ᠬᠣᠰᠢᠭᠤᠨ ‍ᠤ ᠮᠣᠩᠭᠣᠯ ᠦᠨᠳᠦᠰᠦᠳᠡᠨ ᠤ ᠳᠤᠮᠳᠠᠳᠤ ᠰᠤᠷᠭᠠᠭᠤᠯᠢ ᠰᠤᠷᠭᠠᠭᠤᠯᠢ ᠪᠠᠶᠢᠭᠣᠯᠣᠭᠳᠠᠭᠰᠠᠨ 40 ᠵᠢᠯ ‍ᠦᠨ ᠣᠢ ᠪᠠᠨ ᠪᠡᠯᠭᠡᠯᠡᠬᠦ ᠠᠵᠢᠯᠯᠠᠭ᠎ᠠ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 552     ᠨᠡᠶᠢᠳᠡᠯᠡᠭᠰᠡᠨ ᠴᠠᠭ ᠄ 2019/9/27 15:59:27

   

    9 ᠳ᠋ᠦ᠋ᠭᠡᠷ ᠰᠠᠷ᠎ᠠ ᠶ᠋ᠢᠨ 23 ᠎— 25 ‍  ᠡᠳᠣᠷ  ᠪᠣᠯᠲᠠᠯ᠎ᠠ ᠂ ᠬᠣᠰᠢᠭᠤᠨ ‍ᠤ ᠮᠣᠩᠭᠣᠯ ᠦᠨᠳᠦᠰᠦᠳᠡᠨ ᠤ ᠳᠤᠮᠳᠠᠳᠤ ᠰᠤᠷᠭᠠᠭᠤᠯᠢ ᠶ᠋ᠢᠨ ᠪᠦᠬᠦ ᠪᠠᠭᠰᠢ ᠰᠤᠷᠤᠭᠴᠢᠳ ᠨᠢᠭᠡ ᠲᠠᠩᠬᠢᠮ ᠳ᠋ᠤ ᠴᠤᠭᠯᠠᠷᠠᠵᠤ ᠂ ᠰᠢᠨ᠎ᠡ ᠳᠤᠮᠳᠠᠳᠤ ᠤᠯᠤᠰ ᠪᠠᠶᠢᠭᠣᠯᠣᠭᠳᠠᠭᠰᠠᠨ 70 ᠵᠢᠯ ‍ᠦᠨ ᠣᠢ ᠶ᠋ᠢ ᠪᠡᠯᠭᠡᠯᠡᠬᠦ ᠂ ᠰᠤᠷᠭᠠᠭᠤᠯᠢ  ᠪᠠᠶᠢᠭᠣᠯᠣᠭᠳᠠᠭᠰᠠᠨ40 ᠵᠢᠯ ‍ᠦᠨ ᠣᠢ ᠪᠠᠨ ᠪᠡᠯᠭᠡᠯᠡᠬᠦ ᠶᠡᠬᠡ ᠬᠤᠷᠠᠯ ‍ᠢ ᠦᠪᠡᠳᠡᠭᠰᠢ ᠶᠡᠬᠡ ᠪᠡᠷ   ᠶᠠᠪᠣᠭᠳᠠᠭᠣᠯᠣᠭᠰᠠᠨ ᠪᠠᠶᠢᠨ᠎ᠠ ᠃ ᠠᠵᠢᠯᠯᠠᠭ᠎ᠠ ᠳ᠋ᠤ ᠂ 6 ᠰᠤᠷᠭᠠᠭᠤᠯᠢ ᠶ᠋ᠢᠨ ᠵᠠᠬᠢᠷᠤᠯ ᠳ᠋ᠤ ᠭᠠᠪᠢᠶᠠᠲᠤ  ᠰᠤᠷᠭᠠᠭᠤᠯᠢ ᠶ᠋ᠢᠨ ᠵᠠᠬᠢᠷᠣᠯ ᠤᠨ ᠱᠠᠩᠨᠠᠯ ᠣᠯᠭᠣᠵᠤ ᠂ 46 ᠨᠡᠷᠡᠰ ᠰᠤᠷᠭᠠᠭᠤᠯᠢ ᠶ᠋ᠢᠨ ᠠᠵᠢᠯ ᠳ᠋ᠤ ᠣᠷᠣᠯᠴᠠᠭᠠᠳ 30 ᠵᠢᠯ ᠡᠴᠡ ᠳᠡᠭᠡᠭᠰᠢ ᠪᠣᠯᠤᠭᠰᠠᠨ ᠪᠠᠭᠰᠢ ᠳ᠋ᠤ ᠭᠠᠪᠢᠶᠠᠲᠤ ᠪᠠᠭᠰᠢ ᠶ᠋ᠢᠨ ᠱᠠᠩᠨᠠᠯ ᠣᠯᠭᠣᠵᠤ ᠂ 15 ᠵᠢᠯ ᠡᠴᠡ ᠳᠡᠭᠡᠭᠰᠢ ᠪᠣᠯᠤᠭᠰᠠᠨ ᠠᠩᠭᠢ ᠶ᠋ᠢᠨ ᠡᠷᠬᠢᠯᠡᠭᠴᠢ 8 ᠪᠠᠭᠰᠢ ᠳ᠋ᠤ ᠭᠠᠪᠢᠶᠠᠲᠤ ᠠᠩᠭᠢ ᠶ᠋ᠢᠨ ᠡᠷᠬᠢᠯᠡᠭᠴᠢ ᠶ᠋ᠢᠨ ᠱᠠᠩᠨᠠᠯ ᠣᠯᠭᠣᠪᠠ ᠃

 

   ᠮᠣᠩᠭᠣᠯ ᠳᠤᠮᠳᠠᠳᠤ ᠰᠤᠷᠭᠠᠭᠤᠯᠢ ᠶ᠋ᠢᠨ ᠪᠠᠭᠰᠢ ᠰᠤᠷᠤᠭᠴᠢᠳ ᠤᠷᠠᠨ ᠤᠩᠰᠢᠯᠭ᠎ᠠ ᠂ ᠬᠣᠯᠪᠣᠭ᠎ᠠ ᠂ ᠨᠠᠶᠢᠷᠠᠯ ᠳᠠᠭᠤᠤ ᠪᠠ ᠬᠠᠮᠲᠤ ᠶ᠋ᠢᠨ ᠪᠥᠵᠢᠭ ᠵᠡᠷᠭᠡ ᠮᠣᠩᠭᠣᠯ ᠦᠨᠳᠦᠰᠦᠲᠡᠨ ‍ᠦ ᠤᠯᠠᠮᠵᠢᠯᠠᠯᠲᠤ ᠰᠣᠶᠣᠯ ‍ᠤᠨ ᠣᠨᠴᠠᠯᠢᠭ ᠪᠦᠬᠦᠢ 7 ᠲᠣᠭᠯᠠᠯᠲᠠ ᠭᠠᠷᠭᠠᠵᠤ ᠂ ᠳᠠᠭᠤᠤ ᠪᠥᠵᠢᠭ ᠲᠦ ᠠᠪᠢᠶᠠᠰ ᠲᠠᠶ ᠮᠣᠩᠭᠣᠯ ᠦᠨᠳᠦᠰᠦᠲᠡᠨ ‍ᠦ ᠵᠣᠷᠢᠭ ᠰᠠᠨᠠᠭᠠᠨ ‍ᠤ ᠣᠨᠴᠠᠯᠢᠭ ᠰᠢᠨᠵᠢ ᠶ᠋ᠢ ᠳᠡᠯᠭᠡᠨ ᠦᠵᠡᠭᠦᠯᠵᠦ ᠂ ᠦᠵᠡᠭᠴᠢᠳ ‍ᠦᠨ  ᠬᠠᠷᠠᠭ᠎ᠠ ᠵᠢ ᠬᠣᠵᠢᠷᠯᠠᠭᠰᠠᠨ ᠪᠠᠶᠢᠨ᠎ᠠ᠃

 

    3 ᠡᠳᠦᠷ ᠤᠨ ᠬᠣᠭᠣᠴᠠᠭ᠎ᠠ ᠲᠠᠢ ᠶᠠᠪᠤᠭᠳᠠᠭᠰᠠᠨ ᠰᠤᠷᠭᠠᠭᠤᠯᠢ ᠪᠠᠶᠢᠭᠤᠯᠤᠭᠳᠠᠭᠰᠠᠨ 40 ᠵᠢᠯ ‍ᠦᠨ ᠤᠢ ᠶ᠋ᠢᠨ ᠪᠠᠶᠠᠷ ᠲᠤ ᠂ ᠤᠷᠠᠨ ᠵᠢᠷᠤᠭ ‍ᠤᠨ ᠦᠵᠡᠰᠬᠦᠯᠡᠩ ᠂ ᠰᠤᠷᠭᠠᠭᠤᠯᠢ ᠶ᠋ᠢᠨ ᠲᠡᠦᠬᠡ ᠶ᠋ᠢᠨ ᠦᠵᠡᠰᠬᠦᠯᠡᠩ ᠂ ᠵᠢᠭᠠᠨ ᠰᠤᠷᠭᠠᠬᠤ ᠪᠠ ᠰᠤᠳᠤᠯᠬᠤ ᠠᠵᠢᠯᠯᠠᠭ᠎ᠠ ᠂ ᠪᠠᠭᠰᠢ ᠰᠤᠷᠤᠭᠴᠢ  ᠶ᠋ᠢᠨ ᠨᠣᠮ ᠤᠩᠰᠢᠬᠤ ᠠᠵᠢᠯᠯᠠᠭ᠎ᠠ ᠥᠷᠨᠢᠭᠦᠯᠵᠦ ᠂ ᠣᠣ ᠳ᠋ᠦᠨ ᠬᠤᠨᠳᠠᠭᠠᠲᠤ ᠬᠢᠴᠢᠶᠡᠯ ‍ᠦᠨ ᠲᠠᠩᠬᠢᠮ  ᠤᠨ ᠵᠢᠭᠠᠨ ᠰᠤᠷᠭᠠᠯᠲᠠ ᠶ᠋ᠢᠨ ᠤᠷᠤᠯᠳᠤᠭᠠᠨ ᠪᠠ ᠰᠤᠷᠭᠠᠭᠤᠯᠢ ᠶ᠋ᠢᠨ ᠬᠦᠷᠢᠶᠡᠨ ‍ᠦ ᠪᠡᠶ᠎ᠡ ᠶ᠋ᠢᠨ ᠲᠠᠮᠢᠷ ‍ᠤᠨ ᠴᠤᠭᠯᠠᠭᠠᠨ ᠵᠡᠷᠭᠡ ᠰᠤᠷᠭᠠᠭᠤᠯᠢ ᠶ᠋ᠢᠨ ᠬᠦᠷᠢᠶᠡᠨ ‍ᠦ ᠰᠣᠶᠣᠯ ‍ᠤᠨ ᠠᠵᠢᠯᠯᠭ᠎ᠠ ᠶᠠᠪᠣᠭᠳᠠᠭᠣᠯᠣᠭᠰᠠᠨ ᠪᠠᠶᠢᠨ᠎ᠠ ᠃

 

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ