ᠪᠡᠭᠡᠵᠢᠩ ᠶ᠋ᠢᠨ ᠲᠦᠩᠵᠸᠦ ᠲᠣᠭᠣᠷᠢᠭ ‍ᠤᠨ ᠰᠠᠬᠢᠯᠭ᠎ᠠ ᠪᠠᠲᠤ ᠪᠠᠶᠢᠴᠠᠭᠠᠬᠣ ᠬᠣᠷᠢᠶᠠᠨ ‍ᠤ ᠳᠡᠳ᠋ ᠱᠦᠵᠢ ᠂ ᠬᠢᠨᠠᠨ ᠪᠠᠶᠢᠴᠠᠭᠠᠬᠣ ᠵᠥᠪᠯᠡᠯ ‍ᠦᠨ ᠳᠡᠳ᠋ ᠡᠷᠬᠢᠯᠡᠭᠴᠢ ᠵᠢᠶᠠᠩ ᠰᠢᠶᠣᠣ ᠨᠡᠷ ᠮᠠᠨ ‍ᠤ ᠬᠣᠰᠢᠭᠤᠨ ᠳ᠋ᠤ ᠢᠷᠡᠵᠣ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ ᠬᠦᠷᠢᠶᠡᠨ ᠳ᠋ᠡᠬᠢ ᠬᠢᠨᠠᠯᠳᠠ ᠲᠠᠯᠪᠢᠬᠣ ᠶ᠋ᠢᠨ ᠠᠵᠢᠯ ᠳ᠋ᠥ ᠵᠣᠯᠭᠣᠯᠳᠠ ᠬᠢᠭᠰᠡᠨ

ᠣᠩᠰᠢᠭᠰᠠᠨ ᠤᠳᠠᠭ᠎ᠠ ᠄ 1363     ᠨᠡᠶᠢᠳᠡᠯᠡᠭᠰᠡᠨ ᠴᠠᠭ ᠄ 2019/10/24 16:39:48

 
     10 ᠰᠠᠷ᠎ᠠ ᠶ᠋ᠢᠨ 22 ‍ᠤᠨ ᠡᠳᠦᠷ ᠂ ᠪᠡᠭᠡᠵᠢᠩ ᠶ᠋ᠢᠨ ᠲᠦᠩᠵᠸᠦ ᠲᠣᠭᠣᠷᠢᠭ ‍ᠤᠨ ᠰᠠᠬᠢᠯᠭ᠎ᠠ ᠪᠠᠲᠤ ᠪᠠᠶᠢᠴᠠᠭᠠᠬᠣ ᠬᠣᠷᠢᠶᠠᠨ ‍ᠤ ᠳᠡᠳ᠋ ᠱᠦᠵᠢ ᠂ ᠬᠢᠨᠠᠨ ᠪᠠᠶᠢᠴᠠᠭᠠᠬᠣ ᠵᠥᠪᠯᠡᠯ ‍ᠦᠨ ᠳᠡᠳ᠋ ᠡᠷᠬᠢᠯᠡᠭᠴᠢ ᠵᠢᠶᠠᠩ  ᠰᠢᠶᠣᠣ ᠂ ᠲᠦᠩᠵᠸᠦ ᠲᠣᠭᠣᠷᠢᠭ ‍ᠤᠨ ᠬᠢᠨᠠᠨ ᠪᠠᠶᠢᠴᠠᠭᠠᠬᠣ ᠵᠥᠪᠯᠡᠯ ‍ᠦᠨ ᠭᠡᠰᠢᠭᠦᠨ ᠵᠧᠨ ᠭᠦᠸᠧ ᠴᠢᠩ ᠨᠡᠷ ᠮᠠᠨ ᠤ ᠬᠣᠰᠢᠭᠣᠨ ᠳ᠋ᠤ ᠢᠷᠡᠵᠦ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ ᠬᠦᠷᠢᠶᠡᠨ ᠳ᠋ᠡᠬᠢ ᠬᠢᠨᠠᠯᠲᠠ ᠲᠠᠯᠪᠢᠬᠤ ᠠᠵᠢᠯ ᠵᠣᠯᠭᠣᠯᠳᠠ ᠬᠢᠭᠰᠡᠨ ᠪᠠᠶᠢᠨ᠎ᠠ ᠃ ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ‍ᠤ ᠱᠦᠵᠢ ᠂ ᠬᠢᠨᠠᠨ ᠪᠠᠶᠢᠴᠠᠭᠠᠬᠤ ᠵᠥᠪᠯᠡᠯ ‍ᠦᠨ ᠡᠷᠬᠢᠯᠡᠭᠴᠢ ᠶᠠᠩ ᠹᠦ᠋ ᠰᠢᠩ ᠂ ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠬᠣᠰᠢᠭᠣᠨ ᠤ ᠠᠷᠠᠳ ᠤᠨ ᠵᠠᠰᠠᠭ ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠳᠠᠩ ᠳ᠋ᠢᠶᠠᠨ ᠺᠧ ᠂ ᠬᠣᠰᠢᠭᠤᠨ ‍ᠤ ᠠᠷᠠᠳ ᠤᠨ ᠵᠠᠰᠠᠭ ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠸᠠᠩ ᠭᠠᠩ ᠪᠠᠷ᠎ᠠ ᠪᠣᠯᠵᠤ ᠪᠠᠶᠢᠴᠠᠭᠠᠭᠰᠠᠨ ᠪᠠᠶᠢᠨ᠎ᠠ ᠃

     ᠵᠢᠶᠠᠩ ᠰᠢᠶᠣᠤ ᠨᠡᠷ ᠪᠡᠭᠡᠵᠢᠩ ᠥᠪᠥᠷ ᠮᠣᠩᠭᠣᠯ ‍ᠤᠨ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ ᠲᠠᠴᠢᠨᠲᠠᠯ᠎ᠠ ᠪᠠᠯᠭᠠᠰᠤᠨ ‍ᠤ ᠰᠢᠶᠠᠨ ᠹᠧᠩ ᠲᠣᠰᠬᠣᠨ ‍ᠤ ᠬᠣᠨᠢ ᠲᠡᠵᠢᠭᠡᠬᠦ ᠠᠵᠤ ᠦᠢᠯᠡᠰ ‍ᠦᠨ ᠲᠥᠷᠥᠯ ᠵᠦᠢᠯ  ᠵᠢᠴᠢ ᠢ ᠯᠦᠩ ᠶᠦᠩ ᠪᠠᠯᠭᠠᠰᠤᠨ ‍ᠤ ᠳ᠋ᠠ ᠶᠢᠩ ᠽᠢ ᠲᠣᠰᠬᠣᠨ ‍ᠤ ᠬᠡᠦᠬᠡᠳ ‍ᠦᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶ᠋ᠢᠨ ᠲᠥᠷᠥᠯ  ᠵᠦᠢᠯ  ‍ᠢ ᠪᠠᠶᠢᠴᠠᠭᠠᠨ ᠦᠵᠡᠵᠦ ᠂ ᠲᠥᠷᠥᠯ  ᠵᠦᠢᠯ  ‍ᠦᠨ ᠠᠬᠢᠯᠲᠠ ᠶ᠋ᠢᠨ ᠬᠠᠷᠢᠭᠤ ᠮᠡᠳᠡᠭᠦᠯᠦᠯᠲᠡ ᠶ᠋ᠢ ᠰᠣᠨᠣᠰᠣᠨ ᠂ ᠬᠠᠮᠢᠶ᠎ᠠ ᠪᠦᠬᠦᠢ ᠪᠠᠶᠢᠳᠠᠯ ‍ᠢ ᠨᠠᠷᠢᠨ ᠠᠰᠠᠭᠤᠨ ᠯᠠᠪᠯᠠᠵᠤ ᠂ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ ᠲᠥᠷᠥᠯ  ᠵᠦᠢᠯ  ‍ᠦᠨ ᠪᠡᠯᠡ ᠮᠥᠩᠭᠥ ᠶ᠋ᠢᠨ ᠬᠡᠷᠡᠭᠯᠡᠯᠲᠡ ᠂ ᠠᠵᠤ ᠦᠢᠯᠡᠰ ‍ᠦᠨ ᠪᠦᠲᠦᠭᠡᠨ ᠪᠠᠶᠢᠭᠣᠯᠣᠯᠳᠠ ᠳ᠋ᠤ ᠬᠢᠨᠠᠯᠲᠠ  ᠲᠠᠯᠪᠢᠭᠰᠠᠨ ᠪᠠᠶᠢᠨ᠎ᠠ ᠃

 

    ᠲᠤᠬᠠᠶ ᠶ᠋ᠢᠨ ᠭᠠᠵᠠᠷ ᠲᠤᠨᠢ ᠪᠠᠶᠢᠴᠠᠭᠠᠨ ᠦᠵᠡᠭᠰᠡᠨ ‍ᠦ ᠳᠠᠷᠠᠭ᠎ᠠ ᠂ ᠲᠦᠩᠵᠧᠦ ᠲᠣᠭᠣᠷᠢᠭ ᠂ ᠨᠠᠢᠮᠠᠨ  ᠬᠣᠰᠢᠭᠤᠨ ‍ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ ᠬᠦᠷᠢᠶᠡᠨ ᠳ᠋ᠡᠬᠢ ᠬᠢᠨᠠᠯᠲᠠ ᠲᠠᠯᠪᠢᠬᠤ ᠰᠠᠬᠢᠯᠭ᠎ᠠ ᠪᠠᠲᠤ ᠶ᠋ᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠠᠵᠢᠯ ‍ᠤᠨ ᠲᠣᠭᠲᠠᠴᠠ ᠶ᠋ᠢᠨ ᠰᠠᠭᠣᠳᠠᠯ ᠤᠨ ᠬᠤᠷᠠᠯ ‍ᠢ ᠬᠤᠷᠠᠯᠳᠤᠭᠤᠯᠵᠤ ᠂ ᠬᠣᠰᠢᠭᠣᠨ ᠤ ᠵᠠᠰᠠᠭ ᠤᠨ ᠣᠷᠳᠣᠨ ‍ᠤ ᠳᠡᠳ᠋ ᠳᠠᠷᠤᠭ᠎ᠠ ᠸᠠᠩ ᠭᠠᠩ ᠪᠡᠭᠡᠵᠢᠩ ᠥᠪᠥᠷ ᠮᠣᠩᠭᠣᠯ ‍ᠤᠨ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ ᠢᠶᠡᠨ ᠨᠠᠷᠢᠨ ᠲᠠᠨᠢᠯᠴᠠᠭᠤᠯᠵᠤ ᠂ ᠬᠣᠰᠢᠭᠣᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ‍ᠤ ᠱᠦᠵᠢ ᠂ ᠬᠢᠨᠠᠨ ᠪᠠᠶᠢᠴᠠᠭᠠᠬᠤ ᠵᠥᠪᠯᠡᠯ ‍ᠦᠨ ᠡᠷᠬᠢᠯᠡᠭᠴᠢ ᠶᠠᠩ ᠹᠦ᠋ ᠰᠢᠩ ᠰᠦᠪᠡᠭᠴᠢ ᠶ᠋ᠢ  ᠰᠢᠳᠪᠣᠷᠢᠯᠠᠬᠦ  ᠂ ᠬᠡᠷᠡᠭ ‍ᠢ ᠪᠠᠶᠢᠴᠠᠭᠠᠨ  ᠰᠢᠳᠪᠣᠷᠢᠯᠠᠬᠦ ᠂ ᠤᠷᠮᠠᠰᠢᠭᠤᠯᠤᠨ ᠵᠣᠷᠢᠭᠵᠢᠭᠤᠯᠬᠤ ᠵᠡᠷᠭᠡ ᠲᠠᠯ᠎ᠠ ᠪᠠᠷ ᠮᠠᠨ ‍ᠤ ᠬᠣᠰᠢᠭᠤᠨ ‍ᠤ ᠶᠠᠳᠠᠭᠤ ᠶ᠋ᠢ ᠲᠡᠳᠬᠦᠬᠦ ᠬᠦᠷᠢᠶᠡᠨ ᠳ᠋ᠡᠬᠢ ᠬᠢᠨᠠᠯᠲᠠ ᠲᠠᠯᠪᠢᠬᠤ ᠰᠠᠬᠢᠯᠭ᠎ᠠ ᠪᠠᠲᠤ ᠶ᠋ᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠠᠵᠢᠯ ᠥᠷᠨᠢᠭᠦᠯᠦᠭᠰᠡᠨ ᠪᠠᠶᠢᠳᠠᠯ ᠪᠠᠨ ᠲᠠᠨᠢᠯᠴᠠᠭᠤᠯᠵᠤ ᠂ ᠬᠢᠨᠠᠯᠲᠠ ᠲᠠᠯᠪᠢᠬᠤ ᠠᠵᠢᠯ ‍ᠤᠨ ᠲᠠᠯ᠎ᠠ ᠪᠠᠷ ᠬᠢ ᠲᠤᠷᠰᠢᠯᠭ᠎ᠠ ᠠᠷᠭ᠎ᠠ ᠬᠢᠳᠡᠯ ᠢᠶᠡᠨ ᠰᠣᠯᠢᠯᠴᠠᠨ ᠶᠠᠷᠢᠯᠴᠠᠭᠰᠠᠨ ᠪᠠᠶᠢᠨ᠎ᠠ ᠃

   

     ᠰᠠᠭᠣᠳᠠᠯ ᠤᠨ ᠬᠤᠷᠠᠯ ᠳᠡᠭᠡᠷ᠎ᠡ ᠂ ᠵᠢᠶᠠᠩ ᠰᠢᠶᠣᠤ ᠲᠣᠳᠣᠷᠬᠠᠶᠢᠯᠠᠭᠰᠠᠨ ᠨᠢ ᠂ ᠬᠣᠶᠠᠷ ᠲᠠᠯ᠎ᠠ ᠪᠡᠷ ᠢᠶᠡᠨ ᠬᠣᠶᠢᠰᠢᠳᠠ ᠰᠠᠬᠢᠯᠭ᠎ᠠ ᠪᠠᠲᠤ ᠪᠠᠶᠢᠴᠠᠭᠠᠬᠣ ᠬᠢᠨᠠᠨ ᠪᠠᠶᠢᠴᠠᠭᠠᠬᠣ ᠪᠠᠶᠢᠭᠤᠯᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠬᠢᠨᠠᠯᠲᠠ ᠲᠠᠯᠪᠢᠬᠤ ᠶ᠋ᠢ ᠪᠦᠲᠦᠮᠵᠢᠲᠡᠶ ᠥᠷᠨᠢᠭᠦᠯᠬᠦ ᠠᠷᠭ᠎ᠠ ᠬᠡᠯᠪᠡᠷᠢ ᠶ᠋ᠢ ᠬᠠᠮᠲᠤᠪᠠᠷ ᠰᠦᠪᠡᠭᠴᠢᠯᠡᠵᠦ ᠂ ᠡᠳᠦᠷ ᠲᠣᠲᠤᠮ ‍ᠤᠨ ᠬᠢᠨᠠᠯᠲᠠ ᠲᠠᠯᠪᠢᠬᠤ ᠂ ᠲᠣᠭᠣᠷᠢᠨ ᠪᠠᠶᠢᠴᠠᠭᠠᠬᠣ  ᠴᠡᠭᠴᠡᠯᠡᠨ ᠰᠠᠶᠢᠵᠢᠷᠠᠭᠤᠯᠬᠤ ᠵᠡᠷᠭᠡ ᠲᠠᠯ᠎ᠠ ᠪᠠᠷ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ ᠂  ᠰᠢᠨᠵᠢᠯᠡᠬᠦ ᠤᠬᠠᠭᠠᠨ ᠮᠡᠷᠭᠡᠵᠢᠯ ‍ᠦᠨ ᠠᠷᠭ᠎ᠠ ᠪᠠᠷᠢᠯ ‍ᠤᠨ ᠳᠠᠪᠠᠭᠤᠯᠢᠭ ᠢᠶᠡᠨ ᠪᠠᠳᠠᠷᠠᠭᠤᠯᠵᠤ ᠬᠢᠨᠠᠯᠲᠠ ᠲᠠᠯᠪᠢᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠶᠠᠳᠠᠭᠤ ᠶ᠋ᠢ ᠲᠡᠳᠬᠦᠬᠦ ᠬᠠᠮᠵᠢᠯᠴᠠᠭᠠᠨ ᠤ ᠬᠢᠨᠠᠯᠲᠠ ᠲᠠᠯᠪᠢᠬᠤ ᠠᠵᠢᠯ ᠶ᠋ᠢᠨ ᠲᠣᠭᠲᠠᠴᠠ ᠶ᠋ᠢ ᠨᠠᠷᠢᠨ ᠬᠢᠨᠠᠮᠠᠭᠠᠶ ᠰᠠᠶᠢᠲᠤᠷ ᠨᠠᠶᠢᠳᠠᠪᠣᠷᠢᠵᠢᠭᠣᠯᠵᠣ ᠂ ᠪᠡᠭᠡᠵᠢᠩ ᠥᠪᠥᠷ ᠮᠣᠩᠭᠣᠯ ‍ᠤᠨ ᠬᠠᠮᠵᠢᠯᠴᠠᠨ ᠠᠵᠢᠯᠯᠠᠬᠤ ᠲᠥᠷᠥᠯ ᠵᠦᠢᠯ  ‍ᠦᠨ ᠬᠠᠪᠰᠤᠷᠤᠨ ᠲᠡᠳᠬᠦᠬᠦ  ᠦᠢᠯᠡᠳᠦᠯ ‍ᠢᠶ᠋ᠡᠨ ᠨᠠᠩ ᠰᠠᠶᠢᠲᠤᠷ ᠪᠠᠳᠠᠷᠠᠭᠤᠯᠬᠤ ᠶ᠋ᠢ ᠪᠠᠲᠤᠯᠠᠬᠤ ᠬᠡᠷᠡᠭᠲᠡᠶ ᠭᠡᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ