ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠠᠵᠢᠯ ᠶ᠋ᠢᠨ ᠲᠣᠬᠢᠷᠠᠭᠤᠯᠤᠯᠲᠠ ᠶ᠋ᠢᠨ ᠬᠤᠷᠠᠯ ᠶᠠᠪᠣᠭᠳᠠᠭᠰᠠᠨ

ᠣᠩᠰᠢᠭᠰᠠᠨ ᠤᠳᠠᠭ᠎ᠠ ᠄ 1565     ᠨᠡᠶᠢᠳᠡᠯᠡᠭᠰᠡᠨ ᠴᠠᠭ ᠄ 2019/10/9 9:34:47

     

     10 ᠰᠠᠷ᠎ᠠ ᠶ᠋ᠢᠨ 7 ‍ᠦ ᠡᠳᠦᠷ ᠂ ᠮᠠᠨ ‍ᠤ ᠬᠣᠰᠢᠭᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠠᠵᠢᠯ ᠶ᠋ᠢᠨ ᠲᠣᠬᠢᠷᠠᠭᠤᠯᠤᠯᠲᠠ ᠶ᠋ᠢᠨ ᠬᠤᠷᠠᠯ ᠬᠤᠷᠠᠯᠳᠤᠭᠤᠯᠵᠤ ᠂ ᠰᠤᠮᠤ ᠰᠢᠶᠠᠩ ᠪᠠᠯᠭᠠᠰᠤ ᠲᠠᠯᠪᠣᠷ ᠶ᠋ᠢᠨ ᠳᠠᠩᠰᠠ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠶ᠋ᠢᠨ ᠬᠥᠳᠡᠯᠦᠩᠭᠦᠶ ᠲᠣᠬᠢᠷᠠᠭᠤᠯᠤᠯᠲᠠ ᠶ᠋ᠢᠨ ᠠᠵᠢᠯ ᠤᠨ ᠮᠡᠳᠡᠭᠦᠯᠦᠯᠳᠡ ᠶ᠋ᠢ ᠰᠣᠨᠣᠰᠴᠤ ᠂ ᠲᠠᠷᠠᠭᠠᠴᠢ ᠶ᠋ᠢᠨ ᠠᠯᠬᠤᠮ ‍ᠤᠨ ᠠᠵᠢᠯ ᠳ᠋ᠤ ᠲᠣᠬᠢᠷᠠᠭᠣᠯᠣᠯᠳᠠ ᠬᠢᠭᠰᠡᠨ ᠪᠠᠶᠢᠨ᠎ᠠ ᠃ ᠬᠣᠰᠢᠭᠤᠨ ᠤᠳᠤᠷᠢᠳᠤᠯᠭ᠎ᠠ ᠸᠠᠩ ᠵᠧᠨ ᠴᠧᠩ ᠂ ᠴᠢᠦ ᠵᠢᠶᠦ᠋ᠨ ᠂ ᠸᠠᠩ ᠭᠠᠩ ᠬᠤᠷᠠᠯ ᠳ᠋ᠤ ᠣᠷᠣᠯᠴᠠᠵᠠᠶ ᠃

    

     ᠬᠤᠷᠠᠯ ᠡᠴᠠ ᠴᠢᠩᠭᠠᠳᠬᠠᠭᠰᠠᠨ ᠨᠢ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠡᠯ᠎ᠡ ᠭᠠᠵᠠᠷ ‍ᠤᠨ ᠨᠠᠮ ᠵᠠᠰᠠᠭ ᠤᠨ ᠭᠣᠤᠯ ᠬᠠᠷᠢᠭᠤᠴᠠᠯᠭᠠᠲᠠᠨ 《 ᠨᠢᠭᠡᠳᠦᠭᠡᠷ ᠬᠠᠷᠢᠭᠤᠴᠠᠯᠭᠠᠲᠠᠨ 》 ‍ᠦ ᠬᠠᠷᠢᠭᠤᠴᠠᠯᠭ᠎ᠠ ᠪᠠᠨ ᠰᠠᠶᠢᠲᠤᠷ  ᠭᠦᠢᠴᠡᠳᠭᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠨ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ᠤ  ᠰᠢᠢᠳᠪᠦᠷᠢᠲᠦ  ᠢᠯᠠᠯᠲᠠ ᠶ᠋ᠢ ᠣᠯᠬᠤ ᠬᠡᠷᠡᠭᠲᠡᠶ ︔ ᠬᠠᠷᠠᠯᠲᠠ ᠡᠭᠦᠷᠭᠡ ᠶ᠋ᠢ ᠴᠢᠩᠭᠠᠳᠬᠠᠨ ᠂ ᠠᠵᠢᠯ ᠶ᠋ᠢᠨ ᠰᠡᠳᠬᠢᠴᠡ ᠪᠡᠨ ᠲᠣᠳᠣᠷᠬᠠᠶᠢᠯᠠᠵᠤ ᠂ ᠠᠵᠢᠯ ᠶ᠋ᠢᠨ ᠭᠣᠤᠯᠳᠠᠯᠭ᠎ᠠ ᠶ᠋ᠢ ᠠᠳᠬᠤᠵᠤ ᠂  ᠡᠯ᠎ᠡ  ᠵᠥᠢᠯ ‍ᠦᠨ  ᠭᠦᠢᠴᠡᠳᠭᠡᠯ ᠲᠣᠭ᠎ᠠ ᠶ᠋ᠢᠨ ᠱᠠᠭᠠᠷᠳᠠᠯᠭ᠎ᠠ ᠶᠣᠰᠣᠭᠠᠷ  ᠲᠣᠳᠠᠭᠳᠠᠯ  ᠢᠶᠡᠨ ᠨᠥᠬᠥᠪᠥᠷᠢᠯᠡᠬᠦ ᠬᠡᠷᠡᠭᠲᠡᠶ ᠃ ᠨᠢᠭᠡᠳᠦᠯᠲᠡᠶ ᠳ᠋ᠦ ᠲᠥᠯᠥᠪᠵᠢᠭᠦᠯᠦᠨ ᠵᠣᠬᠢᠴᠠᠭᠤᠯᠬᠤ ᠶ᠋ᠢ ᠴᠢᠩᠭᠠᠳᠬᠠᠵᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠶ᠋ᠢ ᠪᠦᠬᠦ ᠬᠦᠴᠦᠨ ‍ᠢᠶ᠋ᠡᠷ ‍ᠢᠶ᠋ᠡᠨ ᠠᠳᠬᠤᠬᠤ ᠶ᠋ᠢᠨ ᠬᠠᠮᠲᠤ ᠂ ᠪᠦᠬᠦ ᠲᠠᠯ᠎ᠠ ᠶ᠋ᠢ ᠶᠡᠷᠦᠩᠬᠡᠶᠢᠯᠡᠨ ᠡᠵᠡᠮᠳᠡᠵᠦ ᠂ ᠤᠯᠤᠰ ᠤᠨ ᠣᠢ ᠰᠢᠭᠤᠶ ᠶ᠋ᠢᠨ ᠪᠠᠶᠢᠴᠠᠭᠠᠯᠳᠠ ᠂ 《 ᠵᠣᠷᠯᠣᠩ ‍ᠤᠨ ᠬᠤᠪᠢᠰᠬᠠᠯ 》 ᠂ ᠵᠠᠬᠢᠳᠠᠯ ᠰᠤᠷᠪᠤᠯᠵᠢᠯᠠᠭ᠎ᠠ ᠶ᠋ᠢᠨ ᠲᠣᠭᠲᠠᠭᠤᠨ ᠵᠡᠷᠭᠡ ᠠᠵᠢᠯ ‍ᠢ ᠨᠢᠭᠡᠳᠦᠯᠲᠡᠶ ᠳ᠋ᠦ ᠲᠥᠯᠥᠪᠵᠢᠭᠦᠯᠦᠨ ᠰᠠᠶᠢᠲᠤᠷ ᠠᠳᠬᠤᠵᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠪᠣᠯᠤᠨ ᠡᠯ᠎ᠡ  ᠵᠣᠶᠢᠯ  ᠤᠨ ᠠᠵᠢᠯ ‍ᠢ ᠵᠡᠷᠭᠡᠪᠡᠷ ᠠᠬᠢᠭᠤᠯᠬᠤ ᠬᠡᠷᠡᠭᠲᠡᠶ ᠭᠡᠰᠡᠨ ᠪᠠᠶᠢᠨ᠎ᠠ ᠃

  

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ