ᠪᠦᠬᠦ ᠣᠷᠣᠨ ‍ᠤ ᠦᠨᠳᠦᠰᠦᠨ ᠱᠠᠲᠤᠨ ‍ᠤ ᠨᠠᠶᠢᠭᠡᠮ ‍ᠦᠨ ᠵᠠᠰᠠᠯᠲᠠ ᠶ᠋ᠢᠨ ᠰᠢᠨ᠎ᠡ ᠶ᠋ᠢ ᠡᠭᠦᠳᠬᠦ ᠶ᠋ᠢ ᠲᠦᠯᠬᠢᠨ ᠠᠬᠢᠭᠤᠯᠬᠤ ᠠᠵᠢᠯ ᠪᠠᠶᠢᠷᠢ ᠶ᠋ᠢᠨ ᠬᠤᠷᠠᠯ ᠨᠠᠢᠮᠠᠨ ᠬᠣᠰᠢᠭᠤᠨ ᠳ᠋ᠤ ᠶᠠᠪᠣᠡᠡᠳᠠᠠᠠᠰᠠᠨ

ᠣᠩᠰᠢᠭᠰᠠᠨ ᠤᠳᠠᠭ᠎ᠠ ᠄ 1004     ᠨᠡᠶᠢᠳᠡᠯᠡᠭᠰᠡᠨ ᠴᠠᠭ ᠄ 2019/10/23 17:02:20

     10 ᠳ᠋ᠤᠭᠠᠷ ᠰᠠᠷ᠎ᠠ ᠶ᠋ᠢᠨ 19 ‍ᠦ ᠡᠳᠦᠷ ᠂ ᠪᠥᠬᠥ ᠣᠷᠣᠨ ‍ᠤ ᠦᠨᠳᠦᠰᠦᠨ ᠱᠠᠲᠤᠨ ‍ᠤ ᠨᠠᠶᠢᠭᠡᠮ ‍ᠦᠨ ᠵᠠᠰᠠᠯᠲᠠ ᠶ᠋ᠢᠨ ᠰᠢᠨ᠎ᠡ ᠶ᠋ᠢ ᠡᠭᠦᠳᠬᠦ ᠶ᠋ᠢ ᠲᠦᠯᠬᠢᠨ ᠠᠬᠢᠭᠤᠯᠬᠤ ᠠᠵᠢᠯ ᠪᠠᠶᠢᠷᠢ ᠶ᠋ᠢᠨ ᠬᠤᠷᠠᠯ ᠮᠠᠨ ᠤ ᠬᠣᠰᠢᠭᠤᠨ ᠳ᠋ᠤ ᠶᠠᠪᠣᠡᠡᠳᠠᠵᠦ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠳᠡᠳ᠋ ᠱᠦᠵᠢ ᠂ ᠣᠯᠣᠰ ᠲᠦᠷᠣ ᠬᠠᠣᠯᠢ ᠴᠠᠭᠠᠵᠠ ᠶ᠋ᠢᠨ ᠬᠣᠷᠢᠶᠠᠨ ᠤ ᠱᠦᠵᠢ ᠯᠢᠨ ᠱᠣᠣ ᠴᠦᠨ ᠬᠤᠷᠠᠯ ᠳ᠋ᠤ ᠰᠠᠭᠠᠳᠠᠬᠣ ᠶ᠋ᠢᠨ ᠬᠠᠮᠳᠣ ᠶᠠᠷᠢᠶ᠎ᠠ ᠲᠠᠯᠪᠢᠵᠦ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠳᠡᠳ᠋ ᠨᠠᠷᠢᠨ ᠪᠢᠴᠢᠭ ‍ᠦᠨ ᠳᠠᠷᠤᠭ᠎ᠠ ᠡᠦ ᡁᠢ ᠴᠢᠶᠠᠩ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠣᠯᠣᠰ ᠲᠦᠷᠦ ᠬᠠᠣᠯᠢ ᠴᠠᠭᠠᠵᠠ ᠶ᠋ᠢᠨ ᠬᠣᠷᠢᠶᠠᠨ ᠤ ᠳᠡᠳ᠋ ᠱᠦᠵᠢ ᠯᠢ ᠭᠠᠩ ᠂ ᠥᠪᠡᠷᠲᠡᠭᠡᠨ ᠵᠠᠰᠠᠬᠤ ᠣᠷᠣᠨ ‍ᠤ ᠵᠠᠬᠢᠳᠠᠯ ᠰᠣᠷᠪᠣᠯᠵᠢᠯᠭ᠎ᠠ ᠶ᠋ᠢᠨ ᠲᠣᠪᠴᠢᠶ᠎ᠠ ᠶ᠋ᠢᠨ ᠨᠠᠮ ‍ᠤᠨ ᠤᠳᠤᠷᠢᠳᠬᠤ ᠳᠤᠭᠤᠶᠢᠯᠠᠩ ‍ᠤᠨ ᠱᠦᠵᠢ ᠂ ᠳᠣᠪᠴᠢᠶᠠᠨ ᠳᠠᠷᠤᠭ᠎ᠠ ᠴᠢᠦ ᠴᠧᠩ ᠭᠠᠩ ᠬᠤᠷᠠᠯ ᠳ᠋ᠤ ᠰᠠᠭᠠᠳᠡᠨ ᠂ ᠬᠣᠲᠠ ᠶ᠋ᠢᠨ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠲᠠ ᠶ᠋ᠢᠨ ᠳᠠᠷᠤᠭ᠎ᠠ ᠬᠤᠤ ᠮᠤᠤ ᠷᠦᠩ ᠪᠠᠶᠠᠷ ‍ᠤᠨ ᠦᠭᠡ  ᠶᠠᠷᠢᠡᠡᠰᠠᠨ ᠪᠠᠶᠢᠨ᠎ᠠ ᠃

     

      ᠬᠤᠷᠠᠯ ᠡᠴᠠ ᠡᠮᠦᠨ᠎ᠡ ᠂ ᠬᠣᠷᠠᠯ ᠳ᠋ᠦ ᠣᠷᠣᠯᠴᠠᠠᠠᠰᠠᠣᠨ ᠤᠷᠢᠳ ᠬᠣᠵᠢᠳ ᠨᠠᠢᠮᠠᠨ ᠬᠣᠰᠢᠭᠤᠨ ‍ᠤ ᠰᠢᠷᠠᠬᠣᠭᠣᠯᠠᠢ ᠪᠠᠯᠭᠠᠰᠤ ᠶ᠋ᠢᠨ ᠵᠥᠷᠢᠴᠡᠯ ᠵᠢᠭᠤᠷᠠᠯᠳᠤᠭᠠᠨ ‍ᠢ ᠣᠯᠠᠨ ᠡᠰᠢᠴᠢᠯᠡᠨ ᠰᠡᠶᠢᠳᠪᠣᠷᠢᠯᠡᠬᠦ  ᠲᠥᠪ ᠂   ᠨᠠᠢᠮᠠᠨ ᠬᠣᠰᠢᠭᠤᠨ ‍ᠤ ᠵᠠᠰᠠᠭ ‍ᠤᠨ ᠶᠠᠪᠤᠳᠠᠯ ‍ᠤᠨ ᠦᠢᠯᠡᠴᠢᠯᠡᠭᠡᠨ ‍ᠦ ᠲᠥᠪ ‍ᠦᠨ ᠳᠣᠲᠣᠭᠠᠳᠤ ᠶ᠋ᠢ ᠬᠠᠮᠠᠭᠠᠯᠠᠬᠤ ᠬᠤᠪᠢᠶᠠᠷᠢ ᠲᠥᠪ ᠂  ᠨᠠᠢᠮᠠᠨ ᠬᠣᠰᠢᠭᠤᠨ ‍ᠤ ᠵᠥᠷᠢᠴᠡᠯ ‍ᠢ ᠰᠡᠶᠢᠳᠪᠣᠷᠢᠯᠡᠬᠦ  ᠦᠢᠯᠡᠴᠢᠯᠡᠭᠡᠨ  ‍ᠦ ᠲᠥᠪ ᠲᠦ ᠬᠦᠷᠴᠦ ᠲᠤᠬᠠᠶ ᠶ᠋ᠢᠨ ᠲᠠᠯᠠᠪᠠᠢ ᠳ᠋ᠤ ᠲᠣᠭᠣᠷᠢᠨ ᠦᠵᠡᠵᠦ ᠂ ᠬᠠᠮᠢᠶ᠎ᠠ ᠪᠦᠬᠦᠢ ᠬᠠᠷᠢᠭᠤᠴᠠᠯᠭᠠᠲᠠᠨ ‍ᠤ ᠰᠠᠨᠠᠯ ‍ᠢ ᠰᠣᠨᠣᠰᠴᠤ ᠂   ᠨᠠᠢᠮᠠᠨ ᠬᠣᠰᠢᠭᠤᠨ ‍ᠤ ᠨᠠᠶᠢᠭᠡᠮ ‍ᠦᠨ ᠵᠠᠰᠠᠯᠲᠠ ᠶ᠋ᠢᠨ ᠠᠵᠢᠯ ᠤᠨ ᠣᠯᠤᠭᠰᠠᠨ ᠦᠷ᠎ᠡ ᠪᠦᠲᠦᠮᠵᠢ ᠶ᠋ᠢ ᠲᠡᠭᠡᠳᠣ ᠬᠡᠮᠵᠢᠶ᠎ᠡ ᠪᠡᠷ ᠦᠨᠡᠯᠡᠭᠰᠡᠨ ᠪᠥᠭᠡᠳ ᠨᠠᠶᠢᠭᠡᠮ ‍ᠦᠨ ᠵᠠᠰᠠᠯᠲᠠ ᠶ᠋ᠢᠨ ᠠᠵᠢᠯ ‍ᠢ ᠬᠡᠷᠬᠢᠨ ᠪᠦᠲᠦᠮᠵᠢᠲᠡᠶ ᠳᠡᠭᠡᠭᠰᠢᠯᠡᠭᠦᠯᠬᠦ ᠲᠤᠬᠠᠶ ᠰᠠᠨᠠᠯ ᠰᠠᠨᠠᠭᠤᠯᠭ᠎ᠠ ᠲᠣᠷᠠᠳᠣᠡᠡᠰᠠᠨ ᠪᠠᠶᠢᠨ᠎ᠠ ᠃

     

      ᠬᠤᠷᠠᠯ ᠳᠡᠭᠡᠷ᠎ᠡ ᠂   ᠨᠠᠢᠮᠠᠨ ᠬᠣᠰᠢᠭᠤ ᠂ ᠪᠠᠶᠠᠨᠨᠠᠭᠤᠷ ᠬᠣᠲᠠ ᠶ᠋ᠢᠨ ᠯᠢᠨ ᠾᠧ ᠲᠣᠭᠣᠷᠢᠭ ᠂ ᠤᠯᠠᠭᠠᠨᠬᠠᠳᠠ ᠬᠣᠲᠠ ᠶ᠋ᠢᠨ ᠣᠣᠬᠠᠨ ᠬᠣᠰᠢᠭᠤ ᠂ ᠰᠢᠯᠢᠩᠭᠣᠣᠯ ᠠᠶᠢᠮᠠᠭ ‍ᠤᠨ ᠵᠡᠭᠦᠨ ᠦᠵᠦᠮᠦᠴᠢᠨ ᠬᠣᠰᠢᠭᠤ ᠵᠡᠷᠭᠡ 4 ᠬᠣᠰᠢᠭᠤ ᠰᠢᠶᠠᠨ ( ᠲᠣᠭᠣᠷᠢᠭ ) ᠡᠴᠠ ᠦᠨᠳᠦᠰᠦᠨ ᠱᠠᠲᠤᠨ ‍ᠤ ᠨᠠᠶᠢᠭᠡᠮ ‍ᠦᠨ ᠵᠠᠰᠠᠯᠲᠠ ᠶ᠋ᠢᠨ ᠰᠢᠨ᠎ᠡ ᠶ᠋ᠢ ᠡᠭᠦᠳᠦᠭᠰᠡᠨ ᠲᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠵᠦ ᠂ ᠬᠣᠲᠠ ᠶ᠋ᠢᠨ ᠨᠠᠮ ‍ᠤᠨ ᠬᠣᠷᠢᠶᠠᠨ ‍ᠤ ᠳᠡᠳ᠋ ᠱᠦᠵᠢ ᠂ ᠣᠯᠣᠰ ᠲᠦᠷᠦ ᠬᠠᠣᠯᠢ ᠴᠠᠭᠠᠵᠠ ᠶ᠋ᠢᠨ ᠬᠣᠷᠢᠶᠠᠨ ᠤ ᠱᠦᠵᠢ ᠳ᠋ᠦ᠋ ᠡᠾᠣᠢ ᠯᠢᠶᠠᠩ ᠡᠯ᠎ᠡ ᠠᠢᠮᠠᠭ ᠬᠣᠲᠠ ᠶ᠋ᠢᠨ ᠨᠠᠮ ‍ᠤᠨ ᠬᠣᠷᠢᠶᠠᠨ ‍ᠤ ᠱᠦᠵᠢ ᠶ᠋ᠢ ᠲᠥᠯᠥᠭᠡᠯᠡᠨ ᠣᠪᠣᠷ ᠢᠶᠡᠨ ᠢᠯᠡᠳᠭᠡᠬᠦ ᠶᠠᠷᠢᠶ᠎ᠠ ᠳᠠᠯᠪᠢᠵᠠᠢ ᠃

    

      ᠯᠢᠨ ᠱᠣᠣ ᠴᠦᠨ ᠳ᠋ᠦᠩᠨᠡᠯᠲᠡ ᠶ᠋ᠢᠨ ᠶᠠᠷᠢᠶᠠᠨ ᠳ᠋ᠠᠭᠠᠨ ᠂ ᠥᠪᠥᠷ ᠮᠣᠩᠭᠣᠯ ᠡᠬᠡ ᠤᠯᠤᠰ ᠤᠨ ᠤᠮᠠᠷᠠᠲᠤ ᠬᠢᠯᠢ ᠳ᠋ᠦ ᠪᠠᠶᠢᠷᠢᠰᠢᠵᠣ ᠂ ᠮᠠᠨ ‍ᠤ ᠣᠷᠣᠨ ᠠᠵᠤ ᠠᠬᠤᠢ ᠶ᠋ᠢᠨ ᠬᠡᠯᠪᠡᠷᠢ ᠪᠡᠨ ᠬᠤᠪᠢᠷᠠᠭᠤᠯᠬᠤ ᠴᠢᠬᠤᠯᠠ ᠴᠠᠭ ᠦᠶ᠎ᠡ ᠳ᠋ᠤ ᠣᠷᠣᠰᠢᠨ ᠂ ᠰᠢᠨ᠎ᠡ ᠱᠠᠳᠣ ᠦᠶᠡᠴᠢ ᠴᠢᠨᠠᠷᠲᠠᠶ ᠣᠨᠴᠠᠯᠢᠭ ‍ᠤᠨ ᠡᠮᠦᠨ᠎ᠡ ᠂ ᠪᠢᠳᠡ ᠨᠠᠶᠢᠭᠡᠮ ‍ᠦᠨ ᠵᠠᠰᠠᠯᠲᠠ ᠶ᠋ᠢᠨ ᠣᠶᠢᠯᠠᠭᠠᠭᠳᠠᠬᠤᠨ ᠂ ᠳᠦᠷᠢᠮ ᠂ ᠲᠣᠭᠲᠠᠴᠠ ᠂ ᠠᠷᠭ᠎ᠠ ᠶ᠋ᠢᠨ ᠲᠠᠯ᠎ᠠ ᠪᠠᠷ ᠪᠠᠰᠠ ᠮᠠᠰᠢ ᠵᠣᠬᠢᠴᠠᠬᠤ ᠦᠭᠡᠢ ᠪᠠᠶᠢᠵᠤ ᠂ ᠮᠠᠰᠢ ᠣᠯᠠᠨ ᠳᠣᠳᠠᠭᠳᠠᠯ ᠪᠠ ᠪᠠᠭᠤᠷᠠᠶ ᠭᠣᠭᠴᠣᠭ᠎ᠠ ᠣᠷᠣᠰᠢᠵᠤ ᠪᠠᠶᠢᠨ᠎ᠠ ᠃ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠭᠦᠨᠵᠡᠭᠡᠶ ᠰᠤᠷᠤᠯᠴᠠᠨ ᠳᠡᠯᠭᠡᠷᠡᠭᠦᠯᠵᠦ ᠂ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠪᠠᠷᠢᠮᠲᠠᠯᠠᠨ ᠬᠥᠭᠵᠢᠭᠦᠯᠬᠦ ᠪᠣᠯ ᠨᠡᠶᠢᠭᠡᠮ ‍ᠦᠨ ᠵᠠᠰᠠᠯᠲᠠ ᠶ᠋ᠢᠨ ᠣᠳᠣᠬᠢᠴᠢᠯᠠᠯᠲᠠ ᠶ᠋ᠢ ᠲᠦᠷᠭᠡᠳᠬᠡᠨ ᠠᠬᠢᠭᠤᠯᠬᠤ ᠶ᠋ᠢᠨ ᠳᠣᠯᠭᠠᠮ᠎ᠠ ᠱᠠᠭᠠᠷᠳᠠᠯᠭ᠎ᠠ ᠪᠠᠶᠢᠵᠣ ᠂ ᠨᠠᠮ ‍ᠤᠨ ᠣᠯᠠᠨ ᠲᠦᠮᠡᠨᠴᠢ ᠱᠤᠭᠤᠮ ‍ᠢ ᠰᠠᠶᠢᠲᠤᠷ ᠪᠠᠷᠢᠮᠲᠠᠯᠠᠨ ᠂ ᠰᠠᠶᠢᠲᠤᠷ ᠲᠤᠭᠤᠰᠢᠯᠠᠭᠤᠯᠵᠤ ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠠᠵᠢᠯ ᠤᠨ ᠣᠶᠢᠯᠠᠭᠠᠭᠳᠠᠬᠤᠨ ‍ᠢ ᠪᠠᠲᠤ ᠪᠣᠶ ᠪᠣᠯᠭᠠᠬᠤ ᠬᠡᠷᠡᠭᠲᠡᠶ ᠃ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠶ᠋ᠢᠨ ᠲᠤᠷᠰᠢᠯᠭ᠎ᠠ 》 ᠶ᠋ᠢᠨ ᠦᠢᠯᠡᠳᠦᠯᠭᠡ  ᠶ᠋ᠢᠨ ᠳᠡᠰ ᠳᠡᠪᠰᠢᠬᠦ ᠶ᠋ᠢ ᠦᠷᠭᠦᠯᠵᠢᠯᠡᠨ ᠡᠭᠦᠳᠴᠦ ᠂ ᠡᠬᠡ ᠤᠯᠤᠰ ᠤᠨ ᠤᠮᠠᠷᠠᠲᠤ ᠬᠢᠯᠢ ᠶ᠋ᠢᠨ ᠠᠮᠤᠷ ᠲᠦᠪᠰᠢᠨ ᠲᠣᠭᠲᠠᠭᠤᠨ ‍ᠤ ᠬᠠᠯᠬᠠᠪᠴᠢ ᠶ᠋ᠢ ᠪᠡᠬᠢᠵᠢᠭᠦᠯᠬᠦ ᠳ᠋ᠦ ᠢᠳᠡᠪᠬᠢᠲᠡᠢ ᠬᠤᠪᠢ ᠨᠡᠮᠡᠷᠢ  ᠦᠵᠡᠭᠦᠯᠬᠦ ᠬᠡᠷᠡᠭᠳᠡᠢ ᠭᠡᠵᠡᠢ  ᠃
      ᠯᠢᠨ ᠱᠣᠣ ᠴᠦᠨ ᠱᠠᠭᠠᠷᠳᠠᠠᠠᠰᠠᠨ ᠨᠢ ᠂ ᠤᠯᠤᠰ ᠲᠥᠷᠥ ᠶ᠋ᠢᠨ ᠵᠣᠡᠡᠰᠣᠴᠠ ᠪᠠᠨ ᠣᠯᠡᠮ ᠨᠢᠬᠡ ᠠᠯᠬᠣᠮ ᠳᠡᠭᠡᠭᠰᠢᠯᠡᠭᠦᠯᠵᠦ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠨᠠᠶᠢᠭᠡᠮ ‍ᠦᠨ ᠵᠠᠰᠠᠯᠲᠠ ᠶ᠋ᠢᠨ ᠲᠤᠬᠠᠶ ᠴᠢᠬᠤᠯᠠ ᠥᠭᠦᠯᠡᠯᠲᠡ ᠶ᠋ᠢᠨ ᠵᠣᠷᠢᠭ ᠰᠠᠨᠠᠭ᠎ᠠ ᠪᠠᠷ ᠦᠨᠳᠦᠰᠦᠨ ᠱᠠᠲᠤᠨ ‍ᠤ ᠨᠠᠶᠢᠭᠡᠮ ‍ᠦᠨ ᠵᠠᠰᠠᠯᠲᠠ ᠶ᠋ᠢᠨ ᠰᠢᠨ᠎ᠡ ᠶ᠋ᠢ ᠡᠭᠦᠳᠬᠦ ᠠᠵᠢᠯ ‍ᠢ ᠵᠢᠯᠣᠭᠣᠳᠬᠤ ᠬᠡᠷᠡᠭᠲᠡᠶ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶ᠋ᠢ ᠳᠣᠪᠣᠶᠢᠯᠭᠠᠵᠤ ᠂ ᠦᠨᠳᠦᠰᠦᠨ ᠱᠠᠲᠤᠨ ‍ᠤ ᠨᠠᠶᠢᠭᠡᠮ ‍ᠦᠨ ᠵᠠᠰᠠᠯᠲᠠ ᠶ᠋ᠢᠨ ᠠᠵᠢᠯ ‍ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠷᠴᠢᠮ ‍ᠢᠶ᠋ᠡᠨ ᠴᠢᠩᠭᠠᠷᠠᠭᠤᠯᠬᠤ ᠬᠡᠷᠡᠭᠲᠡᠶ ᠃ ᠰᠢᠨ᠎ᠡ ᠴᠠᠭ ᠦᠶ᠎ᠡ ᠶ᠋ᠢᠨ 《 ᠹᠸᠩ ᠴᠢᠶᠣᠤ ᠶ᠋ᠢᠨ ᠲᠤᠷᠰᠢᠯᠭ᠎ᠠ 》 ᠵᠢ ᠪᠠᠷᠢᠮᠲᠠᠯᠠᠨ ᠬᠥᠭᠵᠢᠭᠦᠯᠬᠦ ᠰᠢᠨ᠎ᠡ ᠰᠡᠳᠬᠢᠴᠡ ᠶ᠋ᠢ ᠢᠳᠡᠪᠬᠢᠲᠡᠢ ᠰᠦᠪᠡᠭᠴᠢᠯᠡᠵᠦ ᠂ ᠦᠨᠳᠦᠰᠦᠨ ᠱᠠᠲᠤᠨ ‍ᠤ  ᠨᠠᠶᠢᠭᠡᠮ ‍ᠦᠨ ᠵᠠᠰᠠᠯᠲᠠ ᠶ᠋ᠢᠨ ᠰᠢᠨ᠎ᠡ ᠱᠠᠳᠣᠨ ᠳ᠋ᠤ ᠭᠠᠷᠬᠤ ᠶ᠋ᠢ ᠠᠬᠢᠭᠤᠯᠬᠤ ᠬᠡᠷᠡᠭᠲᠡᠶ ᠭᠡᠰᠡᠨ ᠪᠠᠶᠢᠨ᠎ᠠ ᠃

     ᠯᠢᠨ ᠱᠣᠣ ᠴᠦᠨ ᠴᠢᠡᠭᠭᠠᠳᠬᠠᠠᠰᠠᠨ ᠨᠢ ᠂ ᠨᠠᠮ ‍ᠤᠨ ᠤᠳᠤᠷᠢᠳᠤᠯᠭ᠎ᠠ ᠭᠡᠬᠦ ᠡᠨᠡᠬᠦ ᠥᠪᠡᠷᠮᠢᠴᠡ ᠳᠠᠪᠠᠭᠤᠯᠢᠭ ‍ᠢ ᠦᠨᠡᠨᠬᠦ ᠰᠠᠶᠢᠲᠤᠷ ᠪᠠᠳᠠᠷᠠᠭᠤᠯᠵᠤ ᠂ ᠠᠷᠠᠳ ᠲᠦᠮᠡᠨ ‍ᠢᠶ᠋ᠡᠷ ᠭᠣᠤᠯ ᠪᠣᠯᠭᠠᠬᠤ ᠣᠶᠢᠯᠠᠭᠠᠭᠳᠠᠬᠣᠨ ‍ᠢ ᠢᠮᠠᠭᠲᠠ ᠪᠠᠷᠢᠮᠲᠠᠯᠠᠵᠤ ᠂ ᠣᠯᠠᠨ ᠲᠦᠮᠡᠨ ᠪᠣᠯᠤᠨ ᠠᠷᠠᠳ ᠣᠯᠠᠨ ‍ᠤ ᠭᠣᠤᠯ ᠴᠣᠭᠴᠠ ᠶ᠋ᠢᠨ  ᠦᠢᠯᠡᠳᠦᠯ  ‍ᠢ  ᠭᠦᠢᠴᠡᠳ  ᠪᠠᠳᠠᠷᠠᠭᠤᠯᠬᠤ ᠬᠡᠷᠡᠭᠲᠡᠶ ᠃ ᠡᠬᠡ ᠤᠯᠤᠰ ᠦᠨ ᠤᠮᠠᠷᠠᠲᠤ ᠬᠢᠯᠢ ᠶ᠋ᠢᠨ ᠠᠮᠤᠷ ᠲᠦᠪᠰᠢᠨ ᠲᠣᠭᠲᠠᠭᠤᠨ ‍ᠤ ᠬᠠᠯᠬᠠᠪᠴᠢ ᠶ᠋ᠢ ᠪᠠᠲᠤ ᠴᠣᠭᠴᠠᠯᠠᠵᠤ ᠂ ᠤᠯᠤᠰ ᠲᠥᠷᠦ ᠶ᠋ᠢᠨ ᠠᠮᠤᠷ ᠲᠦᠪᠰᠢᠨ ‍ᠢ ᠬᠠᠮᠠᠭᠠᠯᠠᠬᠤ ᠶ᠋ᠢ ᠦᠨᠳᠦᠰᠦᠨ ᠱᠠᠲᠤᠨ ‍ᠤ ᠨᠠᠶᠢᠭᠡᠮ ‍ᠦᠨ ᠵᠠᠰᠠᠯᠲᠠ ᠶ᠋ᠢᠨ ᠬᠠᠯᠬᠠᠪᠴᠢ ᠪᠣᠯᠭᠠᠬᠤ ᠬᠡᠷᠡᠭᠲᠡᠶ ᠃ ᠨᠡᠶᠢᠭᠡᠮ ‍ᠦᠨ ᠵᠥᠷᠢᠴᠡᠯ ᠠᠶᠤᠯ ᠲᠦᠭᠰᠢᠭᠦᠷᠢ ᠶ᠋ᠢ ᠡᠬᠢ ᠡᠭᠦᠰᠦᠯ ᠡᠴᠡ ᠨᠢ ᠰᠡᠷᠭᠡᠶᠢᠯᠡᠨ ᠠᠷᠢᠯᠭᠠᠬᠤ ᠪᠠᠷ  ᠴᠢᠷᠮᠠᠶᠢᠵᠦ ᠂ ᠨᠡᠶᠢᠭᠡᠮ ‍ᠦᠨ ᠠᠮᠤᠷ ᠲᠦᠪᠰᠢᠨ ᠪᠠ ᠣᠯᠠᠨ ᠨᠡᠶᠢᠲᠡ  ᠶ᠋ᠢᠨ ᠠᠮᠤᠷ ᠲᠦᠪᠰᠢᠨ ‍ᠢ ᠰᠡᠷᠭᠡᠶᠢᠯᠡᠨ ᠡᠵᠡᠮᠳᠡᠬᠦ ᠠᠵᠢᠯ ‍ᠢ ᠨᠠᠩ ᠨᠠᠷᠢᠯᠢᠭ ᠰᠠᠶᠢᠲᠤᠷ ᠬᠢᠬᠦ ᠬᠡᠷᠡᠭᠲᠡᠶ ᠃ ᠬᠠᠤᠯᠢ ᠪᠠᠷ ᠵᠠᠰᠠᠬᠤ ᠂ ᠶᠣᠰᠣ ᠰᠤᠷᠲᠠᠬᠤᠨ ᠢᠶᠠᠷ ᠵᠠᠰᠠᠬᠤ ᠂ ᠥᠪᠡᠷᠲᠡᠭᠡᠨ ᠵᠠᠰᠠᠬᠤ ᠶ᠋ᠢ ᠠᠭᠤᠰᠤᠯᠴᠠᠭᠤᠯᠤᠭᠰᠠᠨ ᠦᠨᠳᠦᠰᠦᠨ ᠱᠠᠲᠤᠨ ‍ᠤ ᠨᠠᠶᠢᠭᠡᠮ ‍ᠦᠨ ᠵᠠᠰᠠᠯᠲᠠ ᠶ᠋ᠢᠨ ᠲᠣᠭᠲᠠᠴᠠ ᠶ᠋ᠢ ᠲᠦᠷᠭᠡᠳᠬᠡᠨ ᠪᠠᠶᠢᠭᠣᠯᠵᠣ ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠠᠶᠢᠭᠡᠮ ‍ᠦᠨ ᠵᠠᠰᠠᠯᠲᠠ ᠶ᠋ᠢᠨ ᠪᠠᠶᠢᠷᠢᠰᠢᠯ ‍ᠢ ᠬᠦᠴᠦᠯᠡᠨ ᠪᠠᠶᠢᠭᠤᠯᠬᠤ ᠬᠡᠷᠡᠭᠲᠡᠶ ᠭᠡᠵᠡᠢ ᠃

    

       ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠂ ᠵᠠᠬᠢᠳᠠᠯ ᠰᠣᠷᠪᠣᠯᠵᠢᠯᠠᠭ᠎ᠠ ᠶ᠋ᠢᠨ ᠲᠣᠪᠴᠢᠶ᠎ᠠ ᠶ᠋ᠢᠨ ᠬᠠᠮᠢᠶ᠎ᠠ ᠪᠦᠬᠦᠢ ᠤᠳᠤᠷᠢᠳᠤᠯᠭ᠎ᠠ ᠂ ᠡᠯ᠎ᠡ ᠠᠶᠢᠮᠠᠭ ᠬᠣᠲᠠ ᠂ ᠬᠣᠰᠢᠭᠤ ᠰᠢᠶᠠᠨ ᠲᠣᠭᠣᠷᠢᠭ ‍ᠤᠨ ᠱᠦᠵᠢ ᠨᠡᠶᠢᠲᠡ 90 ᠭᠠᠷᠤᠶ ᠬᠥᠮᠦᠨ ᠬᠤᠷᠠᠯ ᠳ᠋ᠤ ᠣᠷᠣᠯᠴᠠᠵᠠᠶ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ