ᠸᠠᠩ ᠵᠦᠩ ᠴᠸᠡᠭ ᠮᠠᠨ ‍ᠤ ᠬᠣᠰᠢᠭᠣᠨ  ᠳᠤ ᠢᠷᠡᠵᠦ ᠪᠦᠬᠦ ᠤᠯᠤᠰ ‍ᠤᠨ ᠬᠣᠶᠠᠷ ‍ᠢ ᠬᠦᠷᠢᠶᠡᠯᠡᠬᠦ ᠵᠢᠱᠢᠶᠡᠴᠢ ᠬᠣᠲᠠ ᠶ᠋ᠢ ᠡᠭᠦᠳᠦᠨ ᠪᠠᠶᠢᠭᠤᠯᠬᠤ ᠠᠵᠢᠯ ᠳ᠋ᠤ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 1307     ᠨᠡᠶᠢᠳᠡᠯᠡᠭᠰᠡᠨ ᠴᠠᠭ ᠄ 2019/10/25 8:32:41

     10 ᠳ᠋ᠣᠭᠠᠷ ᠰᠠᠷ᠎ᠠ ᠶ᠋ᠢᠨ 22 ‍ᠤᠨ ᠡᠳᠦᠷ ᠂ ᠪᠦᠬᠦ ᠤᠯᠤᠰ ‍ᠤᠨ ᠬᠣᠶᠠᠷ ‍ᠢ ᠬᠦᠷᠢᠶᠡᠯᠡᠬᠦ ᠠᠯᠪᠠᠨ ᠭᠡᠷ ‍ᠦᠨ ᠳᠡᠳ᠋ ᠡᠷᠬᠢᠯᠡᠭᠴᠢ ᠂ ᠴᠡᠷᠢᠭ ‍ᠤᠨ ᠠᠯᠪᠠ ᠡᠴᠠ ᠪᠠᠭᠤᠭᠰᠠᠳ ‍ᠤᠨ ᠬᠡᠷᠡᠭ ᠶᠠᠪᠤᠳᠠᠯ ‍ᠤᠨ ᠬᠡᠯᠲᠡᠰ ‍ᠦᠨ ᠴᠡᠷᠢᠭ ‍ᠢ ᠬᠦᠷᠢᠶᠡᠯᠡᠨ ᠲᠣᠬᠣᠨᠢᠭᠤᠯᠬᠤ ᠬᠡᠯᠲᠡᠰ ‍ᠤᠨ ᠳᠡᠳ᠋ ᠳᠠᠷᠤᠭ᠎ᠠ ᠸᠠᠩ ᠵᠦᠩ ᠴᠧᠩ ᠨᠡᠷ ᠮᠠᠨ ᠬᠣᠰᠢᠭᠤᠨ ᠳ᠋ᠤ ᠢᠷᠡᠵᠦ ᠂ ᠪᠦᠬᠦ ᠤᠯᠤᠰ ‍ᠤᠨ ᠬᠣᠶᠠᠷ ‍ᠢ ᠬᠦᠷᠢᠶᠡᠯᠡᠬᠦ ᠵᠢᠱᠢᠶᠡᠴᠢ ᠬᠣᠲᠠ ᠶ᠋ᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠭᠰᠡᠨ ᠪᠠᠶᠢᠨ᠎ᠠ ᠃

    

     ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠣᠵᠢᠳ ᠨᠠᠢᠮᠠᠨ ᠬᠣᠰᠢᠭᠤᠨ ‍ᠤ ᠬᠣᠶᠠᠷ ‍ᠢ ᠬᠦᠷᠢᠶᠡᠯᠡᠬᠦ ᠠᠭᠤᠳᠠᠮ ᠲᠠᠯᠠᠪᠠᠢ ᠂ ᠬᠣᠰᠢᠭᠣᠨ ‍ᠤ ᠴᠡᠷᠢᠭ ‍ᠤᠨ ᠠᠯᠪᠠᠨ ᠡᠴᠠ ᠪᠠᠭᠤᠭᠰᠠᠳ ‍ᠤᠨ  ᠦᠢᠯᠡᠴᠢᠯᠡᠭᠡᠨ ‍ᠦ ᠲᠥᠪ ᠵᠡᠷᠭᠡ ᠳ᠋ᠦ ᠭᠦᠨᠵᠡᠭᠡᠶᠢᠷᠡᠵᠦ ᠂ ᠴᠡᠷᠢᠭ ᠦᠨ ᠭᠠᠵᠠᠷ ᠂ ᠴᠡᠷᠢᠭ ᠠᠩᠭᠢ ᠪᠠ ᠠᠷᠠᠳ ᠲᠦᠮᠡᠨ ᠬᠠᠮᠲᠤ ᠪᠠᠷ ᠪᠠᠶᠢᠭᠤᠯᠤᠭᠰᠠᠨ ᠦᠷ᠎ᠡ ᠪᠦᠲᠦᠭᠡᠯ ᠂ ᠴᠡᠷᠢᠭ ‍ᠤᠨ ᠠᠯᠪᠠᠨ ᠡᠴᠠ ᠪᠠᠭᠤᠭᠰᠠᠳ ‍ᠤᠨ ᠦᠢᠯᠡᠴᠢᠯᠡᠬᠡᠨ ᠦ ᠰᠢᠰᠲ᠋ᠸᠮ ᠦᠨ ᠪᠦᠲᠦᠭᠡᠨ ᠪᠠᠶᠢᠭᠤᠯᠤᠯᠲᠠ ᠶ᠋ᠢᠨ ᠪᠠᠶᠢᠳᠠᠯ ‍ᠢ ᠨᠠᠷᠢᠨ ᠣᠶᠢᠯᠠᠭᠠᠭᠰᠠᠨ ᠪᠠᠶᠢᠨ᠎ᠠ ᠃

    

     ᠪᠠᠶᠢᠴᠠᠭᠠᠨ ᠰᠤᠳᠤᠯᠬᠤ ᠳᠤᠭᠤᠶᠢᠯᠠᠩ ᠂  ᠨᠠᠢᠮᠠᠨ ᠬᠣᠰᠢᠭᠤᠨ ᠳ᠋ᠤ ᠴᠡᠷᠢᠭ ‍ᠢ ᠬᠦᠷᠢᠶᠡᠯᠡᠨ ᠭᠡᠷ ᠪᠦᠯᠢ ᠶ᠋ᠢ ᠨᠢ ᠬᠠᠷᠠᠭᠠᠯᠵᠠᠬᠤ ᠂ ᠵᠠᠰᠠᠭ ‍ᠢ ᠬᠦᠷᠢᠶᠡᠯᠡᠨ ᠠᠷᠠᠳ ᠢᠶᠡᠨ ᠬᠠᠶᠢᠷᠠᠯᠠᠬᠤ ᠰᠢᠯᠢᠳᠡᠭ ᠣᠯᠠᠮᠵᠢᠯᠠᠯ ᠲᠠᠢ ᠪᠠᠶᠢᠵᠤ ᠂ ᠬᠣᠶᠠᠷ ‍ᠢ ᠬᠦᠷᠢᠶᠡᠯᠡᠬᠦ ᠠᠵᠢᠯ ‍ᠢ ᠪᠠᠲᠤᠲᠠᠶ ᠥᠷᠨᠢᠭᠦᠯᠵᠦ ᠂ ᠣᠯᠠᠮ ᠨᠢᠭᠡ ᠠᠯᠬᠣᠮ ᠦᠷ᠎ᠡ ᠪᠦᠲᠦᠮᠵᠢ ᠣᠯᠵᠤ ᠂ ᠨᠡᠶᠢᠭᠡᠮ ‍ᠦᠨ ᠲᠣᠭᠲᠠᠭᠤᠨ ‍ᠢ ᠠᠬᠢᠭᠣᠯᠣᠨ ᠂ ᠣᠷᠣᠨ ᠨᠤᠲᠤᠭ ‍ᠤᠨ ᠠᠵᠤ ᠠᠬᠤᠢ ᠶ᠋ᠢᠨ ᠬᠥᠭᠵᠢᠯᠲᠡ ᠶ᠋ᠢ ᠠᠬᠢᠭᠤᠯᠬᠤ ᠳ᠋ᠤ ᠰᠢᠨ᠎ᠡ ᠬᠤᠪᠢ ᠨᠡᠮᠡᠷᠢ ᠦᠵᠡᠭᠦᠯᠬᠦ ᠶ᠋ᠢ ᠬᠦᠰᠡᠵᠦ  ᠪᠠᠶᠢᠨ᠎ᠠ ᠭᠡᠵᠡᠢ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ