ᠤᠯᠤᠰ ᠤᠨ ᠴᠡᠴᠡᠷᠯᠢᠭᠳᠣ ᠰᠢᠶᠠᠨ ‍ᠤ ᠬᠣᠲᠠ ᠶ᠋ᠢ ᠰᠢᠯᠭᠠᠨ ᠪᠠᠶᠢᠴᠠᠭᠠᠬᠤ ᠳᠤᠭᠤᠶᠢᠯᠠᠩ ᠮᠠᠨ ᠤ ᠬᠣᠰᠢᠭᠣᠨ ᠳ᠋ᠥ ᠢᠷᠡᠵᠣ ᠤᠯᠤᠰ ᠤᠨ ᠴᠡᠴᠡᠷᠯᠢᠭᠳᠣ ᠰᠢᠶᠠᠨ ‍ᠤ ᠬᠣᠲᠠ ᠶ᠋ᠢ ᠡᠭᠦᠳᠦᠨ ᠪᠠᠶᠢᠭᠤᠯᠬᠤ ᠠᠵᠢᠯ ᠳ᠋ᠥ ᠪᠠᠶᠢᠴᠠᠭᠠᠯᠳᠠ ᠬᠢᠭᠰᠡᠨ

ᠣᠩᠰᠢᠭᠰᠠᠨ ᠤᠳᠠᠭ᠎ᠠ ᠄ 1416     ᠨᠡᠶᠢᠳᠡᠯᠡᠭᠰᠡᠨ ᠴᠠᠭ ᠄ 2019/10/10 16:46:05

   

    10 ᠰᠠᠷ᠎ᠠ ᠶ᠋ᠢᠨ 9 ‍ᠦ ᠡᠳᠦᠷ ᠂ ᠤᠯᠤᠰ ᠤᠨ ᠴᠡᠴᠡᠷᠯᠢᠭᠳᠣ ᠰᠢᠶᠠᠨ ‍ᠤ ᠬᠣᠲᠠ ᠶ᠋ᠢ ᠰᠢᠯᠭᠠᠨ ᠪᠠᠶᠢᠴᠠᠭᠠᠬᠤ ᠳᠤᠭᠤᠶᠢᠯᠠᠩ ᠮᠠᠨ ᠤ ᠬᠣᠰᠢᠭᠣᠨ ᠳ᠋ᠥ ᠢᠷᠡᠵᠣ ᠤᠯᠤᠰ ᠤᠨ ᠴᠡᠴᠡᠷᠯᠢᠭᠳᠣ ᠰᠢᠶᠠᠨ ‍ᠤ ᠬᠣᠲᠠ ᠶ᠋ᠢ ᠡᠭᠦᠳᠦᠨ ᠪᠠᠶᠢᠭᠤᠯᠬᠤ ᠠᠵᠢᠯ  ᠳ᠋ᠥ ᠪᠠᠶᠢᠴᠠᠭᠠᠯᠳᠠ ᠬᠢᠬᠦ ᠶ᠋ᠢᠨ ᠬᠠᠮᠳᠣ ᠰᠠᠭᠣᠳᠠᠯ ᠤᠨ ᠬᠣᠷᠠᠯ  ᠬᠤᠷᠠᠯᠳᠤᠭᠤᠯᠪᠠ ᠃ ᠬᠤᠷᠠᠯ ᠳᠡᠭᠡᠷ᠎ᠡ ᠂ ᠬᠤᠷᠠᠯ ᠳ᠋ᠤ ᠣᠷᠣᠯᠴᠠᠭᠰᠠᠳ 《 ᠤᠯᠤᠰ ᠤᠨ ᠴᠡᠴᠡᠷᠯᠢᠭᠳᠣ ᠰᠢᠶᠠᠨ ‍ᠤ ᠬᠣᠲᠠ ᠶ᠋ᠢ ᠡᠭᠦᠳᠦᠨ ᠪᠠᠶᠢᠭᠤᠯᠬᠤ ᠮᠡᠷᠭᠡᠵᠢᠯ ‍ᠦᠨ ᠮᠡᠳᠡᠭᠦᠯᠦᠯᠲᠡ ᠶ᠋ᠢᠨ ᠹᠢᠯᠢᠮ 》 ᠪᠣᠯᠤᠨ 《 ᠦᠵᠡᠰᠬᠦᠯᠡᠩᠲᠦ ᠰᠠᠶᠢᠬᠠᠨ ᠴᠡᠴᠡᠷᠯᠢᠭᠳᠣ ᠬᠣᠲᠠ 》 ᠭᠡᠬᠦ ᠳᠠᠭᠤᠤ ᠶ᠋ᠢ ᠰᠣᠨᠢᠷᠬᠠᠵᠤ ᠂ ᠤᠯᠤᠰ ᠤᠨ ᠴᠡᠴᠡᠷᠯᠢᠭᠳᠣ ᠰᠢᠶᠠᠨ ‍ᠤ ᠬᠣᠲᠠ ᠶ᠋ᠢᠨ ᠲᠤᠰᠬᠠᠶ ᠮᠡᠷᠭᠡᠵᠢᠯᠲᠡᠨ ‍ᠦ ᠲᠣᠭᠣᠶᠢᠯᠠᠩ ᠮᠠᠨ ‍ᠤ ᠬᠣᠰᠢᠭᠣᠨ ᠤ ᠡᠭᠦᠳᠦᠨ ᠪᠠᠶᠢᠭᠤᠯᠬᠤ ᠠᠵᠢᠯ ‍ᠢ ᠰᠣᠨᠣᠰᠤᠭᠰᠠᠨ ᠪᠥᠭᠡᠳ ᠪᠠᠶᠢᠴᠠᠭᠠᠭᠰᠠᠨ ᠪᠠᠶᠢᠳᠠᠯ ‍ᠤᠨ ᠲᠤᠬᠠᠶ ᠰᠠᠨᠠᠯ ᠢᠶᠡᠨ ᠰᠣᠯᠢᠯᠴᠠᠵᠤ ᠂ ᠬᠣᠲᠠ ᠶ᠋ᠢᠨ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠦᠲᠦᠭᠡᠨ ᠪᠠᠶᠢᠭᠤᠯᠤᠯᠲᠠ ᠶ᠋ᠢᠨ ᠲᠣᠪᠴᠢᠶᠠᠨ ‍ᠤ ᠳᠡᠳ᠋ ᠳᠠᠷᠤᠭ᠎ᠠ ᠭᠦᠸᠧ ᠶᠢᠩ ᠵᠢᠶᠸ ᠪᠦᠬᠦ ᠬᠣᠲᠠ ᠶ᠋ᠢᠨ ᠴᠡᠴᠡᠷᠯᠢᠭᠳᠣ ᠰᠢᠶᠠᠨ ‍ᠤ ᠬᠣᠲᠠ ᠶ᠋ᠢᠨ ᠠᠵᠢᠯ ᠢᠶᠡᠨ ᠰᠠᠶᠢᠲᠤᠷ ᠬᠢᠬᠦ ᠲᠤᠬᠠᠶ ᠶᠠᠷᠢᠶ᠎ᠠ ᠲᠠᠯᠪᠢᠵᠤ ᠂  ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠮᠠᠨ ‍ᠤ ᠬᠣᠰᠢᠭᠤᠨ ‍ᠤ ᠤᠯᠤᠰ ᠤᠨ ᠴᠡᠴᠡᠷᠯᠢᠭᠳᠣ ᠰᠢᠶᠠᠨ ‍ᠤ ᠬᠣᠲᠠ ᠶ᠋ᠢ ᠡᠭᠦᠳᠦᠨ ᠪᠠᠶᠢᠭᠤᠯᠬᠤ ᠠᠵᠢᠯ ‍ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠶ ᠢᠯᠡᠳᠭᠡᠯ ᠬᠢᠪᠡ ᠃ ᠬᠤᠷᠠᠯ ‍ᠢ ᠥᠪᠡᠷᠲᠡᠭᠡᠨ ᠵᠠᠰᠠᠬᠤ ᠣᠷᠣᠨ ‍ᠤ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠦᠲᠦᠭᠡᠨ ᠪᠠᠶᠢᠭᠤᠯᠤᠯᠲᠠ ᠶ᠋ᠢᠨ ᠲᠢᠩᠬᠢᠮ ᠤᠨ ᠬᠣᠲᠠ ᠶ᠋ᠢᠨ ᠪᠦᠲᠦᠭᠡᠨ ᠪᠠᠶᠢᠭᠤᠯᠤᠯᠲᠠ ᠶ᠋ᠢᠨ ᠭᠠᠵᠠᠷ ‍ᠤᠨ ᠳᠡᠳ᠋ ᠳᠠᠷᠤᠭ᠎ᠠ ᠵᠤᠤ ᠵᠢᠶᠦ᠋ᠨ ᠡᠷᠬᠢᠯᠡᠭᠰᠡᠨ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ