ᠨᠠᠢᠮᠠᠨ ᠬᠣᠰᠢᠭᠣ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠠᠵᠢᠯ ‍ᠢ ᠠᠬᠢᠭᠤᠯᠬᠤ ᠬᠤᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 997     ᠨᠡᠶᠢᠳᠡᠯᠡᠭᠰᠡᠨ ᠴᠠᠭ ᠄ 2019/10/23 16:42:24

     10 ᠳ᠋ᠣᠭᠠᠷ  ᠰᠠᠷ᠎ᠠ ᠶ᠋ᠢᠨ 22 ‍ᠤᠨ ᠡᠳᠦᠷ ᠂ ᠬᠣᠰᠢᠭᠣᠨ ‍ᠤ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠠᠵᠢᠯ ‍ᠢ ᠠᠬᠢᠭᠤᠯᠬᠤ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠪᠠᠶᠢᠩᠭᠤ ᠶ᠋ᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ‍ᠦᠨ ᠳᠠᠷᠤᠭ᠎ᠠ ᠶᠠᠩ ᠸᠧᠶ ᠳ᠋ᠦᠩ ᠤᠨ ᠥᠪᠡᠷᠲᠡᠭᠡᠨ ᠵᠠᠰᠠᠬᠤ ᠣᠷᠣᠨ ‍ᠤ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ‍ᠤ ᠵᠣᠷᠢᠭ ᠰᠠᠨᠠᠭ᠎ᠠ ᠶ᠋ᠢ ᠳᠠᠮᠵᠢᠭᠣᠯᠣᠨ ᠰᠤᠷᠤᠯᠴᠠᠵᠤ ᠂ ᠭᠣᠤᠯ ᠰᠡᠳᠦᠪᠲᠦ ᠬᠥᠮᠦᠵᠢᠯ ‍ᠦᠨ ᠠᠵᠢᠯ ‍ᠢ ᠪᠠᠶᠢᠷᠢᠯᠠᠭᠤᠯᠤᠨ ᠠᠬᠢᠭᠣᠯᠣᠡᠡᠰᠠᠨ ᠪᠠᠶᠢᠨ᠎ᠠ ᠃

   

     ᠬᠣᠲᠠ ᠶ᠋ᠢᠨ ᠨᠠᠮ ‍ᠤᠨ ᠬᠣᠷᠢᠶᠠᠨ ‍ᠤ ᠵᠣᠬᠢᠶᠠᠨ ᠪᠠᠶᠢᠭᠤᠯᠬᠤ ᠬᠡᠯᠲᠡᠰ ‍ᠦᠨ ᠪᠠᠶᠢᠩᠭᠤ ᠶ᠋ᠢᠨ ᠳᠡᠳ᠋ ᠳᠠᠷᠤᠭ᠎ᠠ ᠴᠧᠨ ᠵᠢᠩ ᠂ ᠬᠣᠲᠠ ᠶ᠋ᠢᠨ ᠨᠠᠮ ‍ᠤᠨ ᠬᠣᠷᠢᠶᠠᠨ ‍ᠤ ᠭᠣᠤᠯ ᠰᠡᠳᠦᠪᠲᠦ ᠬᠥᠮᠦᠵᠢᠯ ‍ᠦᠨ ᠳᠣᠯᠣᠳᠤᠭᠠᠷ ᠵᠢᠯᠣᠭᠣᠳᠬᠤ ᠳᠣᠭᠣᠶᠢᠯᠠᠩ ‍ᠤᠨ ᠳᠠᠷᠤᠭ᠎ᠠ ᠳᠠᠩ ᠶᠦᠩ ᠰᠦ᠋ ᠵᠢᠴᠢ ᠭᠡᠰᠢᠭᠦᠨ ᠸᠠᠩ ᠰᠢᠤᠸᠠᠢ ᠵᠢᠶᠠᠨ ᠬᠤᠷᠠᠯ ᠳ᠋ᠤ ᠰᠠᠭᠠᠳᠡᠨ ᠵᠢᠭᠠᠨ ᠵᠢᠯᠣᠭᠣᠳᠣᠡᠡᠰᠠᠨ ᠪᠠᠶᠢᠨ᠎ᠠ ᠃

    ᠴᠧᠨ ᠵᠢᠩ ᠶᠠᠷᠢᠶᠠᠨ  ᠳᠤ  ᠪᠠᠨ ᠵᠢᠭᠠᠵᠣ ᠭᠠᠷᠭᠠᠠᠠᠰᠠᠨ ᠨᠢ ᠂  ᠨᠠᠢᠮᠠᠨ ᠬᠣᠰᠢᠭᠤᠨ ‍ᠤ ᠭᠣᠤᠯ ᠰᠡᠳᠦᠪᠲᠦ ᠬᠥᠮᠦᠵᠢᠯ ‍ᠦᠨ ᠠᠵᠢᠯ ‍ᠢ ᠨᠠᠷᠢᠨ ᠨᠢᠮᠪᠠᠶ ᠵᠣᠬᠢᠶᠠᠨ ᠪᠠᠶᠢᠭᠣᠯᠵᠦ ᠂ ᠯᠠᠪᠳᠠᠭᠤᠨ ᠪᠠᠲᠤᠲᠠᠶ ᠠᠬᠢᠭᠣᠯᠣᠨ ᠂ ᠲᠡᠭᠡᠳᠣ ᠬᠡᠮᠵᠢᠶ᠎ᠡ ᠪᠡᠷ ᠴᠢᠬᠤᠯᠠᠴᠢᠯᠠᠵᠤ ᠂ ᠰᠤᠷᠤᠯᠴᠠᠯᠭ᠎ᠠ ᠬᠥᠮᠦᠵᠢᠯ ‍ᠢ ᠪᠣᠳᠠᠲᠠᠶ ᠠᠳᠬᠣᠨ ᠂ ᠪᠠᠶᠢᠴᠠᠭᠠᠵᠣ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠦᠷ᠎ᠡ ᠪᠦᠲᠦᠮᠵᠢ ᠣᠯᠵᠤ ᠂ ᠱᠠᠯᠠᠪᠳᠠᠭᠤᠯᠤᠨ ᠵᠢᠯᠣᠭᠣᠳᠬᠤ ᠡᠷᠴᠢᠮ ᠴᠢᠩᠭ᠎ᠠ ᠪᠠᠶᠢᠨ᠎ᠠ᠃ ᠬᠣᠶᠢᠰᠢᠳᠠ ᠶ᠋ᠢᠨ ᠠᠵᠢᠯ ᠳᠤᠮᠳᠠ ᠂  ᠨᠠᠢᠮᠠᠨ ᠬᠣᠰᠢᠭᠣ ᠤᠯᠠᠮ ᠨᠢᠭᠡ ᠠᠯᠬᠣᠮ ᠰᠤᠷᠤᠯᠴᠠᠨ ᠲᠤᠭᠤᠰᠢᠯᠠᠭᠤᠯᠵᠤ ᠂ ᠵᠠᠩᠭᠢᠯᠠᠭ᠎ᠠ ᠶ᠋ᠢ ᠠᠳᠬᠤᠨ ᠤᠨᠢᠨ ᠳᠡᠭᠡᠷ᠎ᠡ ᠨᠢ ᠬᠡᠷᠡᠭᠵᠢᠭᠦᠯᠵᠦ ᠂ ᠰᠤᠷᠤᠯᠴᠠᠯᠭ᠎ᠠ ᠬᠥᠮᠦᠵᠢᠯ ᠂ ᠪᠠᠶᠢᠴᠠᠭᠠᠨ ᠰᠤᠳᠤᠯᠤᠯᠲᠠ ᠂ ᠠᠰᠠᠭᠤᠳᠠᠯ ‍ᠢ ᠪᠠᠶᠢᠴᠠᠭᠠᠨ ᠦᠵᠡᠬᠦ ᠂ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠶ᠋ᠢ ᠢᠮᠠᠭᠲᠠ ᠲᠤᠭᠤᠰᠢᠯᠠᠭᠤᠯᠬᠤ ᠶ᠋ᠢ ᠪᠠᠷᠢᠮᠲᠠᠯᠠᠵᠤ ᠂ ᠤᠳᠤᠷᠢᠳᠬᠤ ᠬᠠᠷᠢᠭᠤᠴᠠᠯᠭ᠎ᠠ ᠶ᠋ᠢ ᠣᠯᠡᠮ ᠨᠢᠭᠡ ᠠᠯᠬᠣᠮ ᠪᠣᠳᠠᠲᠠᠶᠢᠵᠢᠭᠤᠯᠵᠤ ᠂ ᠭᠣᠤᠯ ᠰᠡᠳᠦᠪᠲᠦ ᠬᠥᠮᠦᠵᠢᠯ ‍ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠰᠡᠳᠬᠢᠯ ᠳ᠋ᠡᠭᠡᠨ ᠬᠠᠳᠠᠩᠰᠢᠭᠤᠯᠬᠤ ᠶ᠋ᠢ ᠠᠬᠢᠭᠤᠯᠬᠤ ᠬᠡᠷᠡᠭᠲᠡᠶ ᠃ ᠴᠡᠭᠴᠡᠯᠡᠨ ᠰᠠᠶᠢᠵᠢᠷᠠᠭᠣᠯᠵᠣ ᠴᠡᠭᠴᠡᠯᠡᠨ ᠵᠠᠰᠠᠬᠤ ᠠᠵᠢᠯ ‍ᠢ ᠪᠠᠲᠤᠲᠠᠶ ᠠᠬᠢᠭᠤᠯᠵᠤ ᠂ ᠭᠣᠤᠯ ᠰᠡᠳᠦᠪᠲᠦ ᠬᠥᠮᠦᠵᠢᠯ ‍ᠦᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶ᠋ᠢ ᠪᠠᠲᠤᠯᠠᠬᠤ ᠬᠡᠷᠡᠭᠲᠡᠶ  ᠭᠡᠵᠡᠢ ᠃

   

     ᠬᠣᠰᠢᠭᠣᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠴᠢᠡᠭᠭᠠᠳᠬᠠᠡᠡᠰᠠᠨ  ᠨᠢ ᠂ ᠪᠥᠬᠥ ᠬᠣᠰᠢᠭᠤᠨ ‍ᠤ ᠡᠯ᠎ᠡ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ‍ᠤᠨ ᠭᠡᠰᠢᠭᠦᠨ ᠺᠠᠳ᠋ᠷᠴᠤᠳ ᠭᠣᠤᠯ ᠰᠡᠳᠦᠪᠲᠦ ᠬᠥᠮᠦᠵᠢᠯ ᠥᠷᠨᠢᠭᠦᠯᠬᠦ ᠴᠢᠬᠤᠯᠠ ᠠᠴᠢ ᠬᠣᠯᠪᠣᠭᠳᠠᠯ ‍ᠢ ᠭᠦᠨᠵᠡᠭᠡᠶ ᠲᠠᠨᠢᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠡᠴᠠ ᠪᠠᠨ ᠨᠠᠮ ‍ᠤᠨ ᠲᠥᠪ ᠬᠣᠷᠢᠶᠠᠨ ‍ᠤ ᠰᠢᠢᠳᠪᠦᠷᠢᠲᠦ ᠳᠣᠬᠢᠷᠠᠭᠣᠯᠣᠯᠳᠠ ᠲᠠᠢ ᠨᠢᠭᠡᠳᠬᠡᠵᠦ ᠂ ᠣᠷᠣᠨ ᠂ ᠬᠣᠲᠠ ᠂ ᠬᠣᠰᠢᠭᠣᠨ ‍ᠤ ᠨᠠᠮ ‍ᠤᠨ ᠬᠣᠷᠢᠶᠠᠨ ‍ᠤ ᠠᠵᠢᠯ ‍ᠤᠨ ᠪᠠᠶᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠲᠤᠭᠤᠰᠢᠯᠠᠭᠤᠯᠵᠤ ᠂ ᠲᠡᠭᠡᠳᠣ ᠬᠡᠮᠵᠢᠶᠡᠨ ‍ᠦ ᠤᠯᠤᠰ ᠲᠥᠷᠥ ᠶ᠋ᠢᠨ ᠬᠠᠷᠢᠭᠤᠴᠠᠯᠭᠠᠲᠤ ᠰᠡᠳᠬᠢᠯᠭᠡ ᠪᠡᠷ ᠭᠣᠤᠯ ᠰᠡᠳᠦᠪᠲᠦ ᠬᠥᠮᠦᠵᠢᠯ ‍ᠢ ᠭᠦᠨᠵᠡᠭᠡᠶ ᠥᠷᠨᠢᠭᠦᠯᠬᠦ ᠬᠡᠷᠡᠭᠲᠡᠶ ᠃ ᠡᠯ᠎ᠡ ᠨᠠᠮ ‍ᠤᠨ ᠬᠣᠷᠢᠶ᠎ᠠ  ᠵᠢᠨ ᠭᠣᠤᠯ ᠬᠠᠷᠢᠭᠤᠴᠠᠯᠭᠠᠲᠠᠨ ᠪᠡᠶ᠎ᠡ ᠪᠡᠷ ‍ᠢᠶ᠋ᠡᠨ ᠰᠤᠳᠤᠯᠵᠤ ᠂ ᠪᠡᠶ᠎ᠡ ᠪᠡᠷ ‍ᠢᠶ᠋ᠡᠨ ᠪᠠᠶᠢᠷᠢᠯᠠᠭᠤᠯᠵᠤ ᠂ ᠲᠦᠷᠦᠭᠦᠯᠡᠨ ᠰᠤᠷᠤᠯᠴᠠᠵᠤ ᠂ ᠪᠠᠶᠢᠴᠠᠭᠠᠨ ᠰᠤᠳᠤᠯᠵᠤ ᠂ ᠪᠠᠶᠢᠴᠠᠭᠠᠨ ᠦᠵᠡᠵᠦ ᠂ ᠴᠡᠭᠴᠡᠯᠡᠨ ᠰᠠᠶᠢᠵᠢᠷᠠᠭᠤᠯᠵᠤ ᠂ ᠲᠡᠭᠡᠳᠣ ᠱᠠᠲᠤ ᠨᠢ ᠳᠣᠣᠷᠠᠳᠤ ᠱᠠᠲᠤ ᠪᠠᠨ ᠳᠠᠭᠠᠭᠤᠯᠤᠨ ᠭᠣᠤᠯ ᠰᠡᠳᠦᠪᠲᠦ ᠬᠥᠮᠦᠵᠢᠯ ‍ᠦᠨ ᠦᠷ᠎ᠡ ᠪᠦᠲᠦᠮᠵᠢ ᠣᠯᠬᠤ ᠶ᠋ᠢ ᠠᠬᠢᠭᠤᠯᠬᠤ ᠬᠡᠷᠡᠭᠲᠡᠶ ᠃ ᠵᠠᠩᠭᠢᠯᠠᠭ᠎ᠠ ᠶ᠋ᠢᠨ ᠠᠷᠭ᠎ᠠ ᠬᠡᠮᠵᠢᠶ᠎ᠡ ᠶ᠋ᠢ ᠤᠯᠠᠮ ᠨᠢᠭᠡ ᠠᠯᠬᠣᠮ ᠪᠣᠳᠠᠲᠠᠶ ᠠᠳᠬᠤᠵᠤ ᠂  ᠨᠢᠭᠡ ᠴᠣᠭᠴᠠᠵᠢᠭᠤᠯᠤᠨ ᠠᠬᠢᠭᠤᠯᠵᠤ ᠂ ᠭᠣᠤᠯ ᠰᠡᠳᠦᠪᠲᠦ ᠬᠥᠮᠦᠵᠢᠯ ‍ᠦᠨ ᠪᠦᠬᠦ ᠶᠠᠪᠤᠴᠠ ᠳ᠋ᠤ ᠲᠣᠭᠣᠰᠢᠯᠠᠭᠣᠯᠬᠣ ᠬᠡᠷᠡᠭᠲᠡᠶ ᠃ ᠴᠢᠩᠭ᠎ᠠ ᠬᠢᠨᠠᠨ ᠵᠢᠯᠣᠭᠣᠳᠴᠣ ᠪᠣᠳᠠᠲᠠᠶ ᠬᠥᠲᠥᠯᠥᠨ ᠵᠢᠯᠣᠭᠣᠳᠴᠤ ᠂  ᠭᠣᠤᠯ ᠰᠡᠳᠦᠪᠲᠦ ᠬᠥᠮᠦᠵᠢᠯ ‍ᠦᠨ ᠴᠢᠭᠯᠡᠯ ‍ᠤᠨ ᠣᠨᠣᠪᠴᠢᠲᠠᠶ ᠪᠠᠶᠢᠬᠤ ᠶ᠋ᠢ ᠦᠨᠡᠨ ᠬᠦ ᠪᠠᠲᠤᠯᠠᠬᠤ ᠬᠡᠷᠡᠭᠲᠡᠶ ᠃ ᠵᠢᠱᠢᠶ᠎ᠡ ᠦᠵᠡᠭᠦᠯᠦᠨ ᠳᠠᠶᠢᠴᠢᠯᠠᠬᠤ ᠶ᠋ᠢ ᠴᠢᠩᠭᠠᠳᠬᠠᠵᠤ ᠂ ᠲᠡᠷᠢᠭᠦᠨ ‍ᠦ ᠵᠢᠱᠢᠶᠡᠴᠢ ᠬᠥᠮᠦᠰ ‍ᠢ ᠭᠦᠨᠵᠡᠭᠡᠶ ᠡᠷᠢᠯᠬᠢᠯᠡᠵᠦ ᠂ ᠨᠡᠶᠢᠲᠡᠯᠢᠭ ᠠᠷᠭ᠎ᠠ ᠬᠢᠳᠡᠯ ‍ᠢ ᠴᠠᠭ ᠲᠤᠬᠠᠶ ᠳ᠋ᠤᠨᠢ ᠳ᠋ᠦᠩᠨᠡᠵᠦ ᠂ ᠤᠬᠠᠭᠤᠯᠬᠤ ᠡᠷᠴᠢᠮ ‍ᠢᠶ᠋ᠡᠨ ᠪᠦᠬᠦ ᠲᠠᠯ᠎ᠠ ᠪᠠᠷ ᠴᠢᠩᠭᠠᠷᠠᠭᠤᠯᠵᠤ ᠂ ᠭᠣᠤᠯ ᠰᠡᠳᠦᠪᠲᠦ ᠰᠤᠷᠭᠠᠨ ᠬᠥᠮᠦᠵᠢᠯ ‍ᠦᠨ ᠬᠦᠨᠵᠡᠬᠡᠢ ᠬᠦᠭᠵᠢᠯᠳᠡ ᠶ᠋ᠢ ᠠᠬᠢᠭᠤᠯᠬᠤ ᠬᠡᠷᠡᠭᠲᠡᠶ ᠃ ᠨᠢᠭᠡᠳᠦᠯᠲᠡᠶ ᠲᠥᠯᠥᠪᠯᠡᠨ ᠠᠬᠢᠭᠤᠯᠬᠤ ᠶ᠋ᠢ ᠴᠢᠩᠭᠠᠳᠬᠠᠵᠤ ᠂ ᠶᠡᠷᠦᠩᠬᠡᠶ ᠱᠦᠵᠢ ᠶ᠋ᠢᠨ ᠳᠤᠷᠠᠳᠤᠭᠰᠠᠨ 《 ᠭᠤᠷᠪᠠ ᠶ᠋ᠢ ᠤᠶᠠᠯᠳᠤᠭᠤᠯᠬᠤ 》 ᠱᠠᠭᠠᠷᠳᠠᠯᠭ᠎ᠠ ᠶ᠋ᠢ ᠭᠣᠤᠯ ᠰᠡᠳᠦᠪᠲᠦ ᠰᠤᠷᠭᠠᠨ ᠬᠥᠮᠦᠵᠢᠯ ‍ᠦᠨ ᠪᠥᠬᠥ ᠶᠠᠪᠤᠴᠠ ᠂ ᠡᠯ᠎ᠡ ᠲᠠᠯ᠎ᠠ ᠳ᠋ᠤ ᠨᠠᠶᠢᠳᠠᠪᠣᠷᠢᠵᠢᠭᠣᠯᠣᠨ ᠂ ᠪᠥᠬᠥ ᠬᠣᠰᠢᠭᠤᠨ ‍ᠤ ᠥᠭᠡᠷᠡᠴᠢᠯᠡᠯᠲᠡ ᠬᠥᠭᠵᠢᠯᠲᠡ ᠶ᠋ᠢᠨ ᠡᠯ᠎ᠡ ᠵᠦᠢᠯ ‍ᠦᠨ ᠠᠵᠢᠯ  ᠦᠢᠯᠡᠰ ᠲᠦ ᠨᠠᠶᠢᠳᠠᠪᠣᠷᠢᠵᠢᠭᠣᠯᠣᠨ ᠂ 《 ᠭᠤᠷᠪᠠᠨ ᠶᠡᠬᠡ ᠪᠣᠭᠣᠮᠲᠠ ᠰᠢᠪᠲᠤᠯᠬᠤ ᠳᠠᠶᠢᠯᠠᠯᠳᠤᠭᠠᠨ 》 ‍ᠦ ᠢᠯᠠᠯᠲᠠ ᠶ᠋ᠢ ᠣᠯᠵᠤ ᠂ ᠠᠮᠢ ᠠᠬᠤᠶ ᠶ᠋ᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠶ᠋ᠢᠨ ᠵᠠᠮ ᠢᠶᠠᠷ ᠰᠠᠶᠢᠲᠤᠷ ᠵᠠᠮᠨᠠᠵᠤ ᠂ ᠨᠡᠶᠢᠬᠡᠮ ‍ᠦᠨ ᠠᠮᠤᠷ ᠲᠦᠪᠰᠢᠨ ᠲᠣᠭᠲᠠᠭᠤᠨ ‍ᠢ ᠪᠦᠬᠦ ᠬᠦᠴᠦᠨ ‍ᠢᠶ᠋ᠡᠷ ᠪᠠᠲᠤᠯᠠᠵᠤ ᠂ ᠭᠣᠤᠯ ᠰᠡᠳᠦᠪᠲᠦ ᠬᠥᠮᠦᠵᠢᠯ ‍ᠢ ᠭᠦᠨᠵᠡᠭᠡᠶ ᠪᠠᠲᠤᠲᠠᠶ ᠠᠬᠢᠭᠣᠯᠣᠨ ᠂ ᠦᠨᠡᠨ ᠪᠣᠳᠠᠲᠠᠶ ᠦᠷ᠎ᠡ ᠪᠦᠲᠦᠮᠵᠢ ᠣᠯᠬᠤ ᠶ᠋ᠢ ᠪᠠᠳᠣᠯᠬᠣ ᠬᠡᠷᠡᠭᠳᠡᠢ ᠭᠡᠰᠡᠨ ᠪᠠᠶᠢᠨ᠎ᠠ ᠃

  

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ