ᠭᠠᠵᠠᠷ ᠰᠢᠷᠣᠶ ᠶ᠋ᠢ ᠴᠡᠭᠴᠡᠯᠡᠨ ᠵᠠᠰᠠᠬᠤ ᠲᠥᠷᠥᠯ ᠵᠣᠶᠢᠯ ‍ᠦᠨ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠠᠵᠢᠯ ‍ᠢ ᠠᠬᠢᠭᠤᠯᠬᠤ ᠬᠤᠷᠠᠯ ᠬᠣᠷᠠᠯᠳᠣᠭᠣᠯᠣᠭᠰᠠᠨ

ᠣᠩᠰᠢᠭᠰᠠᠨ ᠤᠳᠠᠭ᠎ᠠ ᠄ 2213     ᠨᠡᠶᠢᠳᠡᠯᠡᠭᠰᠡᠨ ᠴᠠᠭ ᠄ 2019/10/11 8:41:43

    10 ᠳ᠋ᠣᠭᠠᠷ ᠰᠠᠷ᠎ᠠ ᠶ᠋ᠢᠨ 9 ‍ᠦ ᠡᠳᠦᠷ ᠂ ᠬᠣᠰᠢᠭᠣᠨ ᠤ ᠠᠷᠠᠳ ᠤᠨ ᠵᠠᠰᠠᠭ ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠰᠦᠨ ᠬᠣᠩ ᡁᠢ ᠭᠠᠵᠠᠷ ᠰᠢᠷᠣᠶ ᠶ᠋ᠢ ᠴᠡᠭᠴᠡᠯᠡᠨ ᠵᠠᠰᠠᠬᠤ ᠲᠥᠷᠥᠯ ᠵᠣᠶᠢᠯ ‍ᠦᠨ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠠᠵᠢᠯ ‍ᠢ ᠠᠬᠢᠭᠤᠯᠬᠤ ᠬᠤᠷᠠᠯ ‍ᠢ ᠡᠷᠬᠢᠯᠡᠨ  ᠬᠣᠷᠠᠯᠳᠣᠭᠣᠯᠣᠭᠰᠠᠨ ᠪᠠᠶᠢᠨ᠎ᠠ ᠃

   

     ᠬᠤᠷᠠᠯ ᠡᠴᠠ ᠣᠳᠣᠬᠠᠨ ‍ᠤ ᠭᠠᠵᠠᠷ ᠰᠢᠷᠣᠶ ᠶ᠋ᠢ ᠴᠡᠭᠴᠡᠯᠡᠨ ᠵᠠᠰᠠᠬᠤ ᠲᠥᠷᠥᠯ ᠵᠣᠶᠢᠯ ᠪᠠ ᠵᠢᠭᠰᠭᠠᠨ ᠪᠠᠶᠢᠴᠠᠭᠠᠭᠰᠠᠨ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠵᠢ ᠨᠡᠶᠢᠳᠡᠯᠡᠵᠣ ᠂ ᠲᠠᠷᠠᠭᠠᠴᠢ ᠶ᠋ᠢᠨ ᠠᠯᠬᠤᠮ ‍ᠤᠨ ᠠᠵᠢᠯ ᠳ᠋ᠤ ᠲᠣᠬᠢᠷᠠᠭᠣᠯᠣᠯᠳᠠ ᠬᠢᠭᠰᠡᠨ ᠪᠠᠶᠢᠨ᠎ᠠ ᠃ ᠬᠤᠷᠠᠯ ᠡᠴᠠ ᠂ 3 ᠰᠠᠷ᠎ᠠ ᠶ᠋ᠢᠨ ᠬᠣᠭᠣᠴᠠᠭ᠎ᠠ ᠵᠢ ᠠᠰᠢᠭᠯᠠᠨ ᠂ ᠮᠠᠨ ‍ᠤ ᠬᠣᠰᠢᠭᠤᠨ ‍ᠤ ᠭᠠᠵᠠᠷ ᠰᠢᠷᠣᠶ ᠶ᠋ᠢ ᠴᠡᠭᠴᠡᠯᠡᠨ ᠵᠠᠰᠠᠬᠤ ᠲᠥᠷᠥᠯ ᠵᠣᠶᠢᠯ ‍ᠦᠨ ᠠᠰᠠᠭᠤᠳᠠᠯ ‍ᠢ ᠵᠢᠭᠰᠠᠭᠠᠨ ᠪᠠᠶᠢᠴᠠᠭᠠᠭᠰᠠᠨ ᠠᠵᠢᠯ ᠨᠡᠯᠢᠶᠡᠳ ᠲᠦᠷᠭᠡᠨ ᠶᠠᠪᠤᠭᠳᠠᠵᠤ ᠂ ᠡᠯ᠎ᠡ ᠭᠠᠵᠠᠷ ᠣᠷᠣᠨ ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠶᠡᠬᠡ ᠬᠡᠮᠵᠢᠶᠡᠨ ‍ᠦ ᠠᠵᠢᠯ ᠬᠢᠭᠰᠡᠨ ᠪᠠᠶᠢᠨ᠎ᠠ ᠃ ᠭᠡᠪᠡᠴᠦ ᠪᠠᠰᠠ ᠠᠰᠠᠭᠤᠳᠠᠯ ‍ᠢ ᠲᠤᠶᠢᠯᠪᠤᠷᠢᠲᠠᠶ ᠴᠡᠭᠴᠡᠯᠡᠨ ᠰᠠᠶᠢᠵᠢᠷᠠᠭᠤᠯᠤᠭᠰᠠᠨ ᠥᠬᠡᠶ ᠂ ᠪᠠᠶᠢᠭᠤᠯᠵᠤ ᠪᠠᠶᠢᠭ᠎ᠠ ᠲᠥᠷᠥᠯ  ᠵᠣᠶᠢᠯ ‍ᠦᠨ ᠠᠬᠢᠴᠠ ᠤᠳᠠᠭᠠᠨ ᠂ ᠪᠠᠷᠢᠯᠭ᠎ᠠ ᠶ᠋ᠢᠨ ᠬᠠᠮᠢᠶᠠᠷᠤᠯᠲᠠ ᠬᠦᠷᠦᠯᠴᠡᠬᠦ ᠥᠬᠡᠶ ᠵᠡᠷᠭᠡ ᠠᠰᠠᠭᠤᠳᠠᠯ ᠣᠷᠣᠰᠢᠵᠤ ᠪᠣᠢ ᠃ ᠡᠭᠦᠨ ᠳ᠋ᠦ ᠂ ᠡᠯ᠎ᠡ ᠭᠠᠵᠠᠷ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠶ᠋ᠢᠨ ᠡᠷᠴᠢᠮ ‍ᠢᠶ᠋ᠡᠨ ᠴᠢᠩᠭᠠᠷᠠᠭᠤᠯᠵᠤ ᠂ ᠢᠨᠵᠧᠨᠧᠷᠢᠩ ᠤᠨ ᠲᠥᠷᠥᠯ  ᠵᠣᠶᠢᠯ ‍ᠦᠨ  ᠪᠦᠳᠣᠭᠡᠨ ᠪᠠᠶᠢᠭᠣᠯᠣᠯᠳᠠ ᠪᠠ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠠᠵᠢᠯ ‍ᠢ ᠪᠦᠬᠦ ᠬᠦᠴᠦᠨ ‍ᠢᠶ᠋ᠡᠷ ‍ᠢᠶ᠋ᠡᠨ ᠠᠬᠢᠭᠤᠯᠵᠤ ᠂ ᠡᠯ᠎ᠡ  ᠵᠣᠶᠢᠯ ‍ᠦᠨ ᠡᠭᠦᠷᠭᠡ ᠶ᠋ᠢ ᠲᠣᠭᠲᠠᠭᠰᠠᠨ ᠬᠤᠭᠤᠴᠠᠭᠠᠨ ᠳ᠋ᠤ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠶ ᠭᠡᠰᠡᠨ ᠪᠠᠶᠢᠨ᠎ᠠ ᠃

  

    ᠬᠤᠷᠠᠯ ᠡᠴᠠ ᠱᠠᠭᠠᠷᠳᠠᠭᠰᠠᠨ ᠨᠢ ᠂ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ ‍ᠦᠨ ᠬᠢᠨ ᠭᠠᠵᠠᠷ ᠰᠢᠷᠣᠶ ᠶ᠋ᠢ ᠴᠡᠭᠴᠡᠯᠡᠨ ᠵᠠᠰᠠᠬᠤ ᠲᠥᠷᠥᠯ ᠵᠣᠶᠢᠯ  ᠤᠨ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠠᠵᠢᠯ ᠶ᠋ᠢᠨ ᠴᠢᠬᠤᠯᠠ ᠴᠢᠨᠠᠷ ‍ᠢ ᠣᠶᠢᠯᠭᠠᠵᠣ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶ᠋ᠢ   ᠪᠠᠷᠢᠮᠳᠠᠯᠠᠨ ᠂ ᠣᠷᠣᠰᠢᠵᠤ ᠪᠠᠶᠢᠭ᠎ᠠ ᠠᠰᠠᠭᠤᠳᠠᠯ ‍ᠢ ᠭᠦᠨᠵᠡᠭᠡᠶ ᠵᠢᠭᠰᠠᠭᠠᠨ ᠪᠠᠶᠢᠴᠠᠭᠠᠬᠣ ᠬᠡᠷᠡᠭᠲᠡᠶ ︔ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠢᠳᠡᠪᠬᠢᠲᠡᠢ ᠨᠠᠶᠢᠳᠠᠪᠣᠷᠢᠵᠢᠭᠣᠯᠣᠨ ᠂ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠶ᠋ᠢ ᠪᠣᠳᠠᠲᠠᠶ ᠳ᠋ᠤ ᠨᠠᠶᠢᠳᠠᠪᠤᠷᠢᠵᠢᠭᠤᠯᠬᠤ ᠶ᠋ᠢ ᠪᠠᠲᠤᠯᠠᠬᠤ ᠬᠡᠷᠡᠭᠲᠡᠶ ︔ ᠰᠠᠨᠠᠭᠠᠴᠢᠯᠠᠭᠠᠲᠤ ᠴᠢᠨᠠᠷ ᠢᠶᠡᠨ  ᠭᠦᠢᠴᠡᠳ ᠪᠠᠳᠠᠷᠠᠭᠤᠯᠵᠤ ᠂ ᠬᠣᠰᠢᠭᠤᠨ ‍ᠤ ᠪᠠᠶᠢᠭᠠᠯᠢ ᠶ᠋ᠢᠨ ᠡᠬᠢ ᠪᠠᠶᠠᠯᠢᠭ ‍ᠤᠨ ᠲᠣᠪᠴᠢᠶ᠎ᠠ ᠲᠣᠯᠣᠭᠠᠶᠢᠯᠠᠨ ᠂ ᠡᠯ᠎ᠡ  ᠡᠳᠡᠭᠡᠳ ᠤᠨ ᠰᠠᠨᠠᠯ ‍ᠢ ᠬᠤᠷᠢᠶᠠᠵᠤ ᠂ ᠤᠷᠲᠤ ᠬᠤᠭᠤᠴᠠᠭᠠᠨ ‍ᠤ ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠶ᠋ᠢᠨ ᠲᠣᠭᠲᠠᠴᠠ ᠶ᠋ᠢ ᠰᠤᠳᠤᠯᠤᠨ ᠲᠣᠭᠲᠠᠭᠠᠵᠤ ᠂ ᠢᠨᠵᠧᠨᠧᠷᠢᠩ ᠤᠨ ᠲᠥᠷᠥᠯ  ᠵᠣᠶᠢᠯ  ‍ᠦᠨ ᠤᠷᠲᠤ ᠬᠤᠭᠤᠴᠠᠭ᠎ᠠ ᠪᠠᠷ  ᠦᠢᠯᠡᠳᠥᠯ  ‍ᠢᠶ᠋ᠡᠨ ᠪᠠᠳᠠᠷᠠᠭᠤᠯᠬᠤ ᠶ᠋ᠢ ᠪᠠᠲᠤᠯᠠᠬᠤ ᠬᠡᠷᠡᠭᠲᠡᠶ ᠃ ᠡᠯ᠎ᠡ ᠪᠠᠷᠢᠯᠭ᠎ᠠ ᠪᠠᠷᠢᠬᠤ ᠨᠢᠭᠡᠴᠡ ᠴᠠᠭ ᠬᠤᠭᠤᠴᠠᠭ᠎ᠠ ᠶ᠋ᠢ ᠠᠳᠬᠤᠨ ᠂ ᠪᠠᠶᠢᠭᠤᠯᠵᠤ ᠪᠠᠶᠢᠭ᠎ᠠ ᠪᠠᠷᠢᠯᠭ᠎ᠠ ᠶ᠋ᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ︔ ᠡᠭᠦᠨ ‍ᠦ ᠳ᠋ᠦ ᠬᠠᠮᠲᠤ ᠬᠤᠳᠳᠤᠭ ‍ᠤᠨ ᠭᠡᠷ ᠂ ᠴᠠᠬᠢᠯᠭᠠᠨ ᠲᠣᠤᠷ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶ᠋ᠢᠨ ᠬᠠᠮᠠᠭᠠᠯᠠᠯᠲᠠ ᠶ᠋ᠢ ᠰᠠᠶᠢᠲᠤᠷ ᠬᠢᠵᠦ ᠂ ᠪᠠᠷᠢᠯᠭ᠎ᠠ ᠶ᠋ᠢᠨ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶ᠋ᠢ ᠳᠠᠭᠠᠭᠠᠵᠤ ᠳᠡᠶᠢᠯᠬᠦ ᠶ᠋ᠢ ᠦᠨᠡᠬᠦ ᠪᠠᠲᠤᠯᠠᠬᠤ ᠬᠡᠷᠡᠭᠲᠡᠶ ᠃ ᠡᠯ᠎ᠡ ᠬᠢᠨᠠᠨ ᠬᠠᠮᠢᠶᠠᠷᠬᠤ ᠨᠢᠭᠡᠴᠡ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠶ  ᠭᠦᠢᠴᠡᠳᠭᠡᠵᠦ ᠂ ᠪᠠᠷᠢᠯᠭ᠎ᠠ ᠪᠠᠷᠢᠬᠤ ᠳᠡᠰ ᠳᠠᠷᠠᠭᠠᠯᠠᠯ ᠂ ᠪᠠᠷᠢᠯᠭ᠎ᠠ ᠪᠠᠷᠢᠬᠤ ᠳ᠋ᠤ ᠬᠡᠷᠡᠭᠯᠡᠬᠦ ᠮᠠᠲ᠋ᠧᠷᠢᠶᠠᠯ ᠵᠡᠷᠭᠡ ᠵᠠᠩᠭᠢᠯᠠᠭ᠎ᠠ ᠶ᠋ᠢᠨ ᠭᠣᠭᠴᠣᠭ᠎ᠠ ᠶ᠋ᠢ ᠴᠢᠩᠭ᠎ᠠ ᠠᠳᠬᠤᠵᠤ ᠂ ᠪᠠᠷᠢᠯᠭ᠎ᠠ ᠶ᠋ᠢᠨ ᠶᠠᠰᠤ ᠴᠢᠨᠠᠷ ‍ᠢ ᠪᠠᠲᠤᠯᠠᠬᠤ ᠬᠡᠷᠡᠭᠲᠡᠶ ᠭᠡᠰᠡᠨ ᠪᠠᠶᠢᠨ᠎ᠠ ᠃

  

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ