ᠪᠡᠭᠡᠵᠢᠩ ᠶ᠋ᠢᠨ ᠴᠣᠣ ᠶᠠᠩ ᠲᠣᠭᠣᠷᠢᠭ ‍ᠤᠨ 34 ᠠᠵᠤ ᠠᠬᠤᠶᠢᠯᠠᠯ ᠮᠠᠨ ‍ᠤ ᠬᠣᠰᠢᠭᠤᠨ ᠳ᠋ᠤ ᠢᠷᠡᠵᠦ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 3042     ᠨᠡᠶᠢᠳᠡᠯᠡᠭᠰᠡᠨ ᠴᠠᠭ ᠄ 2019/9/29 15:22:25

   
     9 ᠳ᠋ᠦ᠋ᠭᠡᠷ ᠰᠠᠷ᠎ᠠ ᠶ᠋ᠢᠨ 23 ‍ᠦ ᠡᠳᠦᠷ ᠂ ᠪᠡᠭᠡᠵᠢᠩ ᠶ᠋ᠢᠨ ᠴᠣᠣ ᠶᠠᠩ ᠲᠣᠭᠣᠷᠢᠭ ᠲᠤ ᠬᠠᠷᠢᠶᠠᠯᠠᠭᠳᠠᠬᠤ ᠢᠳᠡᠭᠡᠨ ᠡᠮ ‍ᠦᠨ  ᠵᠦᠢᠯ ᠂ ᠤᠳᠤ ᠦᠶ᠎ᠡ ᠶ᠋ᠢᠨ ᠲᠠᠷᠢᠶᠠᠯᠠᠩ ᠂ ᠠᠷᠠᠯᠵᠢᠶ᠎ᠠ ᠬᠤᠳᠠᠯᠳᠤᠭ᠎ᠠ ᠵᠡᠷᠭᠡ 34 ᠠᠵᠤ ᠠᠬᠤᠶᠢᠯᠠᠯ ᠮᠠᠨ ‍ᠤ ᠬᠣᠰᠢᠭᠤᠨ ᠳ᠋ᠤ ᠢᠷᠡᠵᠦ ᠪᠠᠶᠢᠴᠠᠭᠠᠨ ᠰᠣᠳᠣᠯᠣᠯᠳᠠ ᠬᠢᠭᠰᠡᠨ  ᠪᠠᠶᠢᠨ᠎ᠠ ᠃  

    ᠪᠠᠶᠢᠴᠠᠭᠠᠬᠣ ᠲᠣᠭᠣᠶᠢᠯᠠᠩ ᠤᠷᠢᠳ ᠬᠣᠵᠢᠳ ᠬᠣᠰᠢᠭᠣᠨ ᠤ ᠠᠵᠤ  ᠦᠢᠯᠡᠳᠪᠣᠷᠢ  ᠶ᠋ᠢᠨ ᠬᠦᠷᠢᠶᠡᠯᠡᠩ ‍ᠤᠨ A ᠲᠣᠭᠣᠷᠢᠭ ᠂ B ᠲᠣᠭᠣᠷᠢᠭ ᠪᠣᠯᠤᠨ ᠯᠢᠩ ᠶᠦᠨ ᠬᠠᠢ ᠰᠢᠬᠢᠷ ‍ᠦᠨ ᠦᠢᠯᠡᠰ ‍ᠦᠨ ᠬᠢᠵᠠᠭᠠᠷᠲᠤ ᠺᠣᠮᠫᠠᠨᠢ ᠂ ᠪᠢ ᠣᠪᠣᠭᠲᠤ ᠶ᠋ᠢᠨ ᠪᠦᠯᠦᠭᠯᠡᠯ ᠂ ᠰᠢᠯ ᠶ᠋ᠢᠨ ᠰᠢᠷᠬᠡᠭ ‍ᠦᠨ ᠠᠵᠤ ᠦᠢᠯᠡᠰ ‍ᠦᠨ ᠬᠦᠷᠢᠶᠡᠯᠡᠩ ᠵᠡᠷᠭᠡ ᠭᠠᠵᠠᠷ ᠢᠶᠠᠷ ᠪᠠᠶᠢᠴᠠᠭᠠᠵᠤ ᠂ ᠮᠠᠨ ‍ᠤ ᠬᠣᠰᠢᠭᠤᠨ ‍ᠤ ᠠᠵᠤ  ᠦᠢᠯᠡᠳᠪᠣᠷᠢ  ᠶ᠋ᠢᠨ ᠠᠵᠤ  ᠠᠬᠣᠶᠢᠯᠠᠯ  ‍ᠤᠨ ᠬᠥᠭᠵᠢᠯᠲᠡ ᠶ᠋ᠢᠨ ᠪᠠᠶᠢᠳᠠᠯ ‍ᠢ ᠣᠶᠢᠯᠠᠭᠠᠪᠠ ᠃

    

     ᠬᠤᠷᠠᠯ ᠳᠡᠭᠡᠷ᠎ᠡ ᠂ ᠬᠣᠶᠠᠷ ᠲᠠᠯ᠎ᠠ ᠪᠠᠷ ᠢᠶᠡᠨ ᠪᠡᠯᠡ ᠣᠷᠣᠭᠤᠯᠤᠯᠲᠠ ᠶ᠋ᠢᠨ ᠬᠦᠴᠦᠯᠡᠴᠡ ᠂ ᠴᠢᠳᠠᠪᠤᠷᠢᠲᠠᠨ ‍ᠢ ᠲᠡᠳᠬᠦᠬᠦ ᠲᠥᠷᠦ ᠶ᠋ᠢᠨ ᠪᠣᠳᠣᠯᠭ᠎ᠠ ᠂ ᠠᠵᠤ ᠦᠢᠯᠡᠰ ‍ᠦᠨ ᠥᠪᠡᠷ ‍ᠦᠨ ᠥᠷᠲᠡᠭ ᠂ ᠭᠠᠵᠠᠷ ᠰᠢᠷᠣᠶ ᠵᠢᠴᠢ ᠭᠠᠢᠯᠢ ᠲᠠᠲᠠᠪᠤᠷᠢ ᠵᠡᠷᠭᠡ ᠠᠭᠤᠯᠭ᠎ᠠ ᠶ᠋ᠢᠨ ᠲᠣᠭᠣᠷᠢᠨ ᠳ᠋ᠤ ᠰᠠᠨᠠᠯ ᠢᠶᠡᠨ ᠭᠦᠨᠵᠡᠭᠡᠶ ᠰᠣᠯᠢᠯᠴᠠᠵᠤ ᠂ ᠢᠳᠡᠭᠡᠨ ᠤᠮᠳᠠᠭᠠᠨ ᠂ ᠣᠳᠣ ᠦᠶ᠎ᠡ ᠶ᠋ᠢᠨ ᠲᠠᠷᠢᠶᠠᠯᠠᠩ ᠂ ᠠᠮᠢᠳᠤ ᠪᠣᠳᠠᠰ ‍ᠤᠨ ᠰᠢᠨᠵᠢᠯᠡᠬᠦ ᠤᠬᠠᠭᠠᠨ ᠮᠡᠷᠭᠡᠵᠢᠯ ‍ᠦᠨ ᠡᠮ ᠦᠢᠯᠡᠳᠬᠦ᠂ ᠦᠨᠳᠦᠰᠦᠲᠡᠨ ‍ᠦ ᠵᠤᠭᠠᠴᠠᠯ ‍ᠤᠨ  ᠦᠢᠯᠡᠴᠢᠯᠡᠭᠡ  ᠵᠡᠷᠭᠡ  ᠲᠥᠷᠥᠯ ᠵᠦᠢᠯ ᠳ᠋ᠦ ᠬᠠᠮᠲᠤ ᠶ᠋ᠢᠨ ᠲᠠᠨᠢᠯᠲᠠ ᠲᠠᠶ ᠪᠣᠯᠣᠭᠰᠠᠨ ᠪᠠᠶᠢᠨ᠎ᠠ ᠃

     

      ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠨᠢᠭᠡᠳᠦᠮᠡᠯ ᠹᠷᠣᠨᠲ ‍ᠤᠨ ᠬᠡᠯᠲᠡᠰ ‍ᠦᠨ ᠳᠠᠷᠤᠭ᠎ᠠ ᠪᠠᠳᠣ ᠢᠯᠡᠳᠭᠡᠭᠰᠡᠨ ᠨᠢ ᠂ ᠪᠡᠭᠡᠵᠢᠩ ᠲᠢᠶᠠᠨᠵᠢᠨ ᠾᠧᠪᠧᠶ ᠶ᠋ᠢᠨ ᠠᠵᠤ ᠦᠢᠯᠡᠰ ‍ᠦᠨ ᠰᠢᠯᠵᠢᠯᠲᠡ ᠪᠡᠷ ᠠᠵᠠ ᠲᠣᠬᠢᠶᠠᠯ ᠪᠣᠯᠭᠠᠵᠤ ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠪᠡᠯᠡ ᠣᠷᠣᠭᠤᠯᠤᠯᠲᠠ ᠶ᠋ᠢᠨ ᠲᠥᠷᠥᠯ  ᠵᠦᠢᠯ  ‍ᠦᠨ ᠮᠥᠨ ᠴᠢᠨᠠᠷ ᠢᠶᠠᠷ ᠠᠬᠢᠴᠠ ᠪᠣᠯᠭᠠᠨ ᠂ ᠬᠣᠶᠠᠷ ᠲᠠᠯ᠎ᠠ ᠪᠠᠷ ᠢᠶᠡᠨ ᠠᠰᠢᠭ ᠬᠦᠷᠲᠡᠬᠦ ᠶ᠋ᠢ ᠪᠡᠶᠡᠯᠡᠭᠦᠯᠬᠦ ᠶ᠋ᠢ ᠬᠦᠰᠡᠵᠦ ᠪᠠᠶᠢᠨ᠎ᠠ ᠭᠡᠵᠡᠢ ᠃ ᠬᠣᠰᠢᠭᠤᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠬᠣᠰᠢᠭᠤᠨ ‍ᠤ ᠵᠠᠰᠠᠭ ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠳᠠᠩ ᠳ᠋ᠢᠶᠠᠨ ᠺᠧ ᠂ ᠬᠣᠰᠢᠭᠤᠨ ‍ᠤ ᠵᠠᠰᠠᠭ ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠴᠢᠦ ᠵᠢᠶᠦ᠋ᠨ ᠵᠢᠴᠢ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠵᠥᠪᠯᠡᠯ ᠂ ᠠᠵᠤ  ᠦᠢᠯᠡᠳᠪᠣᠷᠢ  ᠮᠡᠳᠡᠭᠡ ᠵᠠᠩᠭᠢᠵᠢᠯᠲᠠ ᠶ᠋ᠢᠨ ᠲᠣᠪᠴᠢᠶ᠎ᠠ ᠂ ᠠᠷᠠᠯᠵᠢᠶᠠᠴᠢᠨ ᠤᠷᠢᠬᠤ ᠲᠣᠪᠴᠢᠶ᠎ᠠ ᠂ ᠣᠷᠴᠢᠨ ᠲᠣᠭᠣᠷᠢᠨ ‍ᠤ ᠬᠠᠮᠠᠭᠠᠯᠠᠯᠲᠠ ᠶ᠋ᠢᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠶ᠋ᠢᠨ ᠲᠣᠪᠴᠢᠶ᠎ᠠ ᠂ ᠬᠦᠷᠢᠶᠡᠯᠡᠩ ᠲᠣᠭᠣᠷᠢᠭ ‍ᠤᠨ ᠠᠯᠪᠠᠨ ᠭᠡᠷ ᠂ ᠴᠠᠬᠢᠯᠭᠠᠨ ᠬᠠᠩᠭᠠᠬᠤ ᠺᠣᠮᠫᠠᠨᠢ ᠶ᠋ᠢᠨ ᠭᠣᠤᠯ ᠬᠠᠷᠢᠭᠤᠴᠠᠯᠭᠠᠲᠠᠨ ᠬᠤᠷᠠᠯ ᠳ᠋ᠤ ᠣᠷᠣᠯᠴᠠᠪᠠ ᠃

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ