ᠬᠣᠰᠢᠭᠣᠨ ᠤ ᠨᠠᠮ ‍ᠤᠨ ᠬᠣᠷᠢᠶ᠎ᠠ 《 ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠣᠩᠰᠢᠯᠠᠭ᠎ᠠ ᠶ᠋ᠢᠨ ᠠᠩᠭᠢ ᠵᠢᠴᠢ ᠬᠣᠰᠢᠭᠣᠨ ᠤ ᠨᠠᠮ ‍ᠤᠨ ᠬᠣᠷᠢᠶᠠᠨ ‍ᠤ ᠣᠨᠣᠯ ᠰᠤᠷᠤᠯᠴᠠᠬᠤ ᠭᠣᠤᠯ ᠳᠣᠭᠣᠶᠢᠯᠠᠩ ‍ᠤᠨ 12 ᠳ᠋ᠤᠭᠠᠷ ᠤᠳᠠᠭ᠎ᠠ ᠶ᠋ᠢᠨ ᠬᠠᠮᠲᠤ ᠶ᠋ᠢᠨ ᠰᠤᠷᠤᠯᠴᠠᠯᠭ᠎ᠠ ᠶ᠋ᠢᠨ ( ᠥᠷᠭᠡᠳᠬᠡᠭᠰᠡᠨ ) ᠬᠤᠷᠠᠯ ᠤᠨ ᠡᠬᠢᠯᠡᠯᠳᠡ ᠶ᠋ᠢᠨ ᠶᠣᠰᠣᠯᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 2966     ᠨᠡᠶᠢᠳᠡᠯᠡᠭᠰᠡᠨ ᠴᠠᠭ ᠄ 2019/9/27 16:34:47

      

      9 ᠳ᠋ᠦ᠋ᠭᠡᠷ ᠰᠠᠷ᠎ᠠ ᠶ᠋ᠢᠨ 23 ᠡᠳᠣᠷ ᠂ ᠬᠣᠰᠢᠭᠣᠨ ᠤ ᠨᠠᠮ ‍ᠤᠨ ᠬᠣᠷᠢᠶ᠎ᠠ 《 ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠣᠩᠰᠢᠯᠠᠭ᠎ᠠ ᠶ᠋ᠢᠨ ᠠᠩᠭᠢ ᠵᠢᠴᠢ ᠬᠣᠰᠢᠭᠣᠨ ᠤ ᠨᠠᠮ ‍ᠤᠨ ᠬᠣᠷᠢᠶᠠᠨ ‍ᠤ ᠣᠨᠣᠯ ᠰᠤᠷᠤᠯᠴᠠᠬᠤ ᠭᠣᠤᠯ ᠳᠣᠭᠣᠶᠢᠯᠠᠩ ‍ᠤᠨ 12 ᠳ᠋ᠤᠭᠠᠷ ᠤᠳᠠᠭ᠎ᠠ ᠶ᠋ᠢᠨ ᠬᠠᠮᠲᠤ ᠶ᠋ᠢᠨ ᠰᠤᠷᠤᠯᠴᠠᠯᠭ᠎ᠠ ᠶ᠋ᠢᠨ ( ᠥᠷᠭᠡᠳᠬᠡᠭᠰᠡᠨ ) ᠬᠤᠷᠠᠯ ‍ᠤᠨ ᠡᠬᠢᠯᠡᠯᠳᠡ ᠶ᠋ᠢᠨ ᠶᠣᠰᠣᠯᠠᠯ ᠶᠠᠪᠣᠭᠳᠠᠵᠣ ᠂ ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠂ ᠬᠣᠰᠢᠭᠣᠨ ᠤ ᠨᠠᠮ ‍ᠤᠨ ᠬᠣᠷᠢᠶᠠᠨ ‍ᠤ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠤᠳᠤᠷᠢᠳᠬᠤ ᠳᠣᠭᠣᠶᠢᠯᠠᠩ ‍ᠤᠨ ᠳᠠᠷᠤᠭ᠎ᠠ ᠵᠠᠩ ᠬᠤᠸᠠ ᠬᠤᠷᠠᠯ ᠳ᠋ᠤ ᠰᠠᠭᠠᠳᠠᠬᠣ ᠶ᠋ᠢᠨ ᠬᠠᠮᠳᠣ ᠶᠠᠷᠢᠶ᠎ᠠ ᠲᠠᠯᠪᠢᠵᠤ ᠂ ᠬᠣᠲᠠ ᠶ᠋ᠢᠨ ᠨᠠᠮ ‍ᠤᠨ ᠬᠣᠷᠢᠶᠠᠨ ‍ᠤ ᠭᠣᠤᠯ ᠰᠡᠳᠦᠪᠲᠦ ᠬᠥᠮᠦᠵᠢᠯ ‍ᠦᠨ ᠳᠣᠯᠣᠳᠤᠭᠠᠷ ᠵᠢᠯᠣᠭᠣᠳᠬᠤ ᠳᠣᠭᠣᠶᠢᠯᠠᠩ ᠬᠤᠷᠠᠯ ᠳ᠋ᠤ ᠣᠷᠣᠯᠴᠠᠨ ᠵᠢᠭᠠᠨ ᠵᠢᠯᠣᠭᠣᠳᠪᠠ ᠃

    

     ᠵᠠᠩ ᠬᠤᠸᠠ ᠵᠢᠭᠠᠵᠣ ᠭᠠᠷᠭᠠᠭᠰᠠᠨ ᠨᠢ ᠂ ᠭᠣᠤᠯ ᠰᠡᠳᠦᠪᠲᠦ ᠬᠥᠮᠦᠵᠢᠯ ‍ᠦᠨ ᠦᠨᠳᠦᠰᠦᠨ ᠡᠭᠦᠷᠭᠡ ᠶ᠋ᠢ ᠪᠠᠲᠤ ᠡᠵᠡᠮᠳᠡᠵᠦ ᠂ 《 ᠤᠭ ᠰᠠᠨᠠᠭ᠎ᠠ ᠡᠭᠦᠷᠭᠡ ᠬᠠᠷᠢᠭᠣᠴᠠᠯᠭ᠎ᠠ 》 ᠶ᠋ᠢᠨ ᠮᠥᠨ ᠴᠢᠨᠠᠷ ᠤᠨ ᠠᠭᠤᠯᠤᠭᠳᠠᠬᠤᠨ ‍ᠢ ᠭᠦᠨᠵᠡᠭᠡᠶ ᠣᠶᠢᠯᠠᠭᠠᠵᠣ ᠂ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠣᠯᠣᠰ ᠤᠨ ᠣᠨᠴᠠᠯᠢᠭ ᠲᠠᠶ ᠨᠡᠶᠢᠭᠡᠮ ᠵᠢᠷᠤᠮ ‍ᠤᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠲᠤᠬᠠᠶ ᠴᠢᠬᠤᠯᠠ ᠥᠭᠦᠯᠡᠯᠲᠡ ᠶ᠋ᠢ ᠭᠦᠨᠵᠡᠭᠡᠶ ᠰᠤᠷᠤᠯᠴᠠᠨ ᠳᠣᠭᠣᠰᠢᠯᠠᠭᠣᠯᠵᠣ ᠂ ᠠᠷᠠᠳ ᠣᠯᠠᠨ ᠳ᠋ᠤ ᠦᠨᠡᠨᠴᠢ ᠰᠢᠳᠤᠷᠭᠤ ᠪᠠᠶᠢᠵᠣ ᠂ ᠰᠢᠨ᠎ᠡ ᠴᠠᠭ ᠦᠶ᠎ᠡ ᠶ᠋ᠢᠨ ᠡᠪ ᠬᠠᠮᠲᠤ ᠶ᠋ᠢᠨ ᠲᠡᠦᠬᠡᠳᠣ ᠡᠭᠦᠷᠭᠡ ᠶ᠋ᠢ ᠡᠭᠦᠷᠭᠡᠯᠡᠨ ᠂ ᠡᠭᠦᠷᠢᠳᠡ ᠬᠤᠪᠢᠷᠠᠰᠢ ᠦᠭᠡᠢ ᠣᠶᠤᠨ ᠰᠠᠨᠠᠭᠠᠨ ‍ᠤ ᠳᠦᠷᠰᠦ ᠪᠠᠶᠢᠳᠠᠯ ᠪᠣᠯᠤᠨ ᠲᠡᠮᠡᠴᠡᠯ ᠤᠨ ᠳᠦᠷᠢ ᠲᠥᠷᠬᠦ ᠪᠡᠷ 《 ᠬᠣᠤᠰ ᠵᠠᠭᠤᠨ ᠵᠢᠯ 》 ‍ᠤᠨ ᠲᠡᠮᠡᠴᠡᠬᠦ ᠬᠠᠷᠠᠯᠲᠠ ᠶ᠋ᠢ ᠪᠡᠶᠡᠯᠡᠭᠦᠯᠬᠦ ᠳ᠋ᠥ ᠡᠷᠡᠰ ᠭᠤᠶᠢᠪᠢᠰᠢ ᠦᠭᠡᠢ ᠪᠡᠷ ᠦᠷᠭᠦᠯᠵᠢᠯᠡᠨ ᠣᠷᠣᠭᠰᠢᠯᠠᠬᠣ ᠬᠡᠷᠡᠭᠲᠡᠢ ᠭᠡᠵᠡᠢ ᠃ 

    

      ᠵᠠᠩ ᠬᠤᠸᠠ ᠴᠢᠩᠭᠠᠳᠬᠠᠭᠰᠠᠨ ᠨᠢ ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠂ ᠣᠨᠣᠯ ᠢᠶᠠᠷ ᠨᠠᠮ ᠢᠶᠡᠨ ᠬᠦᠴᠦᠷᠬᠡᠭᠵᠢᠭᠦᠯᠬᠦ ᠡᠨᠡ ᠬᠦ ᠰᠢᠯᠢᠳᠡᠭ ᠤᠯᠠᠮᠵᠢᠯᠠᠯ ᠪᠠ ᠤᠯᠤᠰ ᠲᠥᠷᠥ ᠶ᠋ᠢᠨ ᠳᠠᠪᠠᠭᠤᠯᠢᠭ ‍ᠢ ᠪᠠᠷᠢᠮᠲᠠᠯᠠᠵᠤ ᠂ ᠤᠨᠤᠯ ᠤᠨ ᠰᠤᠷᠤᠯᠴᠠᠯᠭ᠎ᠠ ᠶ᠋ᠢ ᠰᠠᠶᠢᠲᠤᠷ ᠠᠳᠬᠤᠬᠤ ᠪᠣᠯ ᠭᠣᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠥᠷᠨᠢᠭᠦᠯᠬᠦ ᠶ᠋ᠢᠨ ᠴᠢᠬᠤᠯᠠ ᠰᠠᠭᠤᠷᠢ ᠪᠠᠶᠢᠵᠣ ᠂ ᠮᠠᠨ ‍ᠤ ᠬᠣᠰᠢᠭᠤᠨ ‍ᠤ ᠡᠯ᠎ᠡ ᠵᠥᠢᠯ ‍ᠦᠨ ᠠᠵᠢᠯ ᠦᠢᠯᠡᠰ ‍ᠦᠨ ᠴᠢᠨᠠᠷ ᠰᠠᠶᠢᠲᠠᠶ ᠬᠥᠭᠵᠢᠯᠲᠡ ᠶ᠋ᠢ ᠠᠬᠢᠭᠤᠯᠬᠤ ᠲᠤᠯᠭᠠᠮ᠎ᠠ ᠱᠠᠭᠠᠷᠳᠠᠯᠭ᠎ᠠ ᠮᠥᠨ ᠃ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠣᠯᠣᠰ ᠤᠨ ᠣᠨᠴᠠᠯᠢᠭ ᠲᠠᠶ ᠨᠡᠶᠢᠭᠡᠮ ᠵᠢᠷᠤᠮ ‍ᠤᠨ ᠦᠵᠡᠯ ᠰᠠᠨᠠᠭ᠎ᠠ ᠶ᠋ᠢ ᠰᠤᠷᠤᠯᠴᠠᠨ ᠳᠣᠭᠣᠰᠢᠯᠠᠭᠣᠯᠬᠣ ᠡᠨᠡ ᠬᠦ ᠭᠣᠤᠯ ᠰᠢᠵᠢᠮ ‍ᠢ ᠴᠢᠩᠭ᠎ᠠ ᠠᠳᠬᠤᠵᠤ ᠂  ᠰᠢ ᠶ᠋ᠢᠨ ᠫᠢᠩ ᠶᠡᠷᠦᠩᠬᠡᠶ ᠱᠦᠵᠢ ᠶ᠋ᠢᠨ ᠥᠪᠥᠷ ᠮᠣᠩᠭᠣᠯ ‍ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠰᠤᠷᠤᠯᠴᠠᠨ ᠳᠣᠭᠣᠰᠢᠯᠠᠭᠣᠯᠬᠣ ᠡᠨᠡ ᠬᠦ ᠭᠣᠤᠯᠳᠠᠯᠭ᠎ᠠ ᠳ᠋ᠤ ᠠᠩᠬᠠᠷᠤᠯ ᠢᠶᠡᠨ ᠲᠥᠪᠯᠡᠷᠡᠭᠦᠯᠵᠦ ᠂ ᠰᠤᠷᠤᠯᠴᠠᠬᠤ ᠣᠪᠣᠷ ᠢᠶᠡᠨ ᠴᠢᠩᠭᠠᠳᠬᠠᠨ ᠂ ᠰᠠᠬᠢᠯᠭ᠎ᠠ ᠪᠠᠲᠤ ᠶ᠋ᠢ ᠴᠢᠩᠭ᠎ᠠ ᠰᠤᠷᠤᠯᠴᠠᠵᠤ ᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ ‍ᠢ ᠬᠤᠪᠢᠷᠠᠭᠤᠯᠬᠤ ᠶ᠋ᠢ ᠰᠠᠶᠢᠲᠤᠷ ᠠᠳᠬᠤᠵᠤ ᠂ ᠰᠤᠷᠤᠯᠴᠠᠬᠤ ᠡᠴᠠ ᠣᠯᠤᠯᠲᠠ ᠲᠠᠶ ᠪᠠᠶᠢᠬᠤ ᠶ᠋ᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠰᠡᠨ ᠪᠠᠶᠢᠨ᠎ᠠ ᠃

   

    ᠲᠣᠰ ᠤᠳᠠᠭᠠᠨ ‍ᠤ ᠨᠣᠮ ᠤᠩᠰᠢᠬᠤ ᠠᠩᠭᠢ ᠨᠢ 7 ᠡᠳᠦᠷ ‍ᠦᠨ ᠬᠤᠭᠤᠴᠠᠭ᠎ᠠ ᠲᠠᠶ ᠪᠠᠶᠢᠵᠣ ᠂ ᠲᠥᠪᠯᠡᠷᠡᠭᠦᠯᠦᠨ ᠰᠤᠷᠤᠯᠴᠠᠬᠤ ᠂ ᠲᠤᠰᠬᠠᠶ ᠮᠡᠷᠭᠡᠵᠢᠯᠲᠡᠨ ‍ᠢᠶ᠋ᠡᠷ ᠬᠢᠴᠢᠶᠡᠯᠯᠡᠭᠦᠯᠬᠦ ᠂ ᠲᠤᠬᠠᠶ ᠶ᠋ᠢᠨ ᠲᠠᠯᠠᠪᠤᠷ ᠲᠤ ᠵᠢᠭᠠᠨ ᠰᠤᠷᠭᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠨ᠎ᠠ ᠃ ᠰᠤᠷᠤᠯᠭ᠎ᠠ ᠡᠬᠢᠯᠡᠭᠰᠡᠨ ᠲᠣᠬᠠᠢ ᠶ᠋ᠢᠨ ᠡᠳᠦᠷ ᠂ ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠤᠬᠠᠭᠤᠯᠬᠤ ᠬᠡᠯᠲᠡᠰ ‍ᠦᠨ ᠳᠠᠷᠤᠭ᠎ᠠ ᠯᠢ ᠶᠠᠨ ᠾᠦᠢ ᠡᠴᠡ 《 ᠰᠢ ᠶ᠋ᠢᠨ ᠫᠢᠩ ᠶᠡᠷᠦᠩᠬᠡᠶ ᠱᠦᠵᠢ ᠶ᠋ᠢᠨ ︿ ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ﹀ ᠭᠣᠤᠯ ᠰᠡᠳᠦᠪᠲᠦ ᠬᠥᠮᠦᠵᠢᠯ ‍ᠦᠨ ᠠᠵᠢᠯ ᠤᠨ ᠬᠤᠷᠠᠯ ᠳᠡᠭᠡᠷᠡᠬᠢ ᠶᠠᠷᠢᠶ᠎ᠠ 》 ᠵᠢ ᠲᠠᠮᠵᠢᠭᠣᠯᠣᠨ ᠰᠣᠷᠣᠯᠴᠠᠭᠰᠠᠨ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ