ᠵᠠᠩ ᠬᠤᠸᠠ ᠳ᠋ᠦᠩ ᠮᠢᠩ ᠪᠠᠯᠭᠠᠰᠤᠨ ᠳ᠋ᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 2253     ᠨᠡᠶᠢᠳᠡᠯᠡᠭᠰᠡᠨ ᠴᠠᠭ ᠄ 2019/10/11 9:24:57

    10 ᠳ᠋ᠣᠭᠠᠷ ᠰᠠᠷ᠎ᠠ ᠶ᠋ᠢᠨ 8 ‍ᠦ ᠡᠳᠦᠷ ᠂ ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠳᠤᠭᠤᠶᠢᠯᠠᠩ ᠲᠠᠶᠢᠴᠢᠯᠠᠨ ᠳ᠋ᠦᠩ ᠮᠢᠩ ᠪᠠᠯᠭᠠᠰᠤᠨ ᠳ᠋ᠤ ᠭᠦᠨᠵᠡᠭᠡᠶᠢᠷᠡᠵᠣ ᠂ 《 ᠤᠭ ᠰᠠᠨᠠᠭ᠎ᠠ ᠪᠠᠨ ᠥᠯᠥ ᠮᠠᠷᠳᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ  ᠰᠣᠷᠭᠠᠨ ᠬᠥᠮᠦᠵᠢᠯ ᠂ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠪᠠᠶᠢᠭᠤᠯᠤᠯᠲᠠ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ ᠠᠮᠢ ᠠᠬᠤᠢ ᠶ᠋ᠢᠨ ᠪᠣᠯᠪᠠᠰᠤᠨ ‍ᠤ ᠪᠠᠶᠢᠭᠤᠯᠤᠯᠲᠠ ᠂ ᠭᠠᠵᠠᠷ ᠰᠢᠷᠣᠶ ᠤ ᠥᠭᠡᠷᠡᠴᠢᠯᠡᠯᠲᠡ ᠶ᠋ᠢ ᠭᠦᠨᠵᠡᠭᠡᠶᠢᠷᠡᠭᠦᠯᠬᠦ ᠵᠡᠷᠭᠡ ᠭᠣᠤᠯᠳᠠᠯᠭ᠎ᠠ ᠲᠠᠶ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ ᠪᠠᠶᠢᠨ᠎ᠠ ᠃

 

     ᠵᠠᠩ ᠬᠤᠸᠠ ᠨᠠᠷ ᠤᠷᠢᠳ ᠬᠣᠵᠢᠳ ᠢᠩᠳᠣᠣᠷ ᠲᠣᠰᠬᠣᠨ ‍ᠤ ᠡᠮ ‍ᠦᠨ ᠮᠠᠲ᠋ᠧᠷᠢᠶᠠᠯ ‍ᠤᠨ ᠰᠠᠭᠤᠷᠢᠨ ᠭᠠᠵᠠᠷ ᠂ ᠲᠠᠮᠬᠢ ᠶ᠋ᠢᠨ ᠲᠥᠩ ᠲᠣᠰᠬᠣᠨ ‍ᠤ ᠨᠦᠬᠡᠴᠡᠯᠡᠬᠦ ᠬᠥᠮᠥᠷᠭᠡ ᠂ ᠳ᠋ᠠᠶ ᠲᠦᠩ ᠲᠣᠰᠬᠣᠨ ‍ᠤ ᠡᠮ ‍ᠦᠨ ᠮᠠᠲ᠋ᠧᠷᠢᠶᠠᠯ ‍ᠢ ᠬᠠᠳᠠᠭᠠᠬᠣ ᠭᠡᠷ ᠂ ᠳ᠋ᠦᠩ ᠮᠢᠩ ᠲᠣᠰᠬᠣᠨ ‍ᠤ ᠭᠠᠵᠠᠷ ᠰᠢᠷᠣᠶ  ᠪᠠᠨ ᠡᠷᠴᠢᠮᠵᠢᠭᠦᠯᠦᠨ ᠰᠢᠯᠵᠢᠬᠦᠯᠬᠦ ᠂ ᠭᠠᠴᠠᠭ᠎ᠠ ᠳ᠋ᠢᠶᠠᠨᠽᠢ ᠲᠣᠰᠬᠣᠨ ‍ᠤ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠰᠠᠭᠤᠷᠢᠨ ᠭᠠᠵᠠᠷ ᠂ ᠲᠡᠭᠡᠷ᠎ᠡ ᠨᠠᠢᠮᠠᠨ ᠲᠣᠰᠬᠣᠨ ‍ᠤ ᠦᠷ᠎ᠡ ᠦᠭᠡᠢ ᠲᠠᠷᠪᠤᠰ ‍ᠤᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠵᠡᠷᠭᠡ ᠲᠥᠷᠥᠯ  ᠵᠦᠢᠯ ‍ᠢ ᠪᠠᠶᠢᠴᠠᠭᠠᠨ ᠦᠵᠡᠵᠦ ᠂ ᠤᠨᠢᠨ ᠳᠡᠭᠡᠷ᠎ᠡ ᠨᠢ ᠶᠠᠳᠠᠭᠤ ᠶ᠋ᠢ ᠲᠡᠳᠬᠦᠬᠦ ᠲᠥᠷᠥᠯ   ᠵᠦᠢᠯ ‍ᠦᠨ ᠬᠡᠷᠡᠭᠵᠢᠭᠦᠯᠦᠯᠲᠡ ᠶ᠋ᠢᠨ ᠠᠬᠢᠴᠠ ᠂ ᠣᠨᠴᠠᠯᠢᠭᠲᠤ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠬᠥᠮᠦᠨ ᠠᠮᠠ ᠶ᠋ᠢ ᠲᠠᠶᠢᠴᠢᠯᠠᠭᠰᠠᠨ ᠵᠡᠷᠭᠡ ᠪᠠᠶᠢᠳᠠᠯ ‍ᠢ ᠨᠠᠷᠢᠨ ᠠᠰᠠᠭᠤᠨ ᠣᠶᠢᠯᠠᠭᠠᠵᠤ ᠂ ᠦᠨᠳᠦᠰᠦᠨ ᠱᠠᠲᠤᠨ ‍ᠤ ᠡᠮᠦᠨ᠎ᠡ ᠹᠷᠣᠨᠲ ‍ᠤᠨ ᠺᠠᠳ᠋ᠷ ᠲᠠᠶ ᠤᠨᠢᠨ ᠳᠡᠭᠡᠷ᠎ᠡ ᠨᠢ ᠶᠠᠳᠠᠭᠤ ᠶ᠋ᠢ ᠲᠡᠳᠬᠦᠬᠦ ᠠᠷᠭ᠎ᠠ ᠪᠣᠳᠣᠯᠭ᠎ᠠ ᠶ᠋ᠢ ᠵᠥᠪᠳᠡᠯᠴᠡᠨ ᠂ ᠶᠠᠳᠠᠭᠤ ᠡᠴᠠ ᠠᠩᠭᠢᠵᠢᠷᠠᠭᠤᠯᠬᠤ ᠬᠥᠭᠵᠢᠯᠲᠡ ᠶ᠋ᠢᠨ ᠵᠠᠮ ‍ᠢ ᠬᠠᠮᠲᠤᠪᠠᠷ ᠰᠦᠪᠡᠭᠴᠢᠯᠡᠵᠦ ᠂ ᠬᠥᠳᠡᠭᠡ ᠲᠣᠰᠬᠣᠨ ‍ᠢ ᠬᠥᠭᠵᠢᠭᠦᠯᠦᠨ ᠮᠠᠨᠳᠤᠭᠤᠯᠬᠤ ᠠᠷᠭ᠎ᠠ ᠬᠡᠮᠵᠢᠶ᠎ᠡ ᠶ᠋ᠢ ᠬᠠᠮᠲᠤᠪᠠᠷ ᠶᠠᠷᠢᠯᠴᠠᠭᠰᠠᠨ ᠪᠠᠶᠢᠨ᠎ᠠ ᠃

 

     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳ᠋ᠤ ᠂ ᠪᠠᠯᠭᠠᠰᠣ ᠲᠣᠰᠬᠣᠨ ‍ᠤ ᠺᠠᠳ᠋ᠷ ‍ᠤᠨ ᠪᠠᠶᠢᠴᠠᠭᠠᠨ ᠰᠤᠳᠤᠯᠤᠯᠲᠠ ᠤᠨ ᠰᠠᠭᠣᠳᠠᠯ ᠤᠨ ᠬᠤᠷᠠᠯ ‍ᠢ ᠬᠣᠷᠠᠯᠳᠣᠭᠣᠯᠵᠣ ᠂ ᠵᠠᠩ ᠬᠤᠸᠠ ᠴᠢᠩᠭᠠᠳᠬᠠᠭᠰᠠᠨ ᠨᠢ ᠂ ᠤᠭ ᠰᠠᠨᠠᠭ᠎ᠠ ᠪᠠᠨ ᠦᠯᠦ ᠮᠠᠷᠳᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠦᠵᠡᠯ ᠰᠠᠨᠠᠭ᠎ᠠ ᠪᠠᠨ ᠴᠢᠯᠥᠭᠡᠯᠡᠨ ᠂ ᠰᠠᠨᠠᠭᠠᠴᠢᠯᠠᠭ᠎ᠠ ᠡᠴᠠ ᠪᠠᠨ ᠠᠵᠢᠯᠯᠠᠵᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠢ ᠪᠦᠬᠦ ᠬᠦᠴᠦᠨ ‍ᠢᠶ᠋ᠡᠷ ‍ᠢᠶ᠋ᠡᠨ ᠰᠠᠶᠢᠲᠤᠷ ᠬᠢᠵᠦ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠪᠣᠯᠤᠨ ᠬᠥᠳᠡᠭᠡ ᠲᠣᠰᠬᠣᠨ ‍ᠢ ᠬᠥᠭᠵᠢᠭᠦᠯᠦᠨ ᠮᠠᠨᠳᠤᠭᠤᠯᠬᠤ ᠶ᠋ᠢ ᠪᠦᠲᠦᠮᠵᠢᠲᠡᠶ ᠵᠣᠯᠭᠠᠭᠤᠯᠬᠤ ᠶ᠋ᠢ ᠪᠦᠬᠦ ᠬᠦᠴᠦᠨ ‍ᠢᠶ᠋ᠡᠷ ‍ᠢᠶ᠋ᠡᠨ ᠰᠠᠶᠢᠲᠤᠷ ᠠᠳᠬᠤᠵᠤ ᠂ ᠠᠷᠠᠳ ᠣᠯᠠᠨ ᠳ᠋ᠤ ᠨᠠᠩ ᠪᠣᠳᠠᠲᠠᠶ ᠥᠭᠡᠷᠡᠴᠢᠯᠡᠯᠲᠡ ᠬᠥᠭᠵᠢᠯᠲᠡ ᠶ᠋ᠢᠨ ᠦᠷ᠎ᠡ ᠪᠦᠲᠦᠭᠡᠯ ‍ᠢ ᠬᠦᠷᠲᠡᠭᠡᠬᠦ ᠬᠡᠷᠡᠭᠲᠡᠶ ᠭᠡᠵᠡᠢ ᠃

  

      ᠵᠠᠩ ᠬᠤᠸᠠ ᠴᠢᠩᠭᠠᠳᠬᠠᠭᠰᠠᠨ ᠨᠢ ᠂ 《 ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠯᠠᠪᠳᠠᠭᠤᠨ ᠪᠠᠲᠤᠲᠠᠶ ᠥᠷᠨᠢᠭᠦᠯᠵᠦ ᠂ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠂ ᠬᠣᠲᠠ ᠶ᠋ᠢᠨ ᠨᠠᠮ ‍ᠤᠨ ᠬᠣᠷᠢᠶ᠎ᠠ ᠪᠠ ᠬᠣᠰᠢᠭᠣᠨ ᠤ ᠨᠠᠮ ‍ᠤᠨ ᠬᠣᠷᠢᠶ᠎ᠠ ᠶ᠋ᠢᠨ ᠲᠣᠬᠢᠷᠠᠭᠣᠯᠣᠯᠳᠠ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠨᠠᠶᠢᠳᠠᠪᠣᠷᠢᠵᠢᠭᠣᠯᠵᠣ ᠂ ᠤᠨᠤᠯ  ᠤᠨ ᠰᠤᠷᠤᠯᠴᠠᠯᠭ᠎ᠠ ᠂ ᠪᠠᠶᠢᠴᠠᠭᠠᠨ ᠰᠤᠳᠤᠯᠤᠯᠲᠠ ᠂ ᠠᠰᠠᠭᠤᠳᠠᠯ ‍ᠢ ᠪᠠᠶᠢᠴᠠᠭᠠᠨ ᠦᠵᠡᠬᠦ ᠂ ᠴᠡᠭᠴᠡᠯᠡᠨ  ᠰᠠᠶᠢᠵᠢᠷᠠᠭᠣᠯᠬᠣ ᠵᠢ ᠨᠠᠶᠢᠳᠠᠪᠣᠷᠢᠵᠢᠭᠣᠯᠵᠣ ᠂ ᠭᠣᠤᠯ ᠰᠡᠳᠦᠪᠲᠦ ᠬᠥᠮᠦᠵᠢᠯ ‍ᠦᠨ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶ᠋ᠢ ᠪᠠᠲᠤᠯᠠᠬᠤ ᠬᠡᠷᠡᠭᠲᠡᠶ ᠃ ᠨᠠᠮ ‍ᠤᠨ ᠳᠦᠷᠢᠮ ᠤᠨ ᠤᠬᠠᠮᠰᠠᠷ ᠂ ᠰᠠᠬᠢᠯᠭ᠎ᠠ ᠪᠠᠲᠤ ᠶ᠋ᠢᠨ ᠤᠬᠠᠮᠰᠠᠷ ᠪᠠ ᠶᠣᠰᠣ ᠳᠦᠷᠢᠮ ᠤᠨ ᠤᠬᠠᠮᠰᠠᠷ ‍ᠢ ᠪᠠᠲᠤ ᠪᠡᠬᠢ ᠪᠤᠢ ᠪᠣᠯᠭᠠᠵᠤ ᠂ ᠦᠨᠡᠨ ᠪᠣᠳᠠᠲᠠᠶ ᠠᠵᠢᠯᠯᠠᠨ ᠂ ᠤᠬᠠᠮᠰᠠᠷ ᠡᠴᠠ ᠪᠠᠨ ᠳᠦᠷᠢᠮ ᠲᠣᠭᠲᠠᠭᠠᠯ ‍ᠢ ᠵᠢᠷᠤᠮᠯᠠᠨ ᠰᠠᠬᠢᠵᠤ ᠂ ᠬᠡᠪ ᠪᠣᠯᠪᠠᠰᠤᠷᠠᠯ ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠰᠠᠭᠤᠳᠠᠯ ‍ᠢ  ᠰᠢᠢᠳᠪᠣᠷᠢᠯᠡᠬᠦ  ᠴᠢᠳᠠᠪᠤᠷᠢ ᠪᠠ ᠬᠢᠷᠢ ᠲᠦᠪᠰᠢᠨ ‍ᠢᠶ᠋ᠡᠨ ᠳᠡᠭᠡᠭᠰᠢᠯᠡᠭᠦᠯᠬᠦ ᠬᠡᠷᠡᠭᠲᠡᠶ ᠭᠡᠰᠡᠨ ᠪᠠᠶᠢᠨ᠎ᠠ ᠃
      ᠵᠠᠩ ᠬᠤᠸᠠ ᠴᠢᠩᠭᠠᠳᠬᠠᠭᠰᠠᠨ ᠨᠢ ᠂ ᠭᠣᠤᠯ ᠰᠡᠳᠦᠪᠲᠦ ᠬᠥᠮᠦᠵᠢᠯ ‍ᠢ ᠥᠷᠨᠢᠭᠦᠯᠬᠦ ᠶ᠋ᠢ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠴᠣᠭᠴᠠᠯᠠᠯᠲᠠ ᠂ ᠶᠠᠳᠠᠭᠤ ᠡᠴᠠ  ᠠᠩᠭᠢᠵᠢᠷᠠᠭᠣᠯᠣᠨ ᠪᠣᠭᠣᠮᠲᠠ ᠰᠢᠪᠲᠤᠯᠬᠤ ᠂ ᠠᠮᠢ ᠠᠬᠤᠢ ᠶ᠋ᠢᠨ ᠪᠣᠯᠪᠠᠰᠤᠨ ‍ᠤ ᠪᠠᠶᠢᠭᠣᠯᠣᠯᠳᠠ ᠵᠡᠷᠭᠡ ᠣᠳᠣᠬᠠᠨ ‍ᠤ ᠭᠣᠤᠯᠳᠠᠯᠭ᠎ᠠ ᠲᠠᠶ ᠠᠵᠢᠯ ᠲᠠᠶ ᠨᠢᠭᠲᠠ ᠤᠶᠠᠯᠳᠤᠭᠤᠯᠵᠤ ᠂ ᠬᠦᠴᠢᠷ ‍ᠢ ᠲᠤᠭᠤᠯᠤᠨ ᠪᠡᠷᠬᠡ ᠶ᠋ᠢ ᠳᠠᠪᠠᠬᠤ ᠂ ᠠᠵᠢᠯ ᠬᠢᠵᠦ  ᠦᠢᠯᠡᠰ  ᠪᠣᠰᠬᠠᠬᠤ ᠪᠣᠳᠠᠲᠠᠶ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠶ ᠃ ᠨᠢᠭᠡ ᠳ᠋ᠦ ᠂ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠪᠠᠶᠢᠭᠤᠯᠤᠯᠲᠠ ᠲᠡᠢ ᠨᠢᠭᠲᠠ ᠤᠶᠠᠯᠳᠤᠭᠤᠯᠬᠤ ᠬᠡᠷᠡᠭᠲᠡᠶ ᠃ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠂ ᠬᠣᠲᠠ ᠶ᠋ᠢᠨ ᠨᠠᠮ ‍ᠤᠨ ᠬᠣᠷᠢᠶ᠎ᠠ ᠶ᠋ᠢᠨ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢ ᠲᠥᠪᠯᠡᠷᠡᠭᠦᠯᠦᠨ ᠴᠡᠭᠴᠡᠯᠡᠬᠦ ᠲᠤᠬᠠᠢ ᠲᠣᠬᠢᠷᠠᠭᠣᠯᠣᠯᠳᠠ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠨᠠᠶᠢᠳᠠᠪᠣᠷᠢᠵᠢᠭᠣᠯᠵᠣ ᠂ 《 ᠭᠤᠷᠪᠠᠨ ᠲᠥᠷᠥᠯ ‍ᠤᠨ ᠠᠰᠠᠭᠤᠳᠠᠯ 》 ‍ᠢ ᠲᠤᠢᠯᠪᠤᠷᠢᠲᠠᠢ ᠪᠠᠶᠢᠴᠠᠭᠠᠨ ᠥᠭᠡᠷᠡᠴᠢᠯᠡᠵᠦ ᠂ ᠲᠤᠰᠬᠠᠢ ᠲᠥᠷᠥᠯ ‍ᠢᠶ᠋ᠡᠷ ᠴᠡᠭᠴᠡᠯᠡᠨ ᠵᠠᠰᠠᠬᠤ ᠡᠭᠦᠷᠭᠡ ᠪᠡᠨ ᠪᠡᠶᠡᠯᠡᠭᠦᠯᠬᠦ ᠶ᠋ᠢ ᠪᠠᠳᠣᠯᠠᠬᠣ ᠬᠡᠷᠡᠭᠲᠡᠢ ᠃ ᠬᠣᠶᠠᠷ  ᠲᠦ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠲᠠᠶ ᠨᠢᠭᠲᠠ ᠣᠶᠠᠯᠳᠣᠭᠣᠯᠬᠣ ᠬᠡᠷᠡᠭᠲᠡᠢ ᠃ ᠦᠵᠡᠯ ᠰᠠᠨᠠᠭ᠎ᠠ ᠤᠯᠤᠰ ᠲᠥᠷᠥ ᠶ᠋ᠢᠨ ᠠᠵᠢᠯ ᠪᠠ ᠲᠥᠷᠥ ᠶ᠋ᠢᠨ ᠪᠣᠳᠣᠯᠭ᠎ᠠ ᠶ᠋ᠢ ᠤᠬᠠᠭᠤᠯᠤᠨ ᠲᠠᠶᠢᠯᠪᠤᠷᠢᠯᠠᠬᠤ ᠠᠵᠢᠯ ‍ᠢ ᠢᠯᠡᠭᠦᠬᠡᠨ ᠬᠢᠵᠦ ᠂ ᠥᠷᠭᠡᠨ ᠣᠯᠠᠨ ᠠᠷᠠᠳ ᠲᠦᠮᠡᠨ ‍ᠦ ᠶᠠᠳᠠᠭᠤ ᠶ᠋ᠢ ᠲᠡᠳᠬᠦᠬᠦ ᠠᠵᠢᠯ ‍ᠤᠨ ᠲᠤᠬᠠᠶ ᠣᠶᠢᠯᠠᠭᠠᠯᠲᠠ ᠪᠠ ᠳᠡᠮᠵᠢᠯᠭᠡ ᠶ᠋ᠢ ᠴᠢᠷᠮᠠᠶᠢᠨ ᠣᠯᠵᠤ ᠂ ᠣᠯᠠᠨ ᠲᠦᠮᠡᠨ ‍ᠦ ᠬᠠᠨᠤᠮᠵᠢ ᠶ᠋ᠢᠨ ᠬᠡᠮᠵᠢᠶ᠎ᠡ ᠶ᠋ᠢ ᠳᠡᠭᠡᠭᠰᠢᠯᠡᠭᠦᠯᠬᠦ ᠬᠡᠷᠡᠭᠲᠡᠶ ᠃ ᠺᠠᠷᠲ ᠵᠣᠬᠢᠶᠠᠨ ᠲᠠᠩᠰᠠ ᠪᠠᠶᠢᠭᠣᠯᠣᠭᠰᠠᠨ ᠶᠠᠳᠠᠭᠤ ᠬᠦᠴᠢᠷᠳᠡᠯᠲᠡᠶ ᠡᠷᠦᠬᠡ ᠪᠣᠯᠤᠨ ᠳᠠᠬᠢᠨ ᠶᠠᠳᠠᠭᠤᠷᠠᠭᠰᠠᠨ ᠡᠷᠦᠬᠡ ᠪᠡᠷ ᠭᠣᠤᠯᠳᠠᠯᠭ᠎ᠠ ᠪᠣᠯᠭᠠᠵᠤ ᠂ ᠶᠠᠳᠠᠭᠤ ᠡᠴᠠ  ᠠᠩᠭᠢᠵᠢᠷᠣᠭᠣᠯᠣᠨ ᠪᠣᠭᠣᠮᠲᠠ ᠰᠢᠪᠲᠤᠯᠬᠤ ᠶ᠋ᠢ ᠪᠡᠬᠢᠵᠢᠭᠦᠯᠦᠨ ᠳᠡᠭᠡᠭᠰᠢᠯᠡᠭᠦᠯᠬᠦ ᠲᠥᠰᠦᠯ ‍ᠢ ᠪᠠᠶᠢᠴᠠᠭᠠᠨ ᠰᠤᠳᠤᠯᠵᠤ ᠂ ᠶᠠᠳᠠᠭᠤ ᠬᠦᠴᠢᠷᠳᠡᠯᠲᠡᠶ ᠣᠯᠠᠨ ᠲᠦᠮᠡᠨ ‍ᠦ ᠦᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠵᠦ ᠲᠣᠭᠲᠠᠭᠤᠨ ᠢᠶᠠᠷ ᠶᠠᠳᠠᠭᠤ ᠡᠴᠠ ᠠᠩᠭᠢᠵᠢᠷᠠᠬᠤ ᠳ᠋ᠤ ᠳᠠᠬᠢᠨ ᠶᠠᠳᠠᠭᠤᠷᠠᠬᠤ ᠦᠭᠡᠢ ᠪᠠᠶᠢᠬᠤ ᠶ᠋ᠢ ᠪᠠᠲᠤᠯᠠᠬᠤ ᠬᠡᠷᠡᠭᠲᠡᠶ ᠃ ᠭᠣᠷᠪᠠ ᠲᠦ ᠂ ᠠᠮᠢ ᠠᠬᠤᠢ ᠶ᠋ᠢᠨ ᠪᠣᠯᠪᠠᠰᠤᠨ ‍ᠤ ᠪᠠᠶᠢᠭᠤᠯᠤᠯᠲᠠ ᠲᠡᠢ ᠨᠢᠭᠲᠠ ᠣᠶᠠᠯᠳᠣᠭᠣᠯᠬᠣ ᠬᠡᠷᠡᠭᠲᠡᠢ ᠃ ᠣᠶᠢᠵᠢᠭᠣᠯᠣᠭ᠎ᠠ ᠦᠭᠡᠢ ᠣᠶᠢᠲᠤ ᠭᠠᠵᠠᠷ ‍ᠢ ᠰᠡᠷᠭᠦᠭᠡᠨ ᠣᠶᠢᠵᠢᠭᠤᠯᠬᠤ ᠱᠠᠭᠠᠷᠳᠠᠯᠭ᠎ᠠ ᠶ᠋ᠢ ᠴᠢᠩᠭ᠎ᠠ ᠨᠠᠶᠢᠳᠠᠪᠣᠷᠢᠵᠢᠭᠣᠯᠵᠣ ᠂ ᠵᠢᠮᠢᠰ ‍ᠦᠨ ᠮᠣᠳᠣᠨ ‍ᠤ ᠠᠵᠤ ᠠᠬᠤᠢ ᠶ᠋ᠢᠨ ᠣᠢ ᠰᠢᠭᠤᠶ ᠶ᠋ᠢᠨ ᠬᠣᠷᠰᠢᠶᠠᠵᠢᠯ ‍ᠢ ᠬᠦᠭᠵᠢᠭᠦᠯᠦᠨ ᠂ ᠠᠮᠢ ᠠᠬᠤᠢ ᠶ᠋ᠢᠨ ᠦᠷ᠎ᠡ ᠠᠰᠢᠭ ᠂ ᠠᠵᠤ ᠠᠬᠤᠢ ᠶ᠋ᠢᠨ ᠦᠷ᠎ᠡ ᠠᠰᠢᠭ ‍ᠢ ᠨᠢᠭᠡ ᠴᠣᠭᠴᠠᠵᠢᠭᠤᠯᠤᠭᠰᠠᠨ ᠵᠠᠮ ᠢᠶᠠᠷ ᠵᠠᠮᠨᠠᠬᠤ ᠬᠡᠷᠡᠭᠲᠡᠶ ᠃ ᠬᠠᠷᠠᠯᠲᠠ ᠬᠠᠷᠢᠭᠤᠴᠠᠯᠭ᠎ᠠ ᠶ᠋ᠢᠨ ᠳᠦᠷᠢᠮ ‍ᠢ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ‍ᠢ ᠴᠡᠭᠴᠡᠯᠡᠨ  ᠰᠠᠶᠢᠵᠢᠷᠠᠭᠣᠯᠵᠣ ᠂ ᠡᠯ᠎ᠡ ᠱᠠᠲᠤᠨ ‍ᠤ ᠬᠠᠷᠢᠭᠤᠴᠠᠯᠭ᠎ᠠ ᠶ᠋ᠢ ᠪᠣᠳᠠᠳᠠᠶᠢᠵᠢᠭᠣᠯᠣᠨ ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠣᠳᠠᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ