠲᠦᠮᠵᠢ ᠶ᠋ᠢ ᠦᠷᠭᠦᠯᠵᠢᠯᠡᠨ ᠪᠡᠬᠢᠵᠢᠭᠦᠯᠵᠦ ᠂ 《 ᠠᠵᠤ ᠦᠶᠯᠡᠰ + ᠮᠥᠩᠭᠥᠨ ᠭᠦᠶᠯᠭᠡᠭᠡᠨ 》 ᠢᠶᠠᠷ ᠶᠠᠳᠠᠭᠤ ᠶ᠋ᠢ ᠲᠡᠳᠬᠦᠬᠦ ᠠᠷᠭ᠎ᠠ ᠬᠡᠯᠪᠡᠷᠢ ᠶ᠋ᠢ ᠠᠪᠴᠤ ᠂ ᠡᠷᠦᠬᠡ ᠶ᠋ᠢᠨ ᠪᠠᠶᠢᠳᠠᠯ ᠳ᠋ᠤᠨᠢ ᠲᠤᠬᠢᠷᠠᠭᠤᠯᠤᠨ ᠣᠨᠴᠠᠯᠢᠭᠲᠤ ᠲᠡᠷᠢᠵᠦ ᠲᠡᠵᠢᠭᠡᠨ ᠦᠷᠡᠵᠢᠭᠦᠯᠬᠦ ᠣᠶᠢᠯᠡᠰ ‍ᠢ ᠬᠦᠭᠵᠢᠭᠦᠯᠵᠦ ᠂ ᠳᠣᠲᠣᠭᠠᠳᠤ ᠬᠥᠳᠡᠯᠭᠡᠬᠦ ᠬᠦᠴᠦᠨ ‍ᠢ ᠬᠥᠭᠵᠢᠭᠡᠵᠦ ᠂ ᠲᠣᠭᠲᠠᠭᠤᠨ ᠢᠶᠠᠷ ᠶᠠᠳᠠᠭᠤ ᠡᠴᠠ ᠠᠩᠭᠢᠵᠢᠷᠠᠭᠤᠯᠬᠤ ᠶ᠋ᠢ ᠦᠨᠡᠨᠬᠦ  ᠪᠠᠳᠣᠯᠬᠣ ᠬᠡᠷᠡᠭᠳᠡᠢ  ᠃

      ᠳᠥᠷᠪᠡ ᠳ᠋ᠦ ᠂ ᠶᠡᠷᠦᠩᠬᠡᠶᠢᠯᠡᠭᠰᠡᠨ ᠪᠠᠲᠤᠯᠠᠭ᠎ᠠ ᠶ᠋ᠢᠨ ᠠᠵᠢᠯ ‍ᠢ ᠰᠠᠶᠢᠲᠤᠷ ᠬᠢᠬᠦ ᠬᠡᠷᠡᠭᠲᠡᠶ ᠃ ᠵᠣᠬᠢᠶᠠᠨ ᠪᠠᠶᠢᠭᠤᠯᠤᠯᠲᠠ ᠶ᠋ᠢᠨ ᠪᠠᠲᠤᠯᠠᠭ᠎ᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠰᠤᠮᠤ ᠰᠢᠶᠠᠩ ᠪᠠᠯᠭᠠᠰᠤ ᠶ᠋ᠢᠨ ᠨᠠᠮ ‍ᠤᠨ ᠬᠣᠷᠢᠶ᠎ᠠ ᠵᠠᠰᠠᠭ ‍ᠦᠨ ᠣᠷᠳᠣᠨ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠂ ᠭᠠᠴᠠᠭ᠎ᠠ ᠲᠣᠰᠬᠣᠨ ‍ᠤ ᠨᠠᠮ ‍ᠤᠨ ᠡᠭᠦᠷ ᠭᠣᠣᠯᠯᠠᠬᠣ ᠣᠶᠢᠯᠡᠳᠣᠯ ᠢᠶᠡᠨ ᠭᠦᠶ᠋ᠴᠡᠳ ᠪᠠᠳᠠᠷᠠᠭᠤᠯᠤᠨ ᠂ ᠲᠣᠰᠬᠣᠨ ᠳ᠋ᠤ ᠰᠠᠭᠤᠭ᠎ᠠ ᠺᠠᠳ᠋ᠷᠴᠤᠳ ᠲᠥᠷᠥ ᠶ᠋ᠢᠨ ᠪᠣᠳᠣᠯᠭ᠎ᠠ ᠶ᠋ᠢ ᠭᠦᠨᠵᠡᠭᠡᠶ ᠰᠤᠷᠤᠯᠴᠠᠨ ᠂ ᠠᠷᠠᠳ ‍ᠤᠨ ᠪᠠᠶᠢᠳᠠᠯ ‍ᠢ ᠣᠶᠢᠯᠠᠭᠠᠨ ᠂ ᠣᠯᠠᠨ ᠲᠦᠮᠡᠨ ᠳ᠋ᠦ ᠦᠢᠯᠡᠴᠢᠯᠡᠵᠦ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠳᠠ ᠰᠢᠪᠳᠣᠯᠬᠣ ᠡᠯ᠎ᠡ ᠵᠦᠶᠯ ‍ᠦᠨ ᠠᠵᠢᠯ ‍ᠢ ᠪᠥᠬᠥ ᠬᠦᠴᠦᠨ ‍ᠢᠶ᠋ᠡᠷ ‍ᠢᠶ᠋ᠡᠨ ᠰᠠᠶᠢᠲᠤᠷ ᠠᠳᠬᠤᠬᠤ ᠬᠡᠷᠡᠭᠲᠡᠶ ᠃ ᠠᠵᠢᠯᠲᠠᠨ ‍ᠤ ᠡᠩᠨᠡᠭᠡ ᠶ᠋ᠢᠨ ᠪᠠᠲᠤᠯᠠᠭ᠎ᠠ ᠶ᠋ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠭᠠᠴᠠᠭ᠎ᠠ ᠲᠣᠰᠬᠣᠨ ᠤ ᠲᠣᠰᠬᠣᠨ ᠳ᠋ᠥ ᠰᠠᠭᠤᠭ᠎ᠠ ᠺᠠᠳ᠋ᠷ ᠡᠷᠬᠡᠪᠰᠢ ᠪᠦᠬᠦ ᠰᠡᠳᠬᠢᠯ ᠪᠦᠬᠦ ᠵᠣᠷᠢᠭ ᠢᠶᠠᠷ ᠢᠶᠡᠨ ᠲᠣᠰᠬᠣᠨ ᠳ᠋ᠤ ᠰᠠᠭᠤᠵᠤ ᠶᠠᠳᠠᠭᠤ ᠶ᠋ᠢ ᠲᠡᠳᠬᠦᠬᠦ ᠠᠵᠢᠯ ‍ᠢ ᠥᠷᠨᠢᠭᠦᠯᠬᠦ ᠬᠡᠷᠡᠭᠲᠡᠶ ᠃ ᠳᠦᠷᠢᠮ ‍ᠦᠨ ᠪᠠᠲᠤᠯᠠᠭ᠎ᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠲᠣᠡᠡᠳᠠᠠᠠᠰᠠᠨ ᠬᠤᠭᠤᠴᠠᠭ᠎ᠠ ᠲᠠᠶ ᠪᠠᠷ ᠪᠠᠶᠢᠴᠠᠭᠠᠬᠣ ᠬᠡᠷᠡᠭᠳᠡᠢ ᠃ ᠣᠪᠣᠷ ᠰᠤᠷᠲᠠᠯ ᠰᠠᠬᠢᠯᠭ᠎ᠠ ᠪᠠᠲᠤ ᠶ᠋ᠢᠨ ᠪᠠᠲᠤᠯᠠᠭ᠎ᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠶᠠᠳᠠᠭᠤ ᠡᠴᠠ ᠠᠩᠭᠢᠵᠢᠷᠠᠭᠤᠯᠬᠤ ᠶᠠᠪᠤᠴᠠ ᠯᠠᠪᠳᠠᠭᠤᠨ ᠪᠠᠲᠤᠲᠠᠶ ᠪᠠᠶᠢᠬᠣ ᠂ ᠶᠠᠳᠠᠭᠤ ᠡᠴᠠ ᠠᠩᠭᠢᠵᠢᠷᠠᠭᠤᠯᠬᠤ ᠦᠷ᠎ᠡ ᠳ᠋ᠦᠩ ᠦᠨᠡᠨ ᠪᠣᠳᠠᠲᠠᠶ ᠪᠠᠶᠢᠬᠤ ᠶ᠋ᠢ ᠦᠨᠡᠨ ᠬᠦ ᠪᠠᠳᠣᠯᠬᠣ ᠬᠡᠷᠡᠭᠳᠡᠢ ᠃

     ᠵᠠᠩ ᠬᠤᠸᠠ ᠴᠢᠬᠤᠯᠠᠴᠢᠯᠠᠭᠰᠠᠨ ᠨᠢ ᠂ ᠵᠥᠷᠢᠴᠡᠯ ᠵᠢᠭᠤᠷᠠᠯᠳᠤᠭᠠᠨ ‍ᠢ ᠣᠯᠠᠨ ᠡᠰᠢᠵᠢᠭᠦᠯᠦᠨ ᠰᠢᠶᠳᠪᠦᠷᠢᠯᠡᠬᠦ ᠪᠠ ᠠᠶᠤᠯᠭᠦᠶ ᠦᠶᠯᠡᠳᠪᠦᠷᠢᠯᠡᠯ ‍ᠦᠨ ᠠᠵᠢᠯ ‍ᠢ ᠪᠠᠲᠤᠲᠠᠶ ᠠᠬᠢᠭᠤᠯᠵᠤ ᠂ ᠡᠯ᠎ᠡ ᠲᠥᠷᠥᠯ ‍ᠦᠨ ᠵᠠᠬᠢᠳᠠᠯ ᠰᠤᠷᠪᠤᠯᠵᠢᠯᠠᠭ᠎ᠠ ᠶ᠋ᠢᠨ ᠵᠥᠷᠢᠴᠡᠯ ‍ᠦᠨ ᠳᠠᠯᠳᠠ ᠬᠡᠮ ‍ᠢ ᠪᠦᠬᠦ ᠲᠠᠯ᠎ᠠ ᠪᠠᠷ ᠲᠢᠭᠯᠡᠨ ᠪᠠᠶᠢᠴᠠᠭᠠᠵᠤ ᠂ ᠬᠠᠤᠯᠢ ᠲᠣᠭᠲᠠᠭᠠᠯ ᠶᠣᠰᠣᠭᠠᠷ ᠴᠠᠭ ᠲᠤᠬᠠᠶ ᠳ᠋ᠤᠨᠢ ᠰᠡᠢᠳᠪᠣᠷᠢᠯᠡᠬᠦ ᠶ᠋ᠢ ᠪᠠᠲᠤᠯᠠᠬᠤ ᠬᠡᠷᠡᠭᠲᠡᠶ ᠃ ᠵᠠᠰᠠᠭ ᠵᠠᠬᠢᠷᠭᠠᠨ ‍ᠤ ᠡᠶᠡᠳᠡᠭᠦᠯᠭᠡ ᠂ ᠬᠠᠤᠯᠢ ᠴᠠᠭᠠᠵᠠ ᠶ᠋ᠢᠨ ᠡᠶᠡᠳᠡᠭᠦᠯᠭᠡ ᠂ ᠠᠷᠠᠳ ‍ᠤᠨ ᠡᠶᠡᠳᠡᠭᠦᠯᠭᠡ ᠵᠡᠷᠭᠡ ᠠᠷᠭ᠎ᠠ ᠪᠠᠷᠢᠯ ‍ᠢ ᠶᠡᠷᠦᠩᠬᠡᠶᠢᠯᠡᠨ ᠬᠡᠷᠡᠭᠯᠡᠵᠦ ᠂ ᠬᠠᠮᠲᠤᠷᠠᠨ ᠲᠣᠬᠢᠷᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶ᠋ᠢᠨ ᠦᠶ᠋ᠯᠡᠳᠦᠯ ‍ᠢ ᠪᠠᠳᠠᠷᠠᠭᠤᠯᠤᠨ ᠂  ᠦᠨᠳᠦᠰᠦᠨ ᠱᠠᠲᠤᠨ ‍ᠤ ᠬᠦᠴᠦᠨ ‍ᠢ ᠬᠠᠮᠤᠭ ‍ᠤᠨ ᠶᠡᠬᠡ ᠬᠡᠮᠵᠢᠶ᠎ᠡ ᠪᠡᠷ ᠳᠠᠶᠢᠴᠢᠯᠠᠵᠤ ᠂ ᠵᠥᠷᠢᠴᠡᠯ ᠵᠢᠭᠤᠷᠠᠯᠳᠤᠭᠠᠨ ‍ᠢ ᠲᠤᠬᠠᠶ ᠶ᠋ᠢᠨ ᠭᠠᠵᠠᠷ ᠲᠤᠨᠢ ᠡᠶᠡᠳᠡᠭᠦᠯᠬᠦ ᠬᠡᠷᠡᠭᠳᠡᠢ ᠃ ᠠᠶᠤᠯᠭᠦᠶ ᠦᠶ᠋ᠯᠡᠳᠪᠦᠷᠢᠯᠡᠯ ‍ᠦᠨ ᠡᠷᠴᠢᠮ ‍ᠢ ᠴᠠᠭ ᠢᠮᠠᠭᠲᠠ ᠴᠢᠩᠭᠠᠯᠠᠵᠤ ᠂ ᠢᠳᠡᠭᠡᠨ ᠤᠮᠳᠠᠭᠠᠨ ᠂ ᠰᠤᠷᠭᠠᠭᠤᠯᠢ ᠶ᠋ᠢᠨ ᠬᠦᠷᠢᠶᠡᠨ ‍ᠦ ᠳᠣᠲᠣᠨ᠎ᠠ ᠭᠠᠳᠠᠨ᠎ᠠ ᠂ ᠰᠤᠷᠭᠠᠭᠤᠯᠢ ᠶ᠋ᠢᠨ ᠲᠡᠷᠭᠡ ᠵᠡᠷᠭᠡ ᠭᠣᠣᠯᠳᠠᠯᠭᠠᠳᠣ ᠬᠦᠷᠢᠶᠡᠨ ‍ᠦ ᠭᠣᠤᠯᠳᠠᠯᠭ᠎ᠠ ᠲᠠᠶ ᠠᠵᠢᠯ ᠲᠥᠷᠥᠯ ‍ᠦᠨ ᠵᠠᠩᠭᠢᠯᠠᠭ᠎ᠠ ᠶ᠋ᠢᠨ ᠴᠡᠭ ᠢ ᠠᠩᠬᠠᠷᠴᠤ ᠂ ᠬᠦᠴᠣᠯᠡᠨ ᠴᠡᠭᠴᠡᠯᠡᠨ ᠵᠠᠰᠠᠵᠤ ᠂ ᠡᠯ᠎ᠡ ᠲᠥᠷᠥᠯ ‍ᠦᠨ ᠠᠶᠤᠯᠭᠦᠶ ᠦᠶᠯᠡᠳᠪᠦᠷᠢᠯᠡᠯ ‍ᠦᠨ ᠡᠨᠳᠡᠯ ᠭᠠᠷᠬᠤ ᠶ᠋ᠢ ᠡᠷᠡᠰ ᠬᠣᠷᠢᠭᠯᠠᠵᠤ ᠂ ᠠᠮᠤᠷ ᠲᠣᠭᠲᠠᠭᠤᠨ ᠨᠠᠶᠢᠭᠡᠮ ‍ᠦᠨ ᠣᠷᠴᠢᠨ ᠲᠣᠭᠣᠷᠢᠨ ᠢ ᠪᠣᠶ ᠪᠣᠯᠭᠠᠵᠤ ᠂ ᠰᠢᠨ᠎ᠡ ᠳᠤᠮᠳᠠᠳᠤ ᠤᠯᠤᠰ ᠪᠠᠶᠢᠭᠣᠯᠣᠭᠳᠠᠭᠰᠠᠨ 70 ᠵᠢᠯ ‍ᠦᠨ ᠣᠢ ᠶ᠋ᠢ ᠪᠡᠯᠭᠡᠯᠡᠬᠦ ᠬᠡᠷᠡᠭᠲᠡᠶ ᠭᠡᠵᠡᠢ᠃

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ