ᠥᠪᠡᠷᠲᠡᠭᠡᠨ ᠵᠠᠰᠠᠬᠤ ᠣᠷᠣᠨ ‍ᠤ ᠤᠬᠠᠭᠤᠯᠬᠤ ᠬᠡᠯᠲᠡᠰ ᠮᠠᠨ ‍ᠤ ᠬᠣᠰᠢᠭᠤᠨ ᠳ᠋ᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 2596     ᠨᠡᠶᠢᠳᠡᠯᠡᠭᠰᠡᠨ ᠴᠠᠭ ᠄ 2019/9/29 10:55:28

    ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ‍ᠤᠨ ᠦᠵᠡᠯ ᠰᠠᠨᠠᠭ᠎ᠠ ᠶ᠋ᠢ ᠰᠤᠷᠤᠯᠴᠠᠨ ᠤᠬᠠᠭᠤᠯᠬᠤ ᠪᠠ ᠰᠤᠳᠤᠯᠬᠤ ᠶ᠋ᠢ ᠴᠢᠨᠠᠭᠰᠢᠳᠠ ᠠᠬᠢᠭᠤᠯᠬᠤ ᠶ᠋ᠢᠨ ᠲᠥᠯᠥᠭᠡ ᠂ 9 ᠳ᠋ᠦ᠋ᠬᠡᠷ ᠰᠠᠷ᠎ᠠ ᠶ᠋ᠢᠨ 23 ‍ᠦ ᠡᠳᠦᠷ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠤᠬᠠᠭᠤᠯᠬᠤ ᠬᠡᠯᠲᠡᠰ ‍ᠦᠨ ᠳᠡᠳ᠋ ᠳᠠᠷᠤᠭ᠎ᠠ ᠭᠤᠤ ᠸᠸᠨ ᠬᠣᠩ ᠨᠠᠷ ᠮᠠᠨ ‍ᠤ ᠬᠣᠰᠢᠭᠤᠨ ᠳ᠋ᠤ ᠢᠷᠡᠵᠣ ᠂ ᠣᠨᠣᠯ ᠢᠶᠠᠷ ᠵᠡᠪᠰᠡᠭᠯᠡᠬᠦ ᠵᠡᠷᠭᠡ ᠠᠵᠢᠯ ᠳ᠋ᠤ ᠪᠠᠶᠢᠴᠠᠭᠠᠨ ᠰᠤᠳᠤᠯᠤᠯᠲᠠ  ᠬᠢᠭᠰᠡᠨ ᠪᠠᠶᠢᠨ᠎ᠠ ᠃ ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠤᠬᠠᠭᠤᠯᠬᠤ ᠬᠡᠯᠲᠡᠰ ‍ᠦᠨ ᠳᠠᠷᠤᠭ᠎ᠠ ᠯᠢ ᠶᠠᠨ ᠾᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃

   

   ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠣᠵᠢᠳ ᠬᠣᠰᠢᠭᠤᠨ ‍ᠤ ᠰᠣᠶᠣᠯ ‍ᠤᠨ ᠣᠷᠳᠣᠨ ᠂ ᠸᠠᠩ ‍ᠤᠨ ᠣᠷᠳᠣᠨ ‍ᠤ ᠮᠦᠽᠧᠶ ᠂   ᠨᠠᠢᠮᠠᠨ ᠤ  ᠪᠠᠷ ᠵᠢᠷᠤᠭ ‍ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠣ ᠂ ᠬᠣᠰᠢᠭᠤᠨ ‍ᠤ ᠰᠣᠶᠣᠯ ‍ᠤᠨ ᠣᠷᠳᠣᠨ ᠳ᠋ᠤ ᠂ ᠮᠠᠨ ‍ᠤ ᠬᠣᠰᠢᠭᠤᠨ ‍ᠤ 《 ᠳᠠᠭᠤᠲᠤ ᠰᠣᠷᠣᠯᠴᠠᠯᠭ᠎ᠠ ᠬᠢᠵᠣ ᠂ ᠰᠣᠩᠭᠣᠳᠠᠭ ᠵᠣᠬᠢᠶᠠᠯ ᠤᠩᠰᠢᠬᠤ 》 ᠣᠨᠣᠯ ᠰᠣᠷᠣᠯᠴᠠᠯᠭ᠎ᠠ ᠶ᠋ᠢᠨ ᠨᠣᠮ ᠤᠩᠰᠢᠬᠤ ᠠᠵᠢᠯᠯᠠᠭ᠎ᠠ ᠦᠷᠨᠢᠭᠦᠯᠦᠭᠰᠡᠨ ᠲᠤᠬᠠᠶ ᠲᠠᠨᠢᠯᠴᠠᠭᠤᠯᠭ᠎ᠠ ᠶ᠋ᠢ ᠰᠣᠨᠣᠰᠪᠠ ᠃ ᠣᠳᠣᠬᠠᠨ ᠪᠣᠯᠲᠠᠯ᠎ᠠ ᠂ ᠰᠦᠯᠵᠢᠶᠡᠨ ᠳᠡᠭᠡᠷᠡᠬᠢ ᠬᠡᠰᠡᠭ ᠣᠩᠰᠢᠯᠭ᠎ᠠ ᠨᠢ 《 ᠠᠮᠢᠵᠢᠷᠠᠯ ᠪᠢᠯᠬᠠᠭᠰᠠᠨ  ᠨᠠᠢᠮᠠᠨ 》 ᠭᠡᠬᠦ ᠸᠸᠢᠴᠠᠲ ᠂ ᠬᠣᠰᠢᠭᠤᠨ ‍ᠤ ᠰᠣᠨᠢᠨ ᠮᠡᠳᠡᠭᠡᠨ ‍ᠦ ᠰᠦᠯᠵᠢᠶ᠎ᠡ ᠵᠡᠷᠭᠡ ᠲᠠᠪᠴᠠᠩ ᠲᠡᠭᠡᠷ᠎ᠡ ᠨᠡᠶᠢᠲᠡᠯᠡᠵᠦ ᠂ ᠦᠷᠭᠦᠯᠵᠢᠯᠡᠨ ᠨᠡᠪᠲᠡᠷᠡᠭᠦᠯᠵᠦ ᠪᠣᠶ ᠃ ᠰᠦᠯᠵᠢᠶᠡᠨ ᠭᠠᠳᠠᠨ᠎ᠠ ᠲᠦᠷᠭᠡᠨ ᠣᠩᠰᠢᠯᠭ᠎ᠠ ᠶ᠋ᠢᠨ ᠠᠵᠢᠯᠯᠠᠭ᠎ᠠ ᠶᠠᠪᠣᠭᠳᠠᠭᠣᠯᠵᠣ ᠂ ᠬᠣᠰᠢᠭᠣᠨ ᠤ ᠨᠠᠮ ‍ᠤᠨ ᠬᠣᠷᠢᠶᠠᠨ ‍ᠤ ᠤᠬᠠᠭᠤᠯᠬᠤ ᠬᠡᠯᠲᠡᠰ ‍ᠦᠨ ᠨᠠᠮ ‍ᠤᠨ ᠡᠭᠦᠷ ᠂ ᠪᠠᠶᠠᠨᠲᠠᠯ᠎ᠠ ᠰᠤᠮᠤ ᠂ ᠬᠣᠰᠢᠭᠤᠨ ‍ᠤ ᠲᠤᠷᠰᠢᠯᠲᠠ ᠶ᠋ᠢᠨ ᠪᠠᠭ᠎ᠠ ᠰᠤᠷᠭᠠᠭᠤᠯᠢ ᠵᠡᠷᠭᠡ ᠨᠠᠮ ‍ᠤᠨ ᠡᠭᠦᠷ 3 ᠬᠤᠭᠤᠴᠠᠭ᠎ᠠ ᠤᠩᠰᠢᠵᠤ ᠂ ᠣᠷᠣᠯᠴᠠᠭᠰᠠᠨ ᠬᠥᠮᠦᠨ ‍ᠦ ᠲᠣᠭ᠎ᠠ 2000 ᠭᠠᠷᠤᠶ ᠬᠦᠮᠦᠨ ᠳ᠋ᠥ ᠬᠦᠷᠦᠭᠰᠡᠨ ᠪᠠᠶᠢᠨ᠎ᠠ ᠃

   

   ᠲᠠᠶᠢᠯᠣᠮᠵᠢ ᠵᠢ ᠰᠣᠨᠣᠰᠴᠣ ᠲᠠᠭᠣᠰᠣᠭᠰᠠᠨ ᠤ ᠲᠠᠷᠠᠭ᠎ᠠ ᠂ ᠪᠠᠶᠢᠴᠠᠭᠠᠨ ᠰᠤᠳᠤᠯᠬᠤ ᠳᠤᠭᠤᠶᠢᠯᠠᠩ ᠮᠠᠨ ‍ᠤ ᠬᠣᠰᠢᠭᠤᠨ ‍ᠤ ᠣᠨᠣᠯ ᠰᠤᠷᠤᠯᠴᠠᠬᠤ ᠂ ᠤᠬᠠᠭᠤᠯᠤᠨ ᠲᠠᠶᠢᠯᠪᠤᠷᠢᠯᠠᠬᠤ ᠪᠠ ᠰᠤᠳᠤᠯᠬᠤ ᠵᠡᠷᠭᠡ ᠪᠠᠶᠢᠳᠠᠯ ᠳ᠋ᠥ ᠭᠦᠢᠴᠡᠳ ᠦᠨᠡᠯᠡᠯᠳᠡ ᠦᠭᠴᠦ ᠂ ᠡᠶᠢᠮᠦᠷᠬᠦᠦ ᠠᠵᠢᠯ ‍ᠤᠨ ᠳᠤᠮᠳᠠ ᠪᠠᠨ ᠠᠷᠭ᠎ᠠ ᠠᠪᠴᠠᠯ ᠢᠶᠡᠨ ᠰᠢᠨᠡᠴᠢᠯᠡᠵᠦ ᠂ ᠰᠤᠷᠤᠯᠴᠠᠬᠤ ᠠᠭᠤᠯᠭ᠎ᠠ ᠪᠠᠨ ᠲᠡᠭᠦᠯᠳᠡᠷᠵᠢᠭᠦᠯᠦᠨ ᠂ ᠰᠤᠷᠲᠠᠯ ᠤᠬᠠᠭᠤᠯᠭ᠎ᠠ ᠦᠵᠡᠯ ᠰᠠᠨᠠᠭᠠᠨ ‍ᠤ ᠠᠵᠢᠯ ‍ᠢ ᠭᠠᠵᠠᠷ ᠪᠣᠯᠭᠠᠨ ᠳ᠋ᠤ ᠦᠷᠨᠢᠬᠦᠯᠬᠦ ᠬᠡᠷᠡᠭᠲᠡᠶ ᠭᠡᠰᠡᠨ ᠪᠠᠶᠢᠨ᠎ᠠ ᠃           

  

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ