ᠪᠥᠬᠥ ᠬᠣᠰᠢᠭᠤᠨ ‍ᠤ ᠳᠥᠷᠪᠡᠳᠦᠭᠡᠷ ᠤᠯᠠᠷᠢᠯ ‍ᠤᠨ ᠠᠶᠤᠯᠭᠦᠶ ᠦᠢᠯᠡᠳᠪᠣᠷᠢᠯᠡᠯ ᠵᠢᠴᠢ ᠨᠠᠮᠤᠷ ᠡᠪᠦᠯ ‍ᠦᠨ ᠣᠯᠠᠷᠢᠯ ᠤᠨ ᠣᠢ ᠰᠢᠭᠤᠶ ᠨᠤᠲᠤᠭ ᠪᠡᠯᠴᠢᠭᠡᠷ ‍ᠦᠨ ᠭᠠᠯ ‍ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠣᠷᠠᠯᠳᠣᠭᠣᠯᠣᠭᠰᠠᠨ

ᠣᠩᠰᠢᠭᠰᠠᠨ ᠤᠳᠠᠭ᠎ᠠ ᠄ 1370     ᠨᠡᠶᠢᠳᠡᠯᠡᠭᠰᠡᠨ ᠴᠠᠭ ᠄ 2019/10/24 9:17:56

   10 ᠳ᠋ᠣᠭᠠᠷ ᠰᠠᠷ᠎ᠠ ᠶ᠋ᠢᠨ 21 ‍ᠦ ᠡᠳᠦᠷ ᠂  ᠨᠠᠢᠮᠠᠨ ᠬᠣᠰᠢᠭᠤ ᠳᠥᠷᠪᠡᠳᠦᠭᠡᠷ ᠤᠯᠠᠷᠢᠯ ‍ᠤᠨ ᠠᠶᠤᠯᠭᠦᠶ  ᠦᠢᠯᠡᠳᠪᠣᠷᠢᠯᠡᠯ  ᠵᠢᠴᠢ ᠨᠠᠮᠤᠷ ᠡᠪᠦᠯ ‍ᠦᠨ ᠣᠯᠠᠷᠢᠯ ᠤᠨ ᠣᠢ ᠰᠢᠭᠤᠶ ᠨᠤᠲᠤᠭ ᠪᠡᠯᠴᠢᠭᠡᠷ ‍ᠦᠨ ᠭᠠᠯ ‍ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠵᠤ ᠂ ᠬᠤᠷᠠᠯ ‍ᠢ ᠲᠸᠯᠸᠢᠰ ᠬᠣᠷᠠᠯ ᠤᠨ ᠬᠡᠯᠪᠡᠷᠢ ᠪᠡᠷ ᠶᠠᠪᠣᠭᠳᠠᠭᠣᠯᠣᠨ ᠂  ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠬᠣᠰᠢᠭᠣᠨ ᠤ ᠵᠠᠰᠠᠭ ᠤᠨ ᠣᠷᠳᠣᠨ ‍ᠤ ᠪᠠᠶᠢᠩᠭᠤ ᠶ᠋ᠢᠨ ᠳᠡᠳ᠋ ᠬᠣᠰᠢᠭᠣᠨ ᠳᠠᠷᠤᠭ᠎ᠠ ᠭᠦᠸᠧ ᠶᠦᠩ ᠬᠤᠷᠠᠯ ᠳ᠋ᠤ ᠣᠷᠣᠯᠴᠬᠠᠣ ᠶ᠋ᠢᠨ ᠬᠠᠮᠳᠣ ᠴᠢᠬᠤᠯᠠ ᠶᠠᠷᠢᠶ᠎ᠠ ᠳᠠᠯᠪᠢᠭᠰᠠᠨ ᠪᠠᠶᠢᠨ᠎ᠠ ᠃

   

     ᠬᠤᠷᠠᠯ ᠳᠡᠭᠡᠷ᠎ᠡ ᠂ ᠲᠦᠷᠦᠭᠦᠦ ᠭᠤᠷᠪᠠᠨ ᠤᠯᠠᠷᠢᠯ ‍ᠤᠨ ᠪᠥᠬᠥ ᠬᠣᠰᠢᠭᠤᠨ ‍ᠤ ᠠᠶᠤᠯᠭᠦᠶ ᠦᠢᠯᠡᠳᠪᠣᠷᠢᠯᠡᠯ  ‍ᠦᠨ ᠪᠠᠶᠢᠳᠠᠯ ᠵᠢᠴᠢ ᠪᠥᠬᠥ ᠬᠣᠲᠠ ᠶ᠋ᠢᠨ ᠦᠢᠯᠡᠳᠪᠣᠷᠢᠯᠡᠯ ‍ᠦᠨ ᠠᠮᠤᠷ ᠲᠦᠪᠰᠢᠨ ‍ᠦ ᠡᠨᠳᠡᠯ ᠭᠠᠷᠤᠭᠰᠠᠨ ᠪᠠᠶᠢᠳᠠᠯ ‍ᠢ ᠮᠡᠳᠡᠭᠳᠡᠵᠦ ᠂ ᠬᠣᠰᠢᠭᠤᠨ ‍ᠤ ᠠᠷᠠᠳ ‍ᠤᠨ ᠵᠠᠰᠠᠭ ᠤᠨ ᠣᠷᠳᠣᠨ ‍ᠤ ᠬᠣᠰᠢᠭᠣᠨ ᠳᠠᠷᠤᠭ᠎ᠠ ᠪᠦᠷᠢᠨ ᠤ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠳᠠᠮᠵᠢᠭᠣᠯᠬᠣ ᠶ᠋ᠢᠨ ᠬᠠᠮᠲᠤ ᠳᠥᠷᠪᠡᠳᠦᠭᠡᠷ ᠤᠯᠠᠷᠢᠯ ‍ᠤᠨ ᠭᠣᠤᠯᠳᠠᠯᠭ᠎ᠠ ᠲᠠᠶ ᠠᠵᠢᠯ ᠤᠨ ᠡᠭᠦᠷᠭᠡ ᠳ᠋ᠤ ᠳᠣᠬᠢᠷᠠᠭᠣᠯᠣᠯᠳᠠ ᠬᠢᠵᠡᠢ ᠃
     ᠬᠤᠷᠠᠯ ᠡᠴᠠ ᠂ ᠠᠶᠤᠯᠭᠦᠶ ᠦᠢᠯᠡᠳᠪᠣᠷᠢᠯᠡᠯ  ‍ᠦᠨ ᠬᠠᠷᠢᠭᠤᠴᠠᠯᠭ᠎ᠠ ᠶ᠋ᠢᠨ ᠨᠠᠶᠢᠳᠠᠪᠤᠷᠢᠵᠢᠭᠤᠯᠤᠯᠲᠠ ᠶ᠋ᠢ ᠴᠢᠨᠠᠭᠰᠢᠳᠠ ᠴᠢᠩᠭᠠᠳᠬᠠᠵᠤ ᠂ ᠬᠠᠤᠯᠢ ᠶ᠋ᠢ ᠴᠢᠩᠭ᠎ᠠ ᠬᠡᠷᠡᠭᠵᠢᠬᠦᠯᠦᠨ ᠂ ᠬᠠᠤᠯᠢ ᠲᠣᠭᠲᠠᠭᠠᠯ ᠡᠴᠠ ᠵᠥᠷᠢᠴᠡᠭᠰᠡᠨ ᠠᠵᠤ ᠠᠬᠣᠶᠢᠯᠠᠯ ᠳ᠋ᠤ ᠴᠣᠬᠢᠯᠲᠠ ᠥᠭᠬᠦ ᠡᠷᠴᠢᠮ ‍ᠢᠶ᠋ᠡᠨ ᠴᠢᠩᠭᠠᠷᠠᠭᠤᠯᠵᠤ ᠂ ᠠᠶᠤᠯᠭᠦᠶ  ᠦᠢᠯᠡᠳᠳᠪᠣᠷᠢᠯᠡᠯ  ‍ᠦᠨ ᠤᠬᠠᠭᠤᠯᠭ᠎ᠠ ᠬᠥᠮᠦᠵᠢᠯ ‍ᠦᠨ ᠠᠵᠢᠯ ‍ᠢ ᠴᠢᠨᠠᠭᠰᠢᠳᠠ ᠰᠠᠶᠢᠲᠤᠷ ᠬᠢᠵᠦ ᠂ ᠪᠠᠶᠢᠭᠠᠯᠢ ᠶ᠋ᠢᠨ ᠭᠠᠮᠰᠢᠭ ᠵᠡᠷᠭᠡ ᠭᠡᠨᠡᠳᠲᠡ ᠶ᠋ᠢᠨ ᠬᠡᠷᠡᠭ ᠪᠣᠯᠤᠨ ᠭᠠᠮᠰᠢᠭ ‍ᠢ ᠰᠡᠷᠭᠡᠶᠢᠯᠡᠬᠦ ᠭᠠᠮᠰᠢᠭ ‍ᠢ ᠪᠠᠭᠠᠰᠬᠠᠬᠤ ᠭᠠᠮᠰᠢᠭ ᠡᠴᠠ ᠠᠪᠤᠷᠠᠬᠤ ᠶᠡᠷᠦᠩᠬᠡᠶᠢᠯᠡᠭᠰᠡᠨ ᠴᠢᠳᠠᠪᠤᠷᠢ ᠶ᠋ᠢ ᠴᠢᠩᠭᠠᠳᠬᠠᠬᠤ ᠶ᠋ᠢ ᠱᠠᠭᠠᠷᠳᠠᠭᠰᠠᠨ ᠪᠠᠶᠢᠨ᠎ᠠ ᠃
     ᠬᠤᠷᠠᠯ ᠳᠡᠭᠡᠷ᠎ᠡ ᠂ ᠬᠣᠰᠢᠭᠤᠨ ‍ᠤ ᠠᠶᠤᠯᠭᠦᠶ  ᠦᠢᠯᠡᠳᠪᠣᠷᠢᠯᠡᠯ ‍ᠦᠨ ᠵᠥᠪᠯᠡᠯ ‍ᠦᠨ ᠡᠷᠬᠢᠯᠡᠭᠴᠢ ᠂ ᠬᠣᠰᠢᠭᠤᠨ ‍ᠤ ᠠᠷᠠᠳ ‍ᠤᠨ ᠵᠠᠰᠠᠭ ᠤᠨ ᠣᠷᠳᠣᠨ ‍ᠤ ᠬᠣᠰᠢᠭᠤᠨ ᠳᠠᠷᠤᠭ᠎ᠠ ᠪᠦᠷᠢᠨ ᠤ ᠮᠠᠨ ‍ᠤ ᠬᠣᠰᠢᠭᠤᠨ ‍ᠤ ᠠᠶᠤᠯᠭᠦᠶ  ᠦᠢᠯᠡᠳᠪᠣᠷᠢᠯᠡᠯ  ‍ᠦᠨ ᠠᠵᠢᠯ ᠳ᠋ᠤ ᠥᠭᠭᠦᠭᠰᠡᠨ ᠴᠢᠬᠣᠯᠠ ᠴᠣᠬᠣᠯᠠᠪᠤᠷᠢ ᠶ᠋ᠢ ᠳᠠᠮᠵᠢᠭᠣᠯᠣᠨ ᠂ ᠪᠦᠷᠢᠨ ᠬᠣᠰᠢᠭᠤᠨ ᠳᠠᠷᠤᠭ᠎ᠠ ᠴᠣᠬᠣᠯᠠᠪᠤᠷᠢ ᠳ᠋ᠠᠭᠠᠨ ᠴᠢᠩᠭᠠᠳᠬᠠᠭᠰᠠᠨ ᠨᠢ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠣᠰ ᠡᠳᠦᠷ ᠡᠴᠡ ᠡᠬᠢᠯᠡᠨ ᠂ ᠠᠶᠤᠯᠲᠠᠶ ᠬᠢᠮᠢ ᠶ᠋ᠢᠨ ᠪᠣᠳᠠᠰ ᠂ ᠵᠠᠮ ᠬᠠᠷᠢᠯᠴᠠᠭ᠎ᠠ ᠂ ᠪᠠᠷᠢᠯᠭ᠎ᠠ ᠶ᠋ᠢᠨ ᠳᠠᠯᠠᠪᠣᠷ ᠂ 《 ᠶᠢᠰᠦᠨ ᠪᠠᠭ᠎ᠠ ᠲᠠᠯᠠᠪᠤᠷ ᠭᠠᠵᠠᠷ 》 ᠂ ᠣᠨᠴᠠ ᠲᠥᠷᠥᠯ ‍ᠦᠨ ᠲᠣᠨᠣᠭ ᠲᠥᠬᠥᠭᠡᠷᠦᠮᠵᠢ ᠵᠡᠷᠭᠡ ᠭᠣᠤᠯᠳᠠᠯᠭ᠎ᠠ ᠲᠠᠶ ᠠᠵᠢᠯ ᠲᠥᠷᠥᠯ ‍ᠦᠨ ᠬᠦᠷᠢᠶᠡᠨ ᠳ᠋ᠡᠬᠢ ᠠᠶᠤᠯᠭᠦᠶ ᠦᠢᠯᠡᠳᠪᠣᠷᠢᠯᠡᠯ  ‍ᠦᠨ ᠲᠤᠰᠬᠠᠶ ᠵᠠᠰᠠᠯᠲᠠ ᠶ᠋ᠢ ᠪᠦᠬᠦ ᠲᠠᠯ᠎ᠠ ᠪᠠᠷ ᠥᠷᠨᠢᠭᠦᠯᠵᠦ ᠂ 《 ᠪᠣᠳᠣᠵᠤ ᠣᠯᠬᠤ ᠥᠬᠡᠶ ᠂ ᠣᠯᠵᠤ ᠦᠵᠡᠬᠦ ᠥᠬᠡᠶ 》 ᠵᠡᠷᠭᠡ ᠪᠡᠶᠡᠴᠢ ᠰᠢᠯᠳᠠᠭᠠᠨ ᠡᠴᠡ ᠪᠣᠯᠵᠤ ᠡᠨᠳᠡᠯ ᠭᠠᠷᠬᠤ ᠶ᠋ᠢ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ ᠃
     ᠬᠤᠷᠠᠯ ᠡᠴᠠ ᠴᠢᠬᠤᠯᠠᠴᠢᠯᠠᠭᠰᠠᠨ ᠨᠢ ᠂ ᠨᠠᠮᠤᠷ ᠡᠪᠦᠯ ‍ᠦᠨ ᠣᠯᠠᠷᠢᠯ ᠤᠨ ᠣᠢ ᠰᠢᠭᠤᠶ ᠨᠤᠲᠤᠭ ᠪᠡᠯᠴᠢᠭᠡᠷ ‍ᠦᠨ ᠭᠠᠯ ‍ᠢ ᠰᠡᠷᠭᠡᠶᠢᠯᠡᠨ ᠤᠨᠲᠠᠷᠠᠭᠠᠬᠤ ᠠᠵᠢᠯ ‍ᠢ ᠪᠠᠲᠤᠲᠠᠶ ᠰᠠᠶᠢᠲᠤᠷ ᠬᠢᠵᠦ ᠂ ᠲᠦᠢᠮᠡᠷ ‍ᠦᠨ ᠡᠬᠢ ᠶ᠋ᠢ ᠴᠢᠩᠭ᠎ᠠ ᠬᠠᠮᠢᠶᠠᠷᠤᠨ ᠡᠵᠡᠮᠳᠡᠵᠦ ᠂ ᠭᠠᠯ ‍ᠢ ᠰᠡᠷᠭᠡᠶᠢᠯᠡᠨ ᠤᠨᠲᠠᠷᠠᠭᠠᠬᠤ ᠪᠠᠶᠢᠭᠣᠯᠣᠮᠵᠢ ᠪᠣᠯᠤᠨ ᠡᠩᠨᠡᠭᠡᠨ ‍ᠦ ᠪᠠᠶᠢᠭᠤᠯᠤᠯᠲᠠ ᠶ᠋ᠢ ᠴᠢᠨᠠᠭᠰᠢᠳᠠ ᠴᠢᠩᠭᠠᠳᠬᠠᠵᠤ ᠂ ᠵᠢᠯᠣᠭᠣᠳᠬᠤ ᠰᠢᠰᠲ᠋ᠧᠮ ᠪᠣᠯᠤᠨ ᠵᠣᠬᠢᠴᠠᠭᠤᠯᠬᠤ ᠲᠣᠭᠲᠠᠴᠠ ᠶ᠋ᠢ ᠲᠡᠭᠦᠯᠳᠡᠷᠵᠢᠭᠦᠯᠵᠦ ᠂ ᠣᠯᠠᠨ  ᠵᠦᠢᠯ  ‍ᠦᠨ ᠠᠷᠭ᠎ᠠ ᠬᠡᠯᠪᠡᠷᠢ ᠪᠣᠯᠤᠨ ᠠᠷᠭ᠎ᠠ ᠵᠠᠮ ᠢᠶᠠᠷ ᠭᠠᠯ ‍ᠢ ᠰᠡᠷᠭᠡᠶᠢᠯᠡᠬᠦ ᠤᠬᠠᠭᠤᠯᠭ᠎ᠠ ᠶ᠋ᠢ ᠥᠷᠨᠢᠭᠦᠯᠬᠦ ᠬᠡᠷᠡᠭᠲᠡᠶ ᠬᠡᠵᠡᠢ ᠃

     ᠬᠤᠷᠠᠯ ᠳᠡᠭᠡᠷ᠎ᠡ ᠂ ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠬᠣᠰᠢᠭᠣᠨ ᠤ ᠵᠠᠰᠠᠭ ᠤᠨ ᠣᠷᠳᠣᠨ ‍ᠤ ᠪᠠᠶᠢᠩᠭᠤ ᠶ᠋ᠢᠨ ᠳᠡᠳ᠋ ᠬᠣᠰᠢᠭᠣᠨ ᠲᠠᠷᠣᠭ᠎ᠠ  ᠭᠦᠸᠧ ᠶᠦᠩ ᠲᠠᠷᠠᠭᠠᠴᠢ ᠶ᠋ᠢᠨ ᠠᠯᠬᠤᠮ ‍ᠤᠨ ᠠᠶᠤᠯᠭᠦᠶ  ᠦᠢᠯᠡᠳᠪᠣᠷᠢᠯᠡᠯ  ᠵᠢᠴᠢ ᠨᠠᠮᠤᠷ ᠡᠪᠦᠯ ‍ᠦᠨ ᠤᠯᠠᠷᠢᠯ ‍ᠤᠨ ᠣᠢ ᠰᠢᠭᠤᠶ ᠨᠤᠲᠤᠭ ᠪᠡᠯᠴᠢᠭᠡᠷ ‍ᠦᠨ ᠭᠠᠯ ‍ᠢ ᠰᠡᠷᠭᠡᠶᠢᠯᠡᠨ ᠤᠨᠲᠠᠷᠠᠭᠠᠬᠤ ᠠᠵᠢᠯ ‍ᠢ ᠰᠠᠶᠢᠲᠤᠷ ᠬᠢᠬᠦ ᠲᠤᠬᠠᠶ ᠭᠤᠷᠪᠠᠨ ᠰᠠᠨᠠᠯ ᠳᠣᠷᠠᠳᠴᠣ ᠂ ᠨᠢᠭᠡ ᠳ᠋ᠦ ᠂ ᠥᠪᠡᠷ ‍ᠢ ᠪᠡᠨ ᠲᠤᠩᠭᠠᠵᠤ ᠥᠪᠡᠷ ‍ᠢ ᠪᠡᠨ ᠪᠠᠶᠢᠴᠠᠭᠠᠬᠤ ᠶ᠋ᠢ ᠪᠠᠷᠢᠮᠲᠠᠯᠠᠵᠤ ᠂ ᠪᠠᠶᠢᠳᠠᠯ ‍ᠢ ᠰᠢᠨᠵᠢᠯᠡᠬᠦ ᠤᠬᠠᠭᠠᠨᠴᠢ ᠪᠠᠷ ᠵᠠᠳᠠᠯᠵᠤ ᠂ ᠠᠵᠢᠯ ᠤᠨ ᠠᠮᠵᠢᠯᠲᠠ ᠶ᠋ᠢ ᠨᠤᠲᠠᠯᠠᠬᠤ ᠪᠠᠷ ᠪᠠᠷᠠᠬᠤ ᠥᠬᠡᠶ ᠂ ᠨᠠᠩ ᠴᠤ ᠠᠰᠠᠭᠤᠳᠠᠯ ᠬᠦᠷᠦᠯᠴᠡᠬᠦ ᠥᠬᠡᠶ ᠪᠠᠶᠢᠬᠣ ᠳ᠋ᠤ ᠵᠠᠰᠠᠯᠳᠠ ᠬᠢᠵᠦ ᠂ ᠴᠠᠭ ᠢᠮᠠᠭᠲᠠ ᠠᠮᠤᠷ ᠲᠦᠪᠰᠢᠨ ‍ᠦ ᠡᠷᠴᠢᠮ ᠢ ᠴᠢᠩᠭᠠᠯᠠᠬᠣ ᠬᠡᠷᠡᠭᠳᠡᠢ ᠃ ᠬᠣᠶᠠᠷ ᠲᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ ᠂ ᠪᠦᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ‍ᠢ ᠲᠦᠯᠬᠢᠨ ᠠᠬᠢᠭᠤᠯᠬᠤ ᠳ᠋ᠤ ᠭᠣᠣᠯᠳᠠᠯᠭ᠎ᠠ ᠶ᠋ᠢ ᠳᠣᠪᠣᠶᠢᠯᠭᠠᠬᠤ ᠮᠥᠷᠲᠡᠭᠡᠨ ᠨᠠᠩ ᠴᠤ ᠡᠳᠦᠷ ᠲᠤᠲᠤᠮ ‍ᠤᠨ ᠠᠵᠢᠯ ᠢ ᠠᠳᠬᠤᠵᠤ ᠂ ᠠᠶᠤᠯᠭᠦᠶ ᠦᠢᠯᠡᠳᠪᠦᠷᠢᠯᠡᠯ ‍ᠦᠨ ᠠᠵᠢᠯ ‍ᠢ ᠪᠣᠳᠠᠲᠠᠶ ᠰᠠᠶᠢᠲᠤᠷ ᠠᠳᠬᠤᠬᠤ ᠬᠡᠷᠡᠭᠲᠡᠶ ᠃ ᠭᠣᠷᠪᠠ ᠳ᠋ᠤ ᠂ ᠡᠨᠡ ᠡᠪᠦᠯ ᠢᠷᠡᠬᠦ ᠬᠠᠪᠤᠷ ᠦᠨ ᠣᠢ ᠰᠢᠭᠤᠶ ᠨᠤᠲᠤᠭ ᠪᠡᠯᠴᠢᠭᠡᠷ ‍ᠦᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ‍ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ ᠬᠡᠵᠡᠢ ᠃

   

      ᠬᠣᠰᠢᠭᠤᠨ ‍ᠤ ᠠᠶᠤᠯᠭᠦᠶ ᠦᠢᠯᠡᠳᠪᠣᠷᠢᠯᠡᠯ  ‍ᠦᠨ ᠵᠥᠪᠯᠡᠯ ‍ᠦᠨ ᠪᠦᠷᠢᠯᠳᠦᠬᠦᠨ ᠨᠢᠭᠡᠴᠡ ᠶ᠋ᠢᠨ ᠬᠠᠷᠢᠭᠤᠴᠠᠯᠭᠠᠲᠠᠨ ᠂ ᠬᠣᠰᠢᠭᠤᠨ ‍ᠤ ᠣᠢ ᠰᠢᠭᠤᠶ ᠨᠤᠲᠤᠭ ᠪᠡᠯᠴᠢᠭᠡᠷ ‍ᠦᠨ ᠭᠠᠯ ‍ᠢ ᠰᠡᠷᠭᠡᠶᠢᠯᠡᠨ ᠤᠨᠲᠠᠷᠠᠭᠠᠬᠤ ᠵᠢᠯᠣᠭᠣᠳᠬᠤ ᠭᠠᠵᠠᠷ ‍ᠤᠨ ᠪᠦᠷᠢᠯᠳᠦᠬᠦᠨ ᠨᠢᠭᠡᠴᠡ ᠶ᠋ᠢᠨ ᠬᠠᠷᠢᠭᠤᠴᠠᠯᠭᠠᠲᠠᠨ ᠂ ᠬᠣᠰᠢᠭᠤᠨ ‍ᠤ ᠳᠣᠳᠣᠨᠠᠬᠢ ᠭᠣᠤᠯᠳᠠᠯᠭ᠎ᠠ ᠲᠠᠶ ᠠᠵᠤ ᠠᠬᠣᠶᠢᠯᠠᠯ ‍ᠤᠨ ᠬᠠᠷᠢᠭᠤᠴᠠᠯᠭᠠᠲᠠᠨ ᠂ ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠵᠡᠭᠡᠯᠢ ᠭᠤᠳᠤᠮᠵᠢ ᠶ᠋ᠢᠨ ᠨᠠᠮ ᠵᠠᠰᠠᠭ ᠤᠨ ᠭᠣᠤᠯ ᠬᠠᠷᠢᠭᠤᠴᠠᠯᠭᠠᠲᠠᠨ ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠂ ᠠᠶᠤᠯᠭᠦᠶ ᠦᠢᠯᠡᠳᠪᠣᠷᠢᠯᠡᠯ  ‍ᠦᠨ ᠬᠢᠨᠠᠯᠲᠠ ᠬᠠᠮᠢᠶᠠᠷᠤᠯᠲᠠ ᠶ᠋ᠢᠨ ᠠᠯᠪᠠᠨ ᠭᠡᠷ ‍ᠦᠨ ᠪᠦᠬᠦ ᠠᠵᠢᠯᠲᠠᠨ ᠂ ᠳᠣᠲᠣᠭᠠᠳᠤ ᠶ᠋ᠢ ᠬᠠᠮᠠᠭᠠᠯᠠᠬᠤ ᠲᠣᠮᠢᠯᠠᠭᠰᠠᠨ ᠰᠠᠯᠪᠤᠷᠢ ᠶ᠋ᠢᠨ ᠬᠠᠷᠢᠭᠤᠴᠠᠯᠭᠠᠲᠠᠨ ᠂ ᠬᠠᠷᠢᠶᠠᠳᠣ ᠣᠷᠣᠨ ‍ᠤ ᠤᠯᠤᠰ ᠤᠨ ᠦᠮᠴᠢᠯᠡᠯᠳᠦ ᠣᠢ ᠰᠢᠭᠤᠶ ᠶ᠋ᠢᠨ ᠲᠠᠯᠠᠪᠠᠢ ᠶ᠋ᠢᠨ ᠬᠠᠷᠢᠭᠤᠴᠠᠯᠭᠠᠲᠠᠨ ᠂ ᠬᠠᠷᠢᠶᠠᠳᠣ ᠣᠷᠣᠨ ‍ᠤ ᠭᠣᠤᠯᠳᠠᠯᠭ᠎ᠠ ᠲᠠᠶ ᠠᠵᠤ ᠠᠬᠣᠶᠢᠯᠠᠯ ‍ᠤᠨ ᠬᠠᠷᠢᠭᠤᠴᠠᠯᠭᠠᠲᠠᠨ ᠬᠤᠷᠠᠯ ᠳ᠋ᠤ ᠣᠷᠣᠯᠴᠠᠪᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ