ᠵᠠᠩ ᠬᠤᠸᠠ ᠬᠣᠰᠢᠭᠤᠨ ‍ᠤ ᠵᠠᠰᠠᠭ ᠤᠨ ᠶᠠᠪᠤᠳᠠᠯ ‍ᠤᠨ ᠦᠢᠯᠡᠴᠢᠯᠡᠭᠡᠨ ‍ᠦ ᠲᠥᠪ ᠲᠦ ᠭᠦᠨᠵᠡᠭᠡᠶᠢᠷᠡᠨ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 2134     ᠨᠡᠶᠢᠳᠡᠯᠡᠭᠰᠡᠨ ᠴᠠᠭ ᠄ 2019/10/12 11:00:24

     10 ᠰᠠᠷ᠎ᠠ ᠶ᠋ᠢᠨ 9 ‍ᠦ ᠡᠳᠦᠷ ᠂  ᠬᠣᠰᠢᠭᠣᠨ  ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠨᠠᠷ ᠬᠣᠰᠢᠭᠤᠨ ‍ᠤ ᠵᠠᠰᠠᠭ ᠤᠨ ᠶᠠᠪᠤᠳᠠᠯ ‍ᠤᠨ  ᠦᠢᠯᠡᠴᠢᠯᠡᠭᠡᠨ  ‍ᠦ ᠲᠥᠪ ᠲᠦ ᠭᠦᠨᠵᠡᠭᠡᠶᠢᠷᠡᠨ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠪᠠᠶᠢᠴᠠᠭᠠᠨ ᠰᠣᠳᠣᠯᠣᠯᠳᠠ ᠬᠢᠬᠦ ᠶ᠋ᠢᠨ ᠬᠠᠮᠲᠤ ᠰᠠᠭᠣᠳᠠᠯ ᠤᠨ ᠬᠤᠷᠠᠯ  ᠬᠣᠷᠠᠯᠳᠣᠭᠣᠯᠣᠭᠰᠠᠨ ᠪᠠᠶᠢᠨ᠎ᠠ ᠃

  

     ᠬᠣᠰᠢᠭᠤᠨ ‍ᠤ ᠵᠠᠰᠠᠭ ᠤᠨ ᠶᠠᠪᠤᠳᠠᠯ ‍ᠤᠨ ᠦᠢᠯᠡᠴᠢᠯᠡᠭᠡᠨ  ‍ᠦ ᠲᠥᠪ ‍ᠦᠨ ᠶᠡᠬᠡ ᠲᠢᠩᠬᠢᠮ ᠳ᠋ᠦ ᠂ ᠵᠠᠩ ᠬᠤᠸᠠ ᠨᠠᠷ ᠤᠷᠢᠳ ᠬᠣᠵᠢᠳ ᠵᠠᠬ᠎ᠠ ᠳᠡᠯᠭᠡᠭᠦᠷ ᠳ᠋ᠥ ᠬᠢᠨᠠᠯᠲᠠ ᠲᠠᠯᠪᠢᠬᠤ ᠲᠣᠪᠴᠢᠶ᠎ᠠ ᠂ ᠠᠮᠢ ᠠᠬᠤᠶ ᠣᠷᠴᠢᠨ ᠲᠣᠭᠣᠷᠢᠨ ‍ᠤ ᠲᠣᠪᠴᠢᠶ᠎ᠠ ᠵᠡᠷᠭᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ‍ᠦᠨ ᠠᠵᠢᠯ  ᠭᠦᠢᠴᠡᠳᠭᠡᠬᠦ  ᠴᠣᠩᠬᠣᠨ ᠳ᠋ᠤ ᠬᠦᠷᠴᠦ ᠂  ᠠᠵᠢᠯᠯᠠᠬᠣ ᠶᠠᠪᠤᠴᠠ ᠂ ᠬᠢᠨᠠᠨ ᠵᠥᠪᠰᠢᠶᠡᠷᠡᠬᠦ ᠶᠠᠪᠣᠴᠠ ᠂ ᠴᠢᠬᠤᠯᠠ ᠨᠥᠬᠥᠴᠡᠯ ‍ᠦᠨ ᠲᠣᠭ᠎ᠠ ᠬᠡᠮᠵᠢᠶ᠎ᠡ ᠂  ᠭᠦᠢᠴᠡᠳᠭᠡᠬᠦ  ᠴᠠᠭ ᠤᠨ ᠬᠢᠵᠠᠭᠠᠷ ᠵᠡᠷᠭᠡ ᠪᠠᠶᠢᠳᠠᠯ ‍ᠢ ᠨᠠᠷᠢᠨ ᠠᠰᠠᠭᠤᠨ ᠯᠠᠪᠯᠠᠬᠤ ᠶ᠋ᠢᠨ ᠬᠠᠮᠲᠤ ᠂ ᠠᠵᠢᠯ ᠶᠠᠪᠤᠳᠠᠯ ᠬᠢᠬᠦ ᠪᠡᠷ ᠢᠷᠡᠭᠰᠡᠨ ᠣᠯᠠᠨ ᠲᠦᠮᠡᠨ ᠲᠡᠶ ᠳᠣᠲᠣᠨᠣ ᠪᠠᠷ ᠶᠠᠷᠢᠯᠴᠠᠵᠤ ᠂ ᠴᠣᠩᠬᠣᠨ ‍ᠤ ᠠᠵᠢᠯ ᠶ᠋ᠢᠨ ᠦᠷ᠎ᠡ ᠪᠦᠲᠦᠮᠵᠢ ᠂  ᠦᠢᠯᠡᠴᠢᠯᠡᠬᠦ ᠡᠣᠪᠣᠷ ᠵᠡᠷᠭᠡ ᠪᠠᠶᠢᠳᠠᠯ ‍ᠢ ᠠᠰᠠᠭᠤᠨ ᠯᠠᠪᠯᠠᠪᠠ ᠃

  

     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳ᠋ᠤ ᠂ ᠵᠠᠩ ᠬᠤᠸᠠ ᠰᠠᠭᠣᠳᠠᠯ ᠤᠨ ᠬᠤᠷᠠᠯ ‍ᠢ ᠡᠷᠬᠢᠯᠡᠨ ᠬᠤᠷᠠᠯᠳᠤᠭᠤᠯᠵᠤ ᠂ ᠬᠣᠰᠢᠭᠤᠨ ‍ᠤ ᠵᠠᠰᠠᠭ ᠤᠨ ᠶᠠᠪᠤᠳᠠᠯ ‍ᠤᠨ  ᠦᠢᠯᠡᠴᠢᠯᠡᠭᠡᠨ  ‍ᠦ ᠲᠣᠪᠴᠢᠶ᠎ᠠ ᠶ᠋ᠢᠨ ᠭᠣᠤᠯ ᠰᠡᠳᠦᠪᠲᠦ ᠬᠥᠮᠦᠵᠢᠯ ᠥᠷᠨᠢᠭᠦᠯᠦᠭᠰᠡᠨ ᠪᠠᠶᠢᠳᠠᠯ ‍ᠤᠨ ᠲᠤᠬᠠᠶ ᠬᠠᠷᠢᠭᠤ ᠮᠡᠳᠡᠭᠦᠯᠦᠯᠲᠡ ᠶ᠋ᠢ ᠰᠣᠨᠣᠰᠴᠤ ᠂ ᠵᠠᠰᠠᠭ ᠵᠠᠬᠢᠷᠭᠠᠨ ‍ᠤ  ᠦᠢᠯᠡᠳᠦᠯ  ᠴᠢᠳᠠᠪᠤᠷᠢ ᠶ᠋ᠢ ᠳᠡᠭᠡᠭᠰᠢᠯᠡᠭᠦᠯᠬᠦ ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ‍ᠢ ᠰᠢᠯᠢᠳᠡᠭᠵᠢᠭᠦᠯᠬᠦ ᠶ᠋ᠢᠨ ᠲᠣᠭᠣᠷᠢᠨ ᠳ᠋ᠤ ᠪᠠᠭ ‍ᠤᠨ ᠭᠡᠰᠢᠭᠦᠳ ᠲᠡᠶ ᠰᠠᠨᠠᠯ ᠢᠶᠡᠨ ᠰᠣᠯᠢᠯᠴᠠᠵᠤ ᠂ ᠵᠥᠷᠢᠶ᠎ᠡ ᠪᠠ ᠠᠰᠠᠭᠤᠳᠠᠯ ᠢᠶᠡᠨ ᠪᠠᠶᠢᠴᠠᠭᠠᠨ ᠂ ᠴᠡᠭᠴᠡᠯᠡᠨ ᠰᠠᠶᠢᠵᠢᠷᠠᠭᠣᠯᠬᠣ ᠠᠷᠭ᠎ᠠ ᠬᠡᠮᠵᠢᠶ᠎ᠡ ᠶ᠋ᠢ ᠰᠣᠳᠣᠯᠣᠭᠰᠠᠨ ᠪᠠᠶᠢᠨ᠎ᠠ ᠃

  

     ᠵᠠᠩ ᠬᠤᠸᠠ ᠴᠢᠩᠭᠠᠳᠬᠠᠭᠰᠠᠨ ᠨᠢ ᠂ ᠨᠢᠭᠡ ᠳ᠋ᠦ ᠂ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠴᠢᠩᠭ᠎ᠠ ᠠᠳᠬᠤᠵᠤ ᠂ ᠲᠤᠬᠠᠶᠢᠯᠠᠭᠰᠠᠨ ᠠᠵᠢᠯ ᠲᠠᠶ ᠪᠠᠨ ᠨᠢᠭᠲᠠ ᠣᠶᠠᠯᠳᠣᠭᠣᠯᠣᠨ ᠂ 4  ᠵᠦᠢᠯ  ‍ᠦᠨ ᠭᠣᠤᠯᠳᠠᠯᠭ᠎ᠠ ᠲᠠᠶ ᠠᠷᠭ᠎ᠠ ᠬᠡᠮᠵᠢᠶ᠎ᠡ ᠶ᠋ᠢ ᠨᠠᠶᠢᠳᠠᠪᠣᠷᠢᠵᠢᠭᠣᠯᠵᠣ ᠂ ᠠᠷᠠᠳ ᠲᠦᠮᠡᠨ ᠳ᠋ᠦ  ᠦᠢᠯᠡᠴᠢᠯᠡᠬᠦ ᠳᠤᠮᠳᠠ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ ᠂  ᠦᠢᠯᠡᠴᠢᠯᠡᠭᠡᠨ  ‍ᠦ ᠶᠠᠰᠤ ᠴᠢᠨᠠᠷ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠲᠠᠯ᠎ᠠ ᠪᠠᠷ ᠵᠥᠷᠢᠶ᠎ᠡ ᠪᠡᠨ ᠡᠷᠢᠵᠦ ᠂ ᠭᠣᠤᠯ ᠰᠡᠳᠦᠪᠲᠦ ᠬᠥᠮᠦᠵᠢᠯ ‍ᠦᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶ᠋ᠢ ᠪᠠᠲᠤᠯᠠᠬᠤ ᠬᠡᠷᠡᠭᠲᠡᠶ ᠃
     ᠬᠣᠶᠠᠷ  ᠲᠦ ᠂ ᠵᠠᠰᠠᠭ ᠤᠨ ᠶᠠᠪᠤᠳᠠᠯ ‍ᠤᠨ  ᠦᠢᠯᠡᠴᠢᠯᠡᠭᠡᠨ  ‍ᠢ ᠨᠢᠭᠡ ᠴᠣᠭᠴᠠᠵᠢᠭᠤᠯᠬᠤ ᠲᠠᠪᠴᠠᠩ ᠤᠨ ᠠᠵᠢᠯᠯᠠᠭᠠᠨ ‍ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠂ ᠠᠵᠤ ᠠᠬᠤᠶᠢᠯᠠᠯ ᠂ ᠣᠯᠠᠨ ᠲᠦᠮᠡᠨ ‍ᠦ ᠠᠵᠢᠯ ᠶᠠᠪᠤᠳᠠᠯ  ᠭᠦᠢᠴᠡᠳᠭᠡᠬᠦ  ᠳᠤᠮᠳᠠᠬᠢ ᠲᠦᠭᠵᠢᠷᠡᠯ ᠂ ᠬᠦᠴᠢᠷᠳᠡᠯ ᠤᠨ ᠠᠰᠠᠭᠤᠳᠠᠯ ‍ᠢ ᠦᠨᠡᠨᠬᠦ ᠰᠠᠶᠢᠲᠤᠷ ᠰᠢᠢᠳᠪᠦᠷᠢᠯᠡᠵᠦ  ᠂ ᠵᠠᠰᠠᠭ ᠤᠨ ᠶᠠᠪᠤᠳᠠᠯ ‍ᠤᠨ  ᠦᠢᠯᠡᠴᠢᠯᠡᠭᠡᠨ  ‍ᠢ ᠰᠢᠶᠠᠩ ᠪᠠᠯᠭᠠᠰᠤ ᠂ ᠭᠠᠴᠠᠭ᠎ᠠ ᠲᠣᠰᠬᠣᠨ ᠲᠡᠰᠢ ᠤᠷᠲᠤᠳᠬᠠᠬᠤ ᠶ᠋ᠢ ᠠᠯᠬᠤᠮ ᠠᠯᠬᠤᠮ ᠢᠶᠠᠷ ᠲᠦᠯᠬᠢᠨ ᠠᠬᠢᠭᠣᠯᠬᠣ ᠬᠡᠷᠡᠭᠲᠡᠢ ᠃ ᠭᠣᠷᠪᠠ ᠳ᠋ᠥ ᠂  ᠨᠠᠮ ‍ᠤᠨ ᠪᠠᠶᠢᠭᠤᠯᠤᠯᠲᠠ ᠶ᠋ᠢᠨ ᠠᠵᠢᠯ ᠬᠢᠭᠡᠳ ᠲᠤᠬᠠᠶᠢᠯᠠᠭᠰᠠᠨ ᠠᠵᠢᠯ ‍ᠢ ᠬᠠᠮᠲᠤ ᠳ᠋ᠤᠨᠢ ᠰᠤᠳᠤᠯᠵᠤ ᠂ ᠭᠣᠤᠯ ᠰᠡᠳᠦᠪᠲᠦ ᠬᠥᠮᠦᠵᠢᠯ ‍ᠢ ᠥᠷᠨᠢᠭᠦᠯᠬᠦ ᠲᠡᠶ ᠤᠶᠠᠯᠳᠤᠭᠤᠯᠤᠨ ᠂ ᠤᠯᠤᠰ ᠡᠴᠠ ᠭᠠᠶᠢᠯᠢ ᠶ᠋ᠢ ᠬᠥᠩᠭᠡᠯᠡᠬᠦ ᠵᠡᠷᠭᠡ ᠡᠯ᠎ᠡ  ᠵᠦᠢᠯ  ‍ᠦᠨ ᠲᠥᠷᠥ ᠶ᠋ᠢᠨ ᠪᠣᠳᠣᠯᠭ᠎ᠠ ᠶ᠋ᠢ ᠬᠢᠨᠠᠮᠠᠭᠠᠶ ᠰᠤᠷᠤᠯᠴᠠᠨ ᠤᠬᠠᠭᠤᠯᠵᠤ ᠂ ᠲᠤᠬᠠᠶᠢᠯᠠᠭᠰᠠᠨ ᠠᠵᠢᠯ ‍ᠤᠨ ᠰᠤᠷᠤᠯᠴᠠᠯᠭ᠎ᠠ ᠪᠣᠯᠪᠠᠰᠤᠷᠠᠭᠤᠯᠤᠯ ‍ᠢ ᠴᠢᠩᠭᠠᠳᠬᠠᠨ ᠂ ᠬᠡᠷᠡᠭ ᠡᠷᠬᠢᠯᠡᠬᠦ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ ᠂ ᠭᠣᠤᠯ ᠰᠡᠳᠦᠪᠲᠦ ᠬᠥᠮᠦᠵᠢᠯ ᠂ ᠰᠢᠨ᠎ᠡ ᠶ᠋ᠢ ᠡᠭᠦᠳᠬᠦ ᠬᠡᠯᠪᠡᠷᠢ ᠶ᠋ᠢᠨ ᠨᠠᠮ ‍ᠤᠨ ᠵᠣᠬᠢᠶᠠᠨ ᠪᠠᠶᠢᠭᠤᠯᠤᠯᠲᠠ ᠶ᠋ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠰᠡᠨ ᠪᠠᠶᠢᠨ᠎ᠠ᠃
    ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ‍ᠦᠨ ᠳᠠᠷᠤᠭ᠎ᠠ  ᠪᠣᠥ ᠯᠢᠶᠠᠨ ᠱᠠᠨ ᠠᠵᠢᠯᠯᠠᠭ᠎ᠠ ᠳ᠋ᠤ ᠣᠷᠣᠯᠴᠠᠵᠠᠶ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ