ᠮᠠᠨ ᠤ ᠬᠣᠰᠢᠭᠣ 《 ᠤᠯᠠᠮᠵᠢᠯᠠᠯᠲᠤ ᠰᠣᠶᠣᠯ ‍ᠢ ᠬᠢᠴᠢᠶᠡᠯ ‍ᠦᠨ ᠲᠠᠩᠬᠢᠮ ᠳ᠋ᠤ ᠣᠷᠣᠭᠤᠯᠵᠤ ᠂ ᠨᠡᠶᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠥᠷᠨᠢᠭᠦᠯᠬᠦ 》 ᠲᠣᠮᠣ ᠬᠡᠯᠪᠡᠷᠢ ᠶ᠋ᠢᠨ ᠰᠤᠷᠭᠠᠨ ᠬᠥᠮᠦᠵᠢᠯ ‍ᠦᠨ ᠨᠡᠶᠢᠲᠡ ᠶ᠋ᠢᠨ ᠠᠰᠠᠷᠠᠮᠵᠢ ᠶ᠋ᠢᠨ ᠲᠤᠰᠠᠯᠠᠮᠵᠢ ᠶ᠋ᠢᠨ ᠠᠵᠢᠯᠯᠠᠭ᠎ᠠ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 2296     ᠨᠡᠶᠢᠳᠡᠯᠡᠭᠰᠡᠨ ᠴᠠᠭ ᠄ 2019/9/29 9:42:01

     9 ᠳ᠋ᠦ᠋ᠭᠡᠷ ᠰᠠᠷ᠎ᠠ ᠶ᠋ᠢᠨ 22 ‍ᠤᠨ ᠡᠳᠦᠷ ᠂ ᠮᠠᠨ ᠤ ᠬᠣᠰᠢᠭᠣ 《 ᠤᠯᠠᠮᠵᠢᠯᠠᠯᠲᠤ ᠰᠣᠶᠣᠯ ‍ᠢ ᠬᠢᠴᠢᠶᠡᠯ ‍ᠦᠨ ᠲᠠᠩᠬᠢᠮ ᠳ᠋ᠤ ᠣᠷᠣᠭᠤᠯᠵᠤ ᠂ ᠨᠡᠶᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠥᠷᠨᠢᠭᠦᠯᠬᠦ 》 ᠲᠣᠮᠣ ᠬᠡᠯᠪᠡᠷᠢ ᠶ᠋ᠢᠨ ᠰᠤᠷᠭᠠᠨ ᠬᠥᠮᠦᠵᠢᠯ ‍ᠦᠨ  ᠨᠡᠶᠢᠲᠡ  ᠶ᠋ᠢᠨ ᠠᠰᠠᠷᠠᠮᠵᠢ ᠶ᠋ᠢᠨ ᠲᠤᠰᠠᠯᠠᠮᠵᠢ ᠶ᠋ᠢᠨ ᠠᠵᠢᠯᠯᠠᠭ᠎ᠠ ᠶ᠋ᠢ ᠬᠣᠰᠢᠭᠣᠨ ᠤ ᠨᠢᠭᠡᠳᠦᠭᠡᠷ ᠳᠤᠮᠳᠠᠳᠤ ᠰᠤᠷᠭᠠᠭᠤᠯᠢ ᠳ᠋ᠤ ᠶᠠᠪᠣᠭᠳᠠᠭᠣᠯᠪᠠ ᠃

    

     ᠬᠣᠰᠢᠭᠤᠨ ‍ᠤ 《 ᠤᠯᠠᠮᠵᠢᠯᠠᠯᠲᠤ ᠰᠣᠶᠣᠯ ‍ᠢ ᠬᠢᠴᠢᠶᠡᠯ ‍ᠦᠨ ᠲᠠᠩᠬᠢᠮ ᠳ᠋ᠤ ᠣᠷᠣᠭᠤᠯᠬᠤ 》 ᠨᠥᠯᠥᠭᠡᠯᠡᠬᠦ ᠬᠦᠴᠦᠨ ‍ᠢ ᠳᠡᠭᠡᠭᠰᠢᠯᠡᠭᠦᠯᠵᠦ ᠂ ᠨᠠᠩ ᠣᠯᠠᠨ ᠬᠡᠦᠬᠡᠳ ᠲᠦ  《 ᠤᠯᠠᠮᠵᠢᠯᠠᠯᠲᠤ ᠰᠣᠶᠣᠯ ‍ᠢ ᠬᠢᠴᠢᠶᠡᠯ ‍ᠦᠨ ᠲᠠᠩᠬᠢᠮ ᠳ᠋ᠤ ᠣᠷᠣᠭᠤᠯᠬᠤ 》 ᠪᠡᠷ ᠳᠠᠮᠵᠢᠨ ᠠᠰᠢᠭ ᠬᠦᠷᠲᠡᠭᠡᠨ ᠂ ᠰᠤᠷᠭᠠᠨ ᠬᠥᠮᠦᠵᠢᠯ ᠬᠦᠷᠲᠡᠭᠡᠬᠦ ᠶ᠋ᠢᠨ ᠲᠥᠯᠥᠭᠡ ᠂ ᠬᠣᠰᠢᠭᠣᠨ ᠤ ᠨᠠᠮ ‍ᠤᠨ ᠬᠣᠷᠢᠶᠠᠨ ‍ᠤ ᠤᠬᠠᠭᠤᠯᠬᠤ ᠬᠡᠯᠲᠡᠰ ᠡᠴᠡ ᠲᠥᠪ ‍ᠦᠨ ᠲᠧᠯᠸᠢᠰ ᠬᠣᠷᠢᠶᠠᠨ ‍ᠤ 《 ᠤᠯᠠᠮᠵᠢᠯᠠᠯᠲᠤ ᠰᠣᠶᠣᠯ ‍ᠢ ᠬᠢᠴᠢᠶᠡᠯ ‍ᠦᠨ ᠲᠠᠩᠬᠢᠮ ᠳ᠋ᠤ ᠣᠷᠣᠭᠤᠯᠬᠤ ᠨᠡᠶᠢᠲᠡ  ᠶ᠋ᠢᠨ ᠠᠰᠠᠷᠠᠮᠵᠢ ᠶ᠋ᠢᠨ ᠠᠵᠢᠯᠯᠠᠭ᠎ᠠ ᠥᠷᠨᠢᠭᠦᠯᠬᠦ 》 ᠲᠣᠮᠣ ᠬᠡᠯᠪᠡᠷᠢ ᠶ᠋ᠢᠨ ᠰᠤᠷᠭᠠᠨ ᠬᠥᠮᠦᠵᠢᠯ ‍ᠦᠨ ᠨᠡᠶᠢᠲᠡ ᠶ᠋ᠢᠨ ᠠᠰᠠᠷᠠᠮᠵᠢ ᠶ᠋ᠢᠨ ᠲᠤᠰᠠᠯᠠᠮᠵᠢ ᠶ᠋ᠢᠨ ᠠᠵᠢᠯᠯᠠᠭ᠎ᠠ ᠶᠠᠪᠣᠭᠳᠠᠭᠣᠯᠪᠠ ᠃ ᠠᠵᠢᠯᠯᠠᠭᠠᠨ ᠳ᠋ᠥ ᠂ ᠲᠤᠰᠬᠠᠶ ᠰᠡᠳᠦᠪᠲᠦ ᠵᠢᠵᠢᠭ ᠹᠢᠯᠢᠮ ᠰᠣᠨᠢᠷᠬᠠᠪᠠ ᠃

     ᠬᠣᠰᠢᠭᠤᠨ ‍ᠤ ᠠᠷᠠᠳ ‍ᠤᠨ ᠵᠠᠰᠠᠭ ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠡᠦ ᠵᠢᠶᠦ᠋ᠨ ᠮᠢᠩ ᠨᠡᠶᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠳ᠋ᠤ ᠶᠠᠷᠢᠶ᠎ᠠ  ᠲᠠᠯᠪᠢᠭᠰᠠᠨ ᠪᠠᠶᠢᠨ᠎ᠠ ᠃

    

      ᠲᠣᠰ ᠤᠳᠠᠭᠠᠨ ‍ᠤ ᠠᠵᠢᠯᠯᠠᠭ᠎ᠠ ᠳ᠋ᠤ ᠪᠠᠰᠠ ᠲᠥᠪ ᠲᠧᠯᠸᠢᠰ ‍ᠦᠨ ᠠᠯᠳᠠᠷᠲᠤ ᠬᠥᠲᠥᠯᠥᠭᠴᠢ ᠵᠠᠩ ᠲᠸᠩ ᠶᠤᠸᠠᠢ ᠂ ᠠᠯᠳᠠᠷᠲᠤ ᠳᠠᠭᠤᠤ ᠬᠥᠭᠵᠢᠮᠴᠢᠨ ᠬᠠᠨ ᠪᠢᠩ ᠳ᠋ᠦ 《 ᠨᠠᠢᠮᠠᠨ ᠬᠣᠰᠢᠭᠤᠨ ‍ᠤ ᠰᠤᠷᠭᠠᠨ ᠬᠥᠮᠦᠵᠢᠯ ‍ᠦᠨ ᠬᠠᠨᠳᠢᠪᠯᠠᠨ ᠲᠤᠰᠠᠯᠠᠭᠰᠠᠨ ᠨᠡᠶᠢᠲᠡ  ᠶ᠋ᠢᠨ ᠠᠰᠠᠷᠠᠮᠵᠢ ᠶ᠋ᠢᠨ ᠡᠯᠴᠢ 》 ᠶ᠋ᠢᠨ ᠦᠨᠡᠮᠯᠡᠯ ᠣᠯᠭᠣᠵᠤ ᠂ ᠬᠠᠨᠳᠢᠪᠯᠠᠨ ᠬᠦᠷᠭᠡᠭᠰᠡᠨ ᠠᠵᠤ ᠠᠬᠣᠶᠢᠯᠠᠯᠳᠠᠨ ᠳ᠋ᠤ ᠦᠨᠡᠮᠯᠡᠯ ᠣᠯᠭᠣᠵᠠᠶ ᠃

    

      ᠲᠤᠰ ᠤᠳᠠᠭᠠᠨ ‍ᠤ  ᠨᠠᠢᠮᠠᠨ ᠬᠣᠰᠢᠭᠤᠨ ‍ᠤ 《 ᠤᠯᠠᠮᠵᠢᠯᠠᠯᠲᠤ ᠰᠣᠶᠣᠯ ‍ᠢ ᠬᠢᠴᠢᠶᠡᠯ ‍ᠦᠨ ᠲᠠᠩᠬᠢᠮ ᠳ᠋ᠤ ᠣᠷᠣᠭᠤᠯᠬᠤ 》 ᠲᠣᠮᠣ ᠬᠡᠯᠪᠡᠷᠢ ᠶ᠋ᠢᠨ ᠰᠤᠷᠭᠠᠨ ᠬᠥᠮᠦᠵᠢᠯ ‍ᠦᠨ  ᠨᠡᠶᠢᠲᠡ  ᠶ᠋ᠢᠨ ᠠᠰᠠᠷᠠᠮᠵᠢ ᠶ᠋ᠢᠨ ᠠᠵᠢᠯᠯᠠᠭ᠎ᠠ ᠨᠢ ᠂ ᠠᠵᠤ ᠠᠬᠤᠶᠢᠯᠠᠯ ‍ᠤᠨ ᠬᠠᠨᠳᠢᠪᠯᠠᠭᠰᠠᠨ 4500 ᠲᠦᠮᠡᠨ ᠲᠥᠭᠥᠷᠢᠭ ‍ᠦᠨ ᠰᠤᠷᠭᠠᠨ ᠬᠥᠮᠦᠵᠢᠯ ‍ᠦᠨ ᠨᠡᠶᠢᠲᠡ ᠶ᠋ᠢᠨ ᠠᠰᠠᠷᠠᠮᠵᠢ ᠶ᠋ᠢᠨ ᠪᠠᠯᠠ ᠮᠥᠩᠭᠥ ᠪᠡᠷ ᠂ ᠪᠥᠬᠥ ᠬᠣᠰᠢᠭᠤᠨ ‍ᠤ ᠬᠡᠦᠬᠡᠳ ‍ᠢ ᠪᠥᠬᠥ ᠲᠠᠯ᠎ᠠ ᠪᠠᠷ  ᠬᠠᠮᠢᠶᠠᠷᠣᠭᠰᠠᠨ 《 ᠰᠤᠷᠤᠯᠭ᠎ᠠ ᠳᠡᠭᠡᠭᠰᠢᠯᠡᠭᠦᠯᠬᠦ ᠲᠥᠯᠥᠪᠯᠡᠭᠡ 》 ᠶ᠋ᠢ ᠪᠡᠶᠡᠯᠡᠭᠦᠯᠵᠦ ᠂ ᠪᠥᠬᠥ ᠬᠣᠰᠢᠭᠤᠨ ‍ᠤ ᠡᠯ᠎ᠡ ᠨᠠᠰᠤᠨ ‍ᠤ ᠬᠡᠦᠬᠡᠳ ‍ᠢ ᠰᠦᠯᠵᠢᠶᠡᠨ ᠳᠡᠭᠡᠷ᠎ᠡ ᠰᠤᠷᠤᠯᠴᠠᠭᠤᠯᠬᠤ ᠳ᠋ᠤ  ᠰᠦᠢᠳᠭᠡᠯ ᠬᠤᠷᠢᠶᠠᠬᠤ ᠥᠬᠡᠶ ᠪᠣᠯᠭᠠᠨ ᠂ ᠮᠠᠯᠵᠢᠬᠤ ᠲᠠᠷᠢᠶᠠᠯᠠᠬᠤ ᠣᠷᠣᠨ ‍ᠤ ᠬᠡᠦᠬᠡᠳ ‍ᠢ ᠬᠣᠲᠠ ᠪᠠᠯᠭᠠᠰᠤᠨ ‍ᠤ ᠬᠡᠦᠬᠡᠳ ᠲᠡᠶ ᠠᠳᠠᠯᠢ ᠪᠠᠷ ᠪᠥᠬᠥ ᠤᠯᠤᠰ ᠤᠨ ᠲᠡᠷᠢᠭᠦᠨ ᠤ ᠰᠣᠷᠭᠠᠨ ᠬᠦᠮᠦᠵᠢᠯ ᠤᠨ ᠡᠬᠢ ᠰᠣᠷᠪᠣᠯᠵᠢ ᠵᠢ ᠬᠠᠮᠲᠤ ᠪᠠᠷ ᠡᠳ᠋ᠯᠡᠬᠦᠯᠬᠦ ᠪᠣᠯᠣᠨ᠎ᠠ ᠃
    ᠨᠡᠶᠢᠲᠡ  ᠶ᠋ᠢᠨ ᠠᠰᠠᠷᠠᠮᠵᠢ ᠶ᠋ᠢᠨ ᠡᠯᠴᠢ ᠵᠠᠩ ᠲᠸᠩ ᠶᠤᠸᠠᠢ 《 ᠤᠯᠠᠮᠵᠢᠯᠠᠯᠲᠤ ᠰᠣᠶᠣᠯ 》 ᠭᠡᠬᠦ ᠰᠡᠳᠦᠪ ‍ᠢᠶ᠋ᠡᠷ ᠳᠤᠮᠳᠠᠳᠤ ᠶ᠋ᠢᠨ ᠥᠨᠢ ᠤᠳᠠᠭᠠᠨ ᠲᠡᠦᠬᠡ ᠰᠣᠶᠣᠯ ᠡᠴᠠ ᠡᠬᠢᠯᠡᠨ ᠶᠠᠷᠢᠶ᠎ᠠ ᠲᠠᠯᠪᠢᠵᠤ ᠂ ᠰᠤᠷᠤᠭᠴᠢᠳ  ᠲᠦ ᠨᠠᠩ ᠢᠯᠡᠭᠦᠦ ᠤᠯᠠᠮᠵᠢᠯᠠᠯᠲᠤ ᠰᠣᠶᠣᠯ ‍ᠤᠨ ᠦᠨ᠎ᠡ ᠥᠷᠲᠡᠭ ᠪᠠ ᠠᠬᠤᠭᠤᠯᠵᠤ ᠪᠠᠶᠢᠭ᠎ᠠ ᠣᠳᠣ ᠦᠶ᠎ᠡ ᠶ᠋ᠢᠨ ᠴᠢᠨᠠᠷᠲᠠᠶ ᠬᠦᠴᠦᠨ ᠴᠢᠳᠠᠯ ‍ᠢ ᠰᠡᠩᠬᠡᠷᠡᠭᠦᠯᠪᠡ ᠃
    ᠬᠣᠰᠢᠭᠤᠨ ‍ᠤ ᠲᠤᠷᠰᠢᠯᠲᠠ ᠶ᠋ᠢᠨ ᠪᠠᠭ᠎ᠠ ᠰᠤᠷᠭᠠᠭᠤᠯᠢ ᠶ᠋ᠢᠨ ᠰᠤᠷᠤᠭᠴᠢ ᠯᠢᠦ ᠢᠦᠢ ᠰᠢ ᠄  ᠮᠢᠨᠦ ᠦᠵᠡᠬᠦ ᠪᠡᠷ ᠵᠠᠩ ᠲᠸᠩ ᠶᠤᠸᠠᠢ ᠪᠠᠭᠰᠢ ᠶ᠋ᠢᠨ ᠶᠠᠷᠢᠭᠰᠠᠨ ᠡᠳᠡᠭᠡᠷ ᠲᠡᠦᠬᠡ ᠰᠣᠶᠣᠯ ᠨᠢ ᠮᠢᠨᠦ ᠠᠮᠢᠳᠤᠷᠠᠯ ᠳ᠋ᠥ ᠳᠤᠲᠠᠭᠳᠠᠵᠤ ᠪᠣᠯᠤᠰᠢ ᠦᠭᠡᠢ ᠮᠡᠳᠡᠯᠭᠡ ᠪᠣᠯᠤᠭᠰᠠᠨ ᠪᠠᠶᠢᠨ᠎ᠠ ᠃ ᠪᠢ ᠤᠯᠠᠮᠵᠢᠯᠠᠯᠲᠤ ᠰᠣᠶᠣᠯ ᠢᠶᠡᠨ ᠨᠡᠩ ᠰᠠᠶᠢᠨ ᠰᠣᠷᠣᠨ᠎ᠠ ᠭᠡᠵᠦ ᠪᠣᠳᠣᠵᠤ ᠪᠠᠶᠢᠨ᠎ᠠ ᠃
     ᠨᠡᠢᠲᠡ ᠶ᠋ᠢᠨ ᠠᠰᠠᠷᠠᠮᠵᠢ ᠶ᠋ᠢᠨ ᠡᠯᠴᠢᠨ ᠬᠠᠨ ᠪᠢᠩ ᠪᠠᠰᠠ ᠲᠣᠰ ᠪᠡᠶ᠎ᠡ ᠶ᠋ᠢᠨ ᠥᠩᠭᠡᠷᠡᠯᠲᠡ ᠲᠡᠶ ᠪᠡᠨ ᠤᠶᠠᠯᠳᠤᠭᠤᠯᠤᠨ ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠦᠨ ᠷᠢᠳᠢ ᠰᠢᠳᠢ ᠵᠢ ᠶᠠᠷᠢᠵᠣ ᠂ ᠠᠮᠢᠳᠤᠯᠢᠭ ᠳᠦᠷᠰᠦᠯᠢᠭ ᠶᠠᠷᠢᠶ᠎ᠠ ᠢᠯᠡᠳᠬᠡᠯ ᠨᠢ ᠲᠤᠬᠠᠶ ᠶ᠋ᠢᠨ ᠲᠠᠯᠠᠪᠠᠢ ᠶ᠋ᠢᠨ ᠭᠡᠷ ‍ᠦᠨ ᠠᠬᠠᠮᠠᠳ ᠪᠣᠯᠤᠨ ᠰᠤᠷᠤᠭᠴᠢᠳ ᠲᠤ ᠬᠦᠨ ᠰᠠᠭᠣᠭᠳᠠᠯ ᠦᠯᠡᠳᠡᠭᠡᠭᠰᠡᠨ ᠪᠠᠶᠢᠨ᠎ᠠ ᠃
     ᠭᠡᠷ ‍ᠦᠨ ᠠᠬᠠᠮᠠᠳ  ᠶᠠᠩ ᠱᠠᠨ ᠴᠢᠶᠠᠩ ᠄ ᠤᠯᠠᠮᠵᠢᠯᠠᠯᠲᠤ ᠰᠣᠶᠣᠯ ᠮᠠᠰᠢ ᠴᠢᠬᠤᠯᠠ ᠭᠡᠵᠦ ᠪᠢ ᠪᠣᠳᠣᠵᠤ ᠪᠠᠶᠢᠨ᠎ᠠ ᠂ ᠲᠠᠷᠠᠭᠠᠴᠢ ᠪᠡᠷ ᠬᠡᠦᠬᠡᠳ ᠲᠦ ᠤᠯᠠᠮᠵᠢᠯᠠᠯᠲᠤ ᠰᠣᠶᠣᠯ ᠂ ᠰᠢᠯᠦᠭ ᠂ ᠨᠣᠮ ᠂ ᠶᠣᠰᠣᠯᠠᠯ ᠂ ᠢᠲᠡᠭᠡᠯ ᠭᠡᠬᠦ ᠡᠨᠡ ᠬᠡᠳᠦᠨ ᠲᠠᠯ᠎ᠠ ᠶ᠋ᠢ ᠢᠯᠡᠭᠦᠬᠡᠨ ᠣᠶᠢᠯᠠᠭᠠᠭᠤᠯᠬᠤ ᠬᠡᠷᠡᠭᠲᠡᠶ ᠃

    ᠲᠤᠬᠠᠶ ᠶ᠋ᠢᠨ ᠲᠠᠯᠠᠪᠠᠢ ᠳ᠋ᠤ ᠬᠠᠨ ᠪᠢᠩ 《 ᠲᠩᠷᠢ ᠶ᠋ᠢᠨ ᠬᠢᠵᠠᠭᠠᠷ ᠳ᠋ᠡᠬᠢ ᠡᠬᠡ ᠨᠤᠲᠤᠭ 》 ᠂ ᠨᠤᠲᠤᠭ ‍ᠤᠨ ᠲᠠᠭᠣᠴᠢᠨ ᠬᠣᠷᠴᠢᠨᠬᠦᠦ 《 ᠮᠣᠩᠭᠣᠯ ᠬᠥᠮᠦᠨ ‍ᠦ ᠢᠰᠡᠭᠡᠶ ᠭᠡᠷ 》 ᠂ ᠨᠤᠲᠤᠭ ‍ᠤᠨ  ᠳᠠᠭᠤᠴᠢᠨ ᠪᠣᠣ ᠯᠦᠩ ‍ᠤᠨ 《 ᠪᠢ ᠨᠠᠢᠮᠠᠨ ᠳ᠋ᠥ ᠲᠠᠨ ‍ᠢ ᠬᠦᠯᠢᠶᠡᠵᠦ ᠪᠠᠢᠨ᠎ᠠ 》 ᠭᠡᠬᠦ ᠲᠠᠭᠣᠣ ᠪᠡᠷ ᠢᠶᠡᠨ ᠠᠵᠢᠯᠯᠠᠭᠠᠨ ᠤ ᠠᠭᠤᠷ ᠠᠮᠢᠰᠬᠤᠯ ‍ᠢ ᠬᠥᠭᠵᠢᠭᠡᠭᠰᠡᠨ ᠪᠠᠶᠢᠨ᠎ᠠ ᠃

  

    ᠬᠣᠰᠢᠭᠤᠨ ‍ᠤ ᠤᠳᠤᠷᠢᠳᠤᠯᠭ᠎ᠠ ᠯᠢ ᠶᠠᠨ ᠾᠦᠢ ᠂ ᠡᠦ ᠵᠢᠶᠦ᠋ᠨ ᠮᠢᠩ ᠂ ᠯᠢ ᠬᠠᠷᠠᠪᠠᠷᠰ ᠂ ᠰᠢᠤᠢ ᠭᠦᠸᠧ ᠰᠢᠩ ᠠᠵᠢᠯᠯᠠᠭ᠎ᠠ ᠳ᠋ᠤ ᠣᠷᠣᠯᠴᠠᠵᠠᠶ ᠃

  

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ