ᠬᠣᠰᠢᠭᠣᠨ ᠤ ᠤᠯᠠᠭᠠᠨᠮᠥ᠋ᠴᠢᠷ ᠄ ᠡᠭᠦᠷᠢᠳᠡ ᠬᠤᠪᠢᠰᠬᠠᠯᠲᠤ ᠤᠳᠬ᠎ᠠ ᠤᠷᠠᠯᠢᠭ ‍ᠤᠨ ᠬᠥᠩᠭᠡᠨ ᠮᠣᠷᠢᠲᠤ ᠴᠡᠷᠢᠭ ᠪᠣᠯᠬᠣ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 836     ᠨᠡᠶᠢᠳᠡᠯᠡᠭᠰᠡᠨ ᠴᠠᠭ ᠄ 2019/10/24 11:27:27

     ᠰᠢᠨ᠎ᠡ ᠴᠠᠭ ᠦᠶ᠎ᠡ ᠳ᠋ᠤ ᠣᠷᠣᠵᠤ ᠂ 《 ᠬᠤᠪᠢᠰᠬᠠᠯᠲᠤ ᠤᠳᠬ᠎ᠠ ᠤᠷᠠᠯᠢᠭ ‍ᠤᠨ ᠬᠥᠩᠭᠡᠨ ᠮᠣᠷᠢᠲᠤ ᠴᠡᠷᠢᠭ 》 ᠪᠣᠯᠤᠭᠰᠠᠨ ᠤᠯᠠᠭᠠᠨᠮᠥ᠋ᠴᠢᠷ ᠂ ᠲᠠᠯ᠎ᠠ ᠨᠤᠲᠤᠭ ᠳᠡᠭᠡᠷ᠎ᠡ ᠲᠠᠰᠤᠷᠠᠯᠲᠠ ᠦᠭᠡᠢ ᠠᠮᠢᠵᠢᠷᠠᠯ ‍ᠤᠨ ᠬᠦᠴᠦᠨ ‍ᠢᠶ᠋ᠡᠨ ᠪᠠᠳᠠᠷᠠᠭᠤᠯᠵᠤ ᠪᠠᠶᠢᠨ᠎ᠠ ᠃ ᠣᠶᠢᠷ᠎ᠠ ᠶ᠋ᠢᠨ ᠡᠳᠦᠷ ᠂ ᠬᠣᠰᠢᠭᠣᠨ ᠤ ᠤᠯᠠᠭᠠᠨᠮᠥ᠋ᠴᠢᠷ ᠭᠣᠷᠪᠠᠨᠬᠣᠸᠠ ᠰᠤᠮᠤᠨ ‍ᠤ ᠪᠤᠷᠭᠠᠰᠤᠲᠠᠶ ᠭᠠᠴᠠᠭ᠎ᠠ ᠳ᠋ᠤ ᠬᠦᠷᠴᠦ ᠂ ᠲᠣᠰᠬᠣᠨ ‍ᠤ ᠠᠷᠠᠳ ‍ᠤᠨ ᠬᠦᠰᠡᠯ ᠡᠷᠡᠮᠡᠯᠵᠡᠯ ᠳᠤᠮᠳᠠ ᠂ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ᠵᠢᠴᠢ 《 ᠠᠮᠢᠳᠤᠷᠠᠯ ᠳ᠋ᠤ ᠭᠦᠨᠵᠡᠭᠡᠶᠢᠷᠡᠵᠦ ᠂ ᠠᠷᠠᠳ ᠲᠦᠮᠡᠨ ‍ᠦ ᠳᠤᠮᠳᠠ ᠦᠨᠳᠦᠰᠦᠯᠡᠵᠦ ᠂ ᠡᠬᠦᠷᠢᠳᠡ ᠲᠠᠯ᠎ᠠ ᠨᠤᠲᠤᠭ ‍ᠤᠨ ᠬᠤᠪᠢᠰᠬᠠᠯᠲᠤ ᠤᠳᠬ᠎ᠠ ᠤᠷᠠᠯᠢᠭ ‍ᠤᠨ ᠬᠥᠩᠭᠡᠨ ᠮᠣᠷᠢᠲᠤ ᠴᠡᠷᠢᠭ ᠪᠣᠯᠬᠣ 》 ᠠᠷᠠᠳ ᠲᠤ ᠠᠰᠢᠭ ᠬᠦᠷᠲᠡᠭᠡᠬᠦ ᠣᠷᠠᠨ ᠰᠠᠶᠢᠬᠠᠨ ᠤ ᠲᠣᠭᠯᠠᠯᠲᠠ ᠭᠠᠷᠭᠠᠪᠠ ᠃

    ᠠᠷᠪᠠᠳᠤᠭᠠᠷ ᠰᠠᠷ᠎ᠠ ᠶ᠋ᠢᠨ ᠠᠭᠤᠷ ᠠᠮᠢᠰᠬᠤᠯ ᠨᠢᠭᠡᠨᠲᠡ ᠬᠦᠢᠲᠡᠨ ᠰᠠᠯᠬᠢ ᠦᠯᠢᠶᠡᠬᠦ ᠪᠣᠯᠤᠭᠰᠠᠨ ᠪᠣᠯᠪᠠᠴᠤ ᠲᠣᠰᠬᠣᠨ ‍ᠤ ᠠᠷᠠᠳ ‍ᠤᠨ ᠲᠣᠭᠯᠠᠯᠲᠠ ᠦᠵᠡᠬᠦ ᠬᠠᠯᠠᠭᠤᠨ ᠰᠡᠳᠬᠢᠯᠭᠡ ᠶ᠋ᠢ ᠬᠣᠷᠢᠭᠯᠠᠵᠤ ᠴᠢᠳᠠᠭᠰᠠᠨ ᠦᠭᠡᠢ ᠃ ᠪᠥᠵᠢᠭ ᠂ ᠬᠣᠤᠰᠯᠠᠯ ᠬᠥᠭᠵᠢᠮ ᠂ ᠮᠣᠷᠢᠨ ᠬᠤᠭᠤᠷ ‍ᠤᠨ ᠭᠣᠴᠣᠯᠠᠯ ᠬᠥᠭᠵᠢᠮ ᠂ ᠬᠥᠭᠡᠮᠡᠶ ᠂ ᠱᠣᠭ ᠵᠦᠴᠦᠭᠡ ᠵᠡᠷᠭᠡ ᠣᠯᠠᠨ ᠬᠡᠯᠪᠡᠷᠢ ᠶ᠋ᠢᠨ ᠠᠷᠪᠠᠨ ᠲᠠᠪᠤᠨ ᠲᠣᠭᠯᠠᠯᠲᠠ ᠪᠠᠨ ᠡᠭᠡᠯᠵᠢᠯᠡᠨ ᠳᠣᠭᠯᠠᠵᠣ ᠂ ᠦᠵᠡᠭᠴᠢᠳ ‍ᠦᠨ ᠠᠩᠬᠠᠷᠤᠯ ‍ᠢ ᠶᠡᠬᠡᠳᠡ ᠲᠠᠲᠠᠵᠠᠶ ᠃ ᠳᠠᠭᠤᠤ 《 ᠡᠬᠡ ᠤᠯᠤᠰ ᠲᠠᠶ ᠪᠠᠨ ᠪᠢ 》 ᠂ ᠪᠥᠵᠢᠭ 《 ᠮᠠᠯᠴᠢᠳ ᠡᠪ ᠬᠠᠮᠲᠤ ᠨᠠᠮ ᠢᠶᠡᠨ ᠳᠠᠭᠣᠯᠠᠨ᠎ᠠ 》 ᠵᠡᠷᠬᠡ ᠲᠠᠯ᠎ᠠ ᠨᠤᠲᠤᠭ ‍ᠤᠨ ᠬᠥᠪᠡᠭᠦᠳ ᠥᠬᠢᠳ ‍ᠦᠨ ᠤᠯᠤᠰ ᠢᠶᠡᠨ ᠬᠠᠶᠢᠷᠠᠯᠠᠬᠤ ᠨᠠᠮ ᠢᠶᠡᠨ ᠬᠠᠶᠢᠷᠠᠯᠠᠬᠤ ᠰᠡᠳᠬᠢᠯᠭᠡ ᠶ᠋ᠢ ᠢᠯᠡᠳᠬᠡᠵᠦ ᠂ ᠬᠣᠤᠰᠯᠠᠯ ᠬᠥᠭᠵᠢᠮ 《 ᠮᠠᠯᠴᠢᠨ ᠵᠠᠯᠠᠭᠤᠴᠤᠳ 》 ᠂ ᠡᠷᠡᠭᠲᠡᠶ ᠶ᠋ᠢᠨ ᠭᠣᠴᠣᠯᠠᠯ ᠳᠠᠭᠤᠤ 《 ᠮᠣᠩᠭᠣᠯ ‍ᠤᠨ ᠰᠡᠳᠬᠢᠯᠬᠡ 》 ᠂ ᠬᠥᠭᠡᠮᠡᠶ 《 ᠮᠣᠷᠢᠨ ‍ᠤ ᠮᠠᠭᠲᠠᠭᠠᠯ 》 ᠵᠡᠷᠭᠡ ᠲᠣᠭᠯᠠᠯᠲᠠ ᠨᠢ ᠥᠨᠢᠷ ᠪᠠᠶᠠᠯᠢᠭ ᠮᠣᠩᠭᠣᠯ ᠦᠨᠳᠦᠰᠦᠲᠡᠨ ‍ᠦ ᠰᠣᠶᠣᠯ ‍ᠢ ᠳᠡᠯᠭᠡᠨ ᠦᠵᠡᠭᠦᠯᠵᠡᠶ ᠃ ᠱᠣᠭ ᠵᠦᠴᠦᠭᠡ 《 ᠨᠢᠭᠡ ᠬᠤᠨᠳᠠᠭ᠎ᠠ ᠠᠷᠢᠬᠢ 》 ᠨᠢ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠴᠠᠭ ᠦᠶ᠎ᠡ ᠶ᠋ᠢᠨ ᠭᠣᠤᠯ ᠰᠡᠳᠦᠪ ‍ᠢ ᠢᠯᠡᠷᠡᠭᠦᠯᠵᠦ ᠂ ᠠᠮᠢᠳᠣ ᠳᠦᠷᠰᠦᠯᠢᠭ ᠲᠣᠭᠯᠠᠯᠲᠠ ᠨᠢ ᠶᠠᠳᠠᠭᠤ ᠶ᠋ᠢ ᠲᠡᠳᠬᠦᠬᠦ ᠺᠠᠳ᠋ᠷᠴᠤᠳ ‍ᠤᠨ ᠦᠨᠳᠦᠰᠦᠨ ᠱᠠᠲᠤᠨ ᠳ᠋ᠤ ᠦᠨᠳᠦᠰᠦᠯᠡᠵᠦ ᠂ ᠵᠣᠪᠠᠭᠤᠷᠢ ᠵᠦᠳᠡᠭᠦᠷᠢ ᠶ᠋ᠢ ᠬᠦᠯᠢᠴᠡᠨ ᠲᠡᠰᠪᠦᠷᠢᠯᠡᠬᠦ ᠳᠦᠷᠢ ᠲᠥᠷᠬᠦ ᠶ᠋ᠢ ᠲᠡᠭᠦᠯᠳᠡᠷ ᠢᠯᠡᠷᠡᠬᠦᠯᠵᠦ ᠂ ᠪᠦᠬᠦᠶᠢᠯᠡ ᠲᠣᠭᠯᠠᠯᠲᠠ ᠨᠢ ᠦᠵᠡᠭᠴᠢᠳ ‍ᠦᠨ ᠬᠠᠯᠠᠭᠤᠨ ᠠᠯᠠᠭ᠎ᠠ ᠲᠡᠰᠢᠯᠲᠡ ᠶ᠋ᠢ ᠬᠦᠷᠳᠡᠵᠡᠢ ᠃

  

     ᠪᠣᠷᠭᠠᠰᠣᠳᠠᠢ ᠭᠠᠴᠠᠭᠠᠨ ‍ᠤ ᠠᠷᠠᠳ  ᠯᠢ ᠣᠨᠳᠣᠷᠠᠬᠣ ᠄ ᠪᠢ ᠥᠨᠥᠳᠥᠷ ᠤᠯᠠᠭᠠᠨᠮᠥ᠋ᠴᠢᠷ ‍ᠦᠨ ᠲᠣᠭᠯᠠᠯᠲᠠ ᠶ᠋ᠢ ᠰᠣᠨᠢᠷᠬᠠᠭᠠᠳ ᠳᠣᠩ ᠰᠠᠶᠢᠬᠠᠨ ᠪᠠᠶᠢᠨ᠎ᠠ ᠂ ᠬᠠᠮᠤᠭ ᠪᠠᠬᠠᠷᠬᠠᠳᠠᠭ ᠨᠢ ᠱᠣᠭ ᠵᠦᠴᠦᠭᠡ ᠪᠠᠶᠢᠵᠣ ᠂ ᠱᠣᠭ ᠵᠦᠴᠦᠭᠡ ᠳ᠋ᠤ ᠲᠣᠭᠯᠠᠭᠰᠠᠨ ᠶᠠᠳᠠᠭᠤ ᠡᠴᠠ ᠠᠩᠬᠢᠵᠢᠷᠠᠨ ᠪᠠᠶᠠᠵᠢᠨ ᠴᠢᠨᠡᠬᠡᠯᠢᠭᠵᠢᠭᠰᠡᠨ ᠨᠢ ᠪᠢᠳᠡᠨ ᠳ᠋ᠦ ᠭᠣᠶᠢᠳᠠ ᠰᠠᠶᠢᠬᠠᠨ ᠲᠦᠷᠦᠭᠳᠡᠯ ᠠᠪᠴᠢᠷᠠᠵᠣ ᠂ ᠡᠭᠦᠨ ᠡᠴᠡ ᠬᠣᠶᠢᠰᠢ ᠤᠯᠠᠭᠠᠨᠮᠥ᠋ᠴᠢᠷ ᠤᠨ ᠳᠣᠭᠯᠠᠭᠴᠢᠳ ᠮᠠᠨ ‍ᠤ ᠭᠠᠴᠠᠭ᠎ᠠ ᠳ᠋ᠤ ᠢᠯᠡᠬᠦᠬᠡᠨ ᠢᠷᠡᠵᠦ ᠲᠣᠭᠯᠠᠯᠲᠠ ᠭᠠᠷᠭᠠᠵᠤ ᠂ ᠮᠠᠨ ‍ᠤ ᠠᠷᠠᠳ ᠲᠦᠮᠡᠨ ᠳ᠋ᠤ ᠨᠡᠩ ᠭᠣᠶᠣ ᠰᠠᠶᠢᠬᠠᠨ ᠳᠣᠭᠯᠠᠯᠳᠠ ᠬᠦᠷᠬᠡᠬᠦ ᠶ᠋ᠢ ᠬᠦᠰᠡᠵᠦ ᠪᠠᠶᠢᠨ᠎ᠠ ᠃
    ᠬᠣᠰᠢᠭᠤᠨ ‍ᠤ ᠤᠯᠠᠭᠠᠨᠮᠥ᠋ᠴᠢᠷ ‍ᠦᠨ ᠳᠡᠳ᠋ ᠳᠠᠷᠤᠭ᠎ᠠ ᠢᠦᠢ ᠶᠠᠨ ᠵᠢᠶᠠᠩ ᠄ ᠡᠨᠡ ᠵᠢᠯ ᠪᠣᠯ ᠤᠯᠤᠰ ᠪᠠᠶᠢᠭᠣᠯᠣᠭᠳᠠᠭᠰᠠᠨ 70 ᠵᠢᠯ ‍ᠦᠨ ᠣᠢ ᠪᠠᠶᠢᠵᠣ ᠂ ᠮᠠᠨ ‍ᠤ ᠡᠨᠡ ᠵᠢᠯ ‍ᠦᠨ ᠬᠥᠳᠡᠭᠡ ᠪᠠᠭᠤᠵᠤ ᠲᠣᠭᠯᠠᠯᠲᠠ ᠭᠠᠷᠭᠠᠬᠤ ᠡᠭᠦᠷᠭᠡ ᠦᠩᠬᠡᠷᠡᠭᠰᠡᠨ ᠵᠢᠯ ᠤᠳ ᠡᠴᠠ ᠪᠦᠷ ᠣᠯᠠᠨ ᠪᠠᠶᠢᠨ᠎ᠠ ᠂ ᠡᠨᠡ ᠵᠢᠯ ‍ᠦᠨ ᠲᠣᠭᠯᠠᠯᠲᠠ ᠳ᠋ᠦ ᠬᠡᠳᠦᠨ ᠭᠣᠤᠯ ᠰᠡᠳᠦᠪ ᠲᠡᠶ ᠪᠠᠶᠢᠵᠣ ᠂ ᠨᠢᠭᠡᠳᠦᠭᠡᠷ ᠲᠦ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠪᠠᠷ ᠭᠣᠤᠯ ᠰᠡᠳᠦᠪ ᠪᠣᠯᠭᠠᠨ ᠲᠣᠭᠯᠠᠯᠲᠠ ᠭᠠᠷᠭᠠᠨ᠎ᠠ ᠃ ᠬᠣᠶᠠᠳᠤᠭᠠᠷ ᠲᠤ ᠬᠥᠳᠡᠭᠡ ᠪᠠᠭᠤᠬᠤ ᠪᠣᠯ ᠳᠠᠷᠤᠶ ᠶᠠᠳᠠᠭᠤ ᠶ᠋ᠢ ᠲᠡᠳᠬᠦᠬᠦ ᠲᠥᠷᠦ ᠶ᠋ᠢᠨ ᠪᠣᠳᠣᠯᠭ᠎ᠠ ᠶ᠋ᠢ ᠤᠬᠠᠭᠤᠯᠬᠤ ᠪᠠᠶᠢᠵᠣ ᠂ ᠠᠷᠠᠳ ᠣᠯᠠᠨ ‍ᠦ ᠮᠡᠳᠡᠬᠦ ᠦᠭᠡᠢ ᠲᠥᠷᠦ ᠶ᠋ᠢᠨ ᠪᠣᠳᠣᠯᠭ᠎ᠠ ᠶ᠋ᠢ ᠤᠬᠠᠭᠤᠯᠬᠤ ᠪᠣᠯᠣᠨ᠎ᠠ ᠃ ᠭᠤᠷᠪᠠᠳᠤᠭᠠᠷ ᠲᠤ ᠰᠢ ᠶ᠋ᠢᠨ ᠫᠢᠩ ᠶᠡᠷᠦᠩᠬᠡᠶ ᠱᠦᠵᠢ ᠶ᠋ᠢᠨ ᠬᠠᠷᠢᠭᠣ ᠵᠠᠬᠢᠳᠠᠯ ᠤᠨ ᠵᠣᠷᠢᠭ ᠰᠠᠨᠠᠭ᠎ᠠ ᠶ᠋ᠢ ᠭᠦᠨᠵᠡᠭᠡᠶ ᠳᠣᠭᠣᠰᠢᠯᠠᠭᠣᠯᠬᠣ ᠪᠣᠯᠤᠨ᠎ᠠ ᠃ ᠤᠴᠢᠷ ᠨᠢ ᠤᠯᠠᠭᠠᠨᠮᠥ᠋ᠴᠢᠷ ᠪᠣᠯ ᠨᠢᠭᠡᠨ ᠲᠤᠭ ᠳᠠᠯᠪᠠᠭ᠎ᠠ ᠪᠠᠶᠢᠵᠣ ᠂ ᠮᠠᠨ ‍ᠤ ᠵᠣᠷᠢᠯᠲᠠ ᠪᠣᠯ ᠠᠮᠢᠳᠤᠷᠠᠯ ᠳ᠋ᠤ ᠭᠦᠨᠵᠡᠭᠡᠶᠢᠷᠡᠵᠦ ᠂ ᠠᠷᠠᠳ ᠲᠦᠮᠡᠨ ‍ᠦ ᠳᠤᠮᠳᠠ ᠦᠨᠳᠦᠰᠦᠯᠡᠵᠦ ᠂ ᠡᠭᠦᠷᠢᠳᠡ ᠳᠠᠯ᠎ᠠ ᠨᠣᠳᠣᠭ ᠤᠨ ᠬᠤᠪᠢᠰᠬᠠᠯᠲᠤ ᠤᠳᠬ᠎ᠠ ᠤᠷᠠᠯᠢᠭ ‍ᠤᠨ ᠬᠥᠩᠭᠡᠨ ᠮᠣᠷᠢᠲᠤ ᠴᠡᠷᠢᠭ ᠪᠣᠯᠬᠤ ᠶᠠᠪᠤᠳᠠᠯ ᠪᠣᠯᠤᠨ᠎ᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ