ᠥᠪᠡᠷᠲᠡᠭᠡᠨ ᠵᠠᠰᠠᠬᠤ ᠣᠷᠣᠨ ‍ᠤ ᠭᠣᠤᠯ ᠰᠡᠳᠦᠪᠲᠦ ᠬᠥᠮᠦᠵᠢᠯ ‍ᠦᠨ ᠳᠥᠷᠪᠡᠳᠦᠭᠡᠷ ᠵᠢᠯᠣᠭᠣᠳᠬᠤ ᠲᠣᠭᠣᠶᠢᠯᠠᠩ ‍ᠤᠨ ᠳᠠᠷᠤᠭ᠎ᠠ ᠬᠠᠨ ᠱᠢ ᠬᠤᠸᠠ ᠨᠠᠷ ᠮᠠᠨ ‍ᠤ ᠬᠣᠰᠢᠭᠤᠨ ᠳ᠋ᠤ ᠢᠷᠡᠵᠣ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ᠳ᠋ᠥ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 1363     ᠨᠡᠶᠢᠳᠡᠯᠡᠭᠰᠡᠨ ᠴᠠᠭ ᠄ 2019/10/25 8:45:24

    10 ᠳ᠋ᠣᠭᠠᠷ ᠰᠠᠷ᠎ᠠ ᠶ᠋ᠢᠨ 22 ᠤᠨ ᠡᠳᠦᠷ ᠂ ᠥᠪᠡᠷᠲᠡᠭᠡᠨ ᠵᠠᠰᠠᠬᠤ ᠣᠷᠣᠨ ‍ᠤ ᠭᠣᠤᠯ ᠰᠡᠳᠦᠪᠲᠦ ᠬᠥᠮᠦᠵᠢᠯ ‍ᠦᠨ ᠳᠥᠷᠪᠡᠳᠦᠭᠡᠷ ᠵᠢᠯᠣᠭᠣᠳᠬᠤ ᠲᠣᠭᠣᠶᠢᠯᠠᠩ ‍ᠤᠨ ᠳᠠᠷᠤᠭ᠎ᠠ ᠬᠠᠨ ᠱᠢ ᠬᠤᠸᠠ ᠨᠠᠷ ᠮᠠᠨ ‍ᠤ ᠬᠣᠰᠢᠭᠤᠨ ᠳ᠋ᠤ ᠢᠷᠡᠵᠣ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ᠳ᠋ᠥ ᠪᠠᠶᠢᠴᠠᠭᠠᠨ ᠰᠤᠳᠤᠯᠤᠯᠲᠠ ᠬᠢᠵᠣ ᠂ ᠪᠠᠯᠭᠠᠰᠤ ᠂ ᠲᠣᠰᠬᠣᠨ ᠪᠣᠯᠤᠨ ᠲᠥᠷᠥᠯ  ᠵᠦᠢᠯ  ‍ᠦᠨ ᠪᠦᠲᠦᠭᠡᠨ ᠪᠠᠶᠢᠭᠤᠯᠤᠯᠲᠠ ᠶ᠋ᠢᠨ ᠡᠮᠦᠨ᠎ᠡ ᠹᠷᠣᠨᠲ ᠲᠤ ᠭᠦᠨᠵᠡᠭᠡᠶᠢᠷᠡᠨ ᠂ ᠦᠨᠳᠦᠰᠦᠨ ᠱᠠᠲᠤᠨ ‍ᠤ ᠨᠠᠮ ‍ᠤᠨ ᠭᠡᠰᠢᠭᠦᠨ ᠺᠠᠳ᠋ᠷ ᠣᠯᠠᠨ ᠲᠦᠮᠡᠨ ᠲᠡᠶ ᠶᠠᠷᠢᠯᠴᠠᠨ ᠰᠣᠯᠢᠯᠴᠠᠵᠤ ᠂ ᠠᠰᠠᠭᠤᠳᠠᠯ ‍ᠢ ᠰᠢᠢᠳᠪᠦᠷᠢᠯᠡᠨ ᠂ ᠠᠵᠢᠯ ᠢᠶᠡᠨ ᠠᠬᠢᠭᠣᠯᠣᠭᠰᠠᠨ ᠪᠠᠶᠢᠨ᠎ᠠ ᠃ ᠬᠣᠲᠠ ᠶ᠋ᠢᠨ ᠨᠠᠮ ‍ᠤᠨ ᠬᠣᠷᠢᠶᠠᠨ ‍ᠤ ᠵᠣᠬᠢᠶᠠᠨ ᠪᠠᠶᠢᠭᠤᠯᠬᠤ ᠬᠡᠯᠲᠡᠰ ‍ᠦᠨ ᠪᠠᠶᠢᠩᠭᠤ ᠶ᠋ᠢᠨ ᠳᠡᠳ᠋ ᠳᠠᠷᠤᠭ᠎ᠠ ᠴᠧᠨ ᠵᠢᠩ ᠂ ᠬᠣᠰᠢᠭᠤᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠂ ᠥᠪᠡᠷᠲᠡᠭᠡᠨ ᠵᠠᠰᠠᠬᠤ ᠣᠷᠣᠨ ᠡᠴᠡ ᠮᠠᠨ ᠤ ᠬᠣᠰᠢᠭᠤᠨ ᠳ᠋ᠤ ᠲᠣᠮᠢᠯᠠᠭᠰᠠᠨ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠶᠡᠷᠦᠩᠬᠡᠶ ᠠᠩᠭᠢ ᠶ᠋ᠢᠨ ᠳᠠᠷᠤᠭ᠎ᠠ ᠂ ᠬᠣᠰᠢᠭᠤᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠶᠢᠨ ᠵᠢᠶᠠᠨ ᠱᠧ ᠂ ᠬᠣᠰᠢᠭᠤᠨ ‍ᠤ ᠨᠠᠮ ‍ᠤᠨ ᠬᠣᠷᠢᠶᠠᠨ ‍ᠤ ᠵᠣᠬᠢᠶᠠᠨ ᠪᠠᠶᠢᠭᠤᠯᠬᠤ ᠬᠡᠯᠲᠡᠰ ‍ᠦᠨ ᠳᠠᠷᠤᠭ᠎ᠠ ᠪᠣᠣ ᠯᠢᠶᠠᠨ ᠱᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃

   

    

   

    ᠪᠠᠶᠢᠴᠠᠭᠠᠨ ᠰᠤᠳᠤᠯᠤᠯᠲᠠ ᠲᠣᠮᠳᠠ ᠂ ᠬᠠᠨ ᠱᠢ ᠬᠤᠸᠠ ᠨᠠᠷ ᠤᠷᠢᠳ ᠬᠣᠵᠢᠳ ᠪᠢ ᠣᠪᠣᠭᠲᠠᠨ ᠤ ᠪᠦᠯᠦᠭᠯᠡᠯ ᠂ ᠲᠠᠴᠢᠨᠳᠠᠯ᠎ᠠ ᠪᠠᠯᠭᠠᠰᠣ ᠶ᠋ᠢᠨ ᠠᠩᠨᠠᠢ ᠲᠣᠰᠬᠣᠨ ᠂ ᠲᠠᠴᠢᠨᠲᠠᠯ᠎ᠠ ᠪᠠᠯᠭᠠᠰᠣ ᠶ᠋ᠢᠨ ᠵᠡᠭᠡᠯᠢ ᠭᠤᠳᠤᠮᠵᠢ ᠂ ᠵᠥᠷᠢᠴᠡᠯ ᠵᠢᠭᠣᠷᠠᠯᠳᠣᠭᠠᠨ ‍ᠢ ᠰᠢᠢᠳᠪᠦᠷᠢᠯᠡᠬᠦ ᠲᠥᠪ ᠪᠠ ᠪᠠᠶᠢᠴᠠᠭᠠᠬᠣ ᠬᠣᠷᠢᠶ᠎ᠠ ᠳ᠋ᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠣ ᠂ ᠡᠯ᠎ᠡ ᠭᠠᠵᠠᠷ ‍ᠤᠨ ᠡᠯ᠎ᠡ ᠲᠦᠷᠦᠯ ‍ᠦᠨ ᠠᠵᠢᠯ ᠦᠷᠨᠢᠭᠦᠯᠦᠭᠰᠡᠨ ᠪᠠᠶᠢᠳᠠᠯ ‍ᠢ ᠰᠣᠨᠣᠰᠴᠤ ᠂ ᠭᠣᠤᠯ ᠰᠡᠳᠦᠪᠲᠦ ᠬᠥᠮᠦᠵᠢᠯ ᠂ ᠭᠠᠴᠠᠭ᠎ᠠ ᠲᠣᠰᠬᠣᠨ ‍ᠤ ᠬᠠᠮᠲᠤ ᠶ᠋ᠢᠨ ᠠᠵᠤ ᠠᠬᠤᠶ ᠂ ᠰᠠᠭᠤᠭᠠᠯᠢ ᠠᠷᠠᠳ ‍ᠤᠨ ᠬᠠᠭᠤᠳᠠᠰᠤ ᠵᠠᠬᠢᠶᠠᠯᠭ᠎ᠠ ᠂ ᠰᠠᠯᠠᠭ᠎ᠠ ᠮᠥᠴᠢᠷ ᠳᠠᠭᠠᠭᠤᠯᠤᠨ ᠬᠢᠬᠦ ᠂ ᠨᠠᠮ ‍ᠤᠨ ᠪᠠᠶᠢᠭᠤᠯᠤᠯᠲᠠ ᠵᠡᠷᠭᠡ ᠠᠵᠢᠯ ᠥᠷᠨᠢᠭᠦᠯᠦᠭᠰᠡᠨ ᠪᠠᠶᠢᠳᠠᠯ ‍ᠢ ᠲᠤᠬᠠᠶ ᠶ᠋ᠢᠨ ᠭᠠᠵᠠᠷ ᠲᠦ ᠣᠶᠢᠯᠠᠭᠠᠪᠠ ᠃

    

     ᠬᠠᠨ ᠱᠢ ᠬᠤᠸᠠ ᠢᠯᠡᠳᠭᠡᠭᠰᠡᠨ ᠨᠢ ᠂ ᠨᠠᠢᠮᠠᠨ ᠬᠣᠰᠢᠭᠤᠨ ‍ᠤ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠠᠵᠢᠯ ᠦᠨᠡᠯᠡᠬᠦᠰᠢᠳᠡᠢ ᠪᠠᠶᠢᠵᠣ ᠂ ᠳᠣᠷᠰᠢᠯᠭ᠎ᠠ ᠪᠠ ᠠᠷᠭ᠎ᠠ ᠬᠢᠳᠡᠯ ᠨᠢ ᠳᠡᠯᠬᠡᠷᠡᠬᠦᠯᠦᠰᠢᠳᠡᠢ ᠪᠠᠶᠢᠨ᠎ᠠ ᠬᠡᠵᠡᠢ ᠃ ᠬᠠᠨ ᠱᠢ ᠬᠣᠸᠠ ᠡᠴᠠ ᠂  ᠨᠠᠢᠮᠠᠨ ᠬᠣᠰᠢᠭᠣ 《 ᠤᠭ ᠰᠠᠨᠠᠭ᠎ᠠ ᠪᠠᠨ ᠪᠠᠷᠢᠮᠲᠠᠯᠠᠵᠤ ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠂ ᠵᠥᠷᠢᠶ᠎ᠡ ᠪᠡᠨ ᠡᠷᠢᠵᠦ ᠂ ᠨᠠᠶᠢᠳᠠᠪᠤᠷᠢᠵᠢᠭᠤᠯᠤᠯᠲᠠ ᠶ᠋ᠢ ᠠᠳᠬᠤᠬᠤ 》 ᠶᠡᠷᠦᠩᠬᠡᠶ ᠱᠠᠭᠠᠷᠳᠠᠯᠭ᠎ᠠ ᠲᠠᠶ ᠬᠠᠷᠢᠴᠠᠭᠤᠯᠵᠤ ᠂ ᠡᠨᠡᠬᠦ ᠦᠨᠳᠦᠰᠦᠨ ᠡᠭᠦᠷᠭᠡ ᠶ᠋ᠢ ᠪᠦᠬᠦ ᠭᠣᠤᠯ ᠰᠡᠳᠦᠪᠲᠦ ᠬᠥᠮᠦᠵᠢᠯ ‍ᠦᠨ ᠠᠵᠢᠯ ᠳᠤᠮᠳᠠ ᠨᠠᠶᠢᠳᠠᠪᠣᠷᠢᠵᠢᠭᠣᠯᠬᠣ ᠬᠡᠷᠡᠭᠲᠡᠶ ᠃ ᠡᠭᠦᠨ ‍ᠦ ᠬᠠᠮᠲᠤ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠰᠢᠷᠢᠰ ᠶᠠᠷᠢᠶᠠᠨ ‍ᠤ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠰᠤᠷᠤᠯᠴᠠᠨ ᠲᠣᠭᠣᠰᠢᠯᠠᠭᠣᠯᠵᠣ ᠂ ᠭᠣᠤᠯ ᠰᠡᠳᠦᠪᠲᠦ ᠬᠥᠮᠦᠵᠢᠯ ‍ᠢ ᠰᠠᠶᠢᠲᠤᠷ ᠠᠳᠬᠣᠨ ᠂ ᠭᠣᠤᠯ ᠰᠡᠳᠦᠪᠲᠦ ᠬᠥᠮᠦᠵᠢᠯ ‍ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠰᠠᠭᠤᠭᠠᠯᠢ ᠠᠷᠠᠳ ‍ᠤᠨ ᠵᠣᠯ ᠵᠢᠷᠭᠠᠯᠲᠤ ᠲᠥᠷᠥᠭᠳᠡᠯ ᠂ ᠬᠦᠷᠲᠡᠮᠵᠢ ᠶ᠋ᠢᠨ ᠲᠥᠷᠥᠭᠳᠡᠯ ᠪᠣᠯᠤᠨ ᠬᠠᠨᠤᠮᠵᠢ ᠶ᠋ᠢᠨ ᠬᠡᠮᠵᠢᠶ᠎ᠡ ᠶ᠋ᠢ ᠳᠡᠭᠡᠭᠰᠢᠯᠡᠭᠦᠯᠬᠦ ᠶ᠋ᠢ ᠬᠦᠰᠡᠭᠰᠡᠨ ᠪᠠᠶᠢᠨ᠎ᠠ ᠃

   

    ᠣᠶᠢᠯᠠᠭᠠᠯᠳᠠ ᠪᠡᠷ ᠂ ᠣᠳᠣᠬᠠᠨ ᠳ᠋ᠤ ᠭᠣᠣᠯ ᠳᠤᠭᠤᠶᠢᠯᠠᠩ ‍ᠤᠨ ᠰᠤᠷᠤᠯᠴᠠᠯᠭ᠎ᠠ ᠶ᠋ᠢ 261 ᠲᠠᠯᠠᠪᠤᠷ ᠤᠳᠠᠭ᠎ᠠ ᠂ ᠲᠥᠪᠯᠡᠷᠡᠭᠦᠯᠦᠨ ᠰᠣᠷᠣᠯᠴᠠᠵᠤ ᠰᠣᠳᠣᠯᠣᠨ ᠶᠠᠷᠢᠯᠴᠠᠭ᠎ᠠ ᠶ᠋ᠢ 752 ᠲᠠᠯᠠᠪᠤᠷ ᠤᠳᠠᠭ᠎ᠠ ᠂ ᠨᠡᠶᠢᠲᠡᠯᠢᠭ ᠰᠤᠷᠭᠠᠨ ᠬᠥᠮᠦᠵᠢᠯ 325 ᠲᠠᠯᠠᠪᠤᠷ ᠤᠳᠠᠭ᠎ᠠ ᠶᠠᠪᠣᠭᠳᠠᠭᠣᠯᠣᠭᠰᠠᠨ ᠪᠠᠶᠢᠨ᠎ᠠ ᠃ 385 ᠤᠳᠠᠭ᠎ᠠ ᠶ᠋ᠢᠨ ᠰᠠᠭᠣᠳᠠᠯ ᠤᠨ ᠬᠤᠷᠠᠯ ᠬᠤᠷᠠᠯᠳᠤᠭᠤᠯᠵᠤ ᠂ 8200 ᠭᠠᠷᠤᠶ ᠬᠥᠮᠦᠨ ᠤᠳᠠᠭ᠎ᠠ ᠣᠯᠠᠨ ᠲᠦᠮᠡᠨ ‍ᠢ ᠰᠤᠷᠪᠤᠯᠵᠢᠯᠠᠵᠤ ᠂ ᠭᠣᠤᠯ ᠰᠡᠳᠦᠪᠲᠦ ᠬᠥᠮᠦᠵᠢᠯ ‍ᠦᠨ 36 ᠰᠠᠨᠠᠯ ᠬᠤᠷᠢᠶᠠᠬᠤ ᠬᠠᠶᠢᠷᠴᠠᠭ ᠳᠣᠬᠢᠷᠠᠭᠣᠯᠣᠨ ᠂ 1020 ᠭᠠᠷᠤᠶ ᠣᠯᠠᠨ ᠲᠦᠮᠡᠨ ‍ᠦ ᠰᠠᠨᠠᠯ ᠰᠠᠨᠠᠭᠤᠯᠭ᠎ᠠ ᠶ᠋ᠢ ᠬᠣᠷᠢᠶᠠᠨ ᠡᠮᠬᠢᠯᠡᠪᠡ ᠃ ᠨᠢᠭᠡᠨᠲᠡ 12345 ᠬᠣᠲᠠ ᠶ᠋ᠢᠨ ᠠᠷᠠᠳ ‍ᠤᠨ ᠦᠢᠯᠡᠴᠢᠯᠡᠭᠡᠨ ‍ᠦ ᠬᠠᠯᠠᠮᠰᠢᠯ ᠤᠲᠠᠰᠤ ᠶ᠋ᠢᠨ 72 ᠬᠤᠪᠢ ᠶ᠋ᠢ ᠬᠦᠯᠢᠶᠡᠨ ᠠᠪᠴᠤ ᠂ ᠭᠦᠢᠴᠡᠳᠬᠡᠬᠦ ᠲᠡᠰ ᠳᠠᠷᠠᠭᠠᠯᠠᠯ ‍ᠢ ᠪᠦᠬᠦᠨ ‍ᠢ ᠡᠬᠢᠯᠡᠭᠦᠯᠵᠦ ᠂ 42 ᠬᠤᠪᠢ ᠶ᠋ᠢ ᠨᠢ ᠰᠢᠢᠳᠪᠦᠷᠢᠯᠡᠵᠦ ᠳᠠᠭᠤᠰᠬᠠᠪᠠ ᠃

    

      ᠡᠭᠦᠨ ‍ᠦ ᠬᠠᠮᠲᠤ ᠂ ᠮᠠᠨ ᠤ ᠬᠣᠰᠢᠭᠣ ᠨᠡᠶᠢᠲᠡ 162 ᠬᠠᠮᠳᠣ ᠪᠠᠷ ᠰᠠᠭᠣᠵᠣ ᠬᠠᠮᠲᠤ ᠪᠠᠷ ᠪᠦᠲᠦᠭᠡᠨ ᠪᠠᠶᠢᠭᠤᠯᠬᠤ ᠨᠢᠭᠡᠴᠡ 《 ᠰᠠᠭᠤᠭᠠᠯᠢ ᠠᠷᠠᠳ ‍ᠤᠨ ᠵᠠᠬᠢᠶᠠᠯᠠᠭ᠎ᠠ ᠶ᠋ᠢ ᠰᠠᠯᠠᠭ᠎ᠠ ᠮᠥᠴᠢᠷ ᠲᠠᠭᠠᠭᠣᠯᠣᠨ ᠭᠦᠢᠴᠡᠳᠭᠡᠬᠦ 》 ᠠᠵᠢᠯᠯᠠᠭ᠎ᠠ ᠳ᠋ᠦ ᠣᠷᠣᠯᠴᠠᠵᠤ ᠂ ᠰᠠᠭᠤᠷᠢ ᠲᠥᠬᠥᠭᠡᠷᠦᠮᠵᠢ ᠶ᠋ᠢᠨ ᠪᠦᠲᠦᠭᠡᠨ ᠪᠠᠶᠢᠭᠤᠯᠤᠯᠲᠠ ᠶ᠋ᠢᠨ ᠲᠠᠯ᠎ᠠ ᠪᠠᠷ ᠂ ᠰᠠᠭᠤᠭᠠᠯᠢ ᠠᠷᠠᠳ ‍ᠤᠨ ᠲᠣᠭᠣᠷᠢᠭ ‍ᠤᠨ 204 ᠵᠣᠷᠪᠣᠰ ᠵᠠᠮ ᠭᠣᠳᠣᠮᠵᠢ ᠶ᠋ᠢ ᠰᠡᠯᠪᠢᠨ ᠵᠠᠰᠠᠬᠤ ᠠᠵᠢᠯ ᠶ᠋ᠢ ᠨᠢᠭᠡᠨᠲᠡ ᠪᠡᠶᠡᠯᠡᠬᠦᠯᠵᠦ ᠂ ᠣᠳᠣᠬᠠᠨ ᠳ᠋ᠤ 58 ᠵᠣᠷᠪᠣᠰ ᠵᠠᠮ ᠭᠣᠳᠣᠮᠵᠢ ᠶ᠋ᠢ ᠶᠠᠭ ᠰᠠᠶᠢᠬᠠᠨ ᠰᠡᠯᠪᠢᠨ ᠵᠠᠰᠠᠵᠤ  ᠂ 230 ᠵᠠᠮ ‍ᠤᠨ ᠳ᠋ᠧᠩ ᠣᠭᠰᠠᠷᠠᠨ ᠂ 7 ᠰᠠᠭᠤᠷᠢ  ᠨᠡᠶᠢᠲᠡ  ᠶ᠋ᠢᠨ ᠵᠣᠷᠯᠣᠩ ‍ᠢ ᠰᠢᠨ᠎ᠡ ᠪᠡᠷ ᠪᠠᠶᠢᠭᠤᠯᠵᠤ ᠂ 10 ᠬᠠᠭᠤᠴᠢᠨ ᠰᠠᠭᠤᠭᠠᠯᠢ ᠠᠷᠠᠳ ‍ᠤᠨ ᠲᠣᠭᠣᠷᠢᠭ ‍ᠤᠨ ᠳᠣᠳᠣᠨᠠᠬᠢ ᠭᠠᠵᠠᠷ ‍ᠤᠨ ᠭᠠᠳᠠᠷᠭᠤ ᠶ᠋ᠢ ᠰᠢᠨᠡᠳᠬᠡᠨ ᠥᠭᠡᠷᠡᠴᠢᠯᠡᠬᠦ ᠶ᠋ᠢ ᠪᠡᠶᠡᠯᠡᠭᠦᠯᠪᠡ ᠃ ᠠᠷᠠᠳ ‍ᠤᠨ ᠠᠮᠢᠳᠤᠷᠠᠯ ‍ᠤᠨ ᠪᠠᠲᠤᠯᠠᠭ᠎ᠠ ᠶ᠋ᠢᠨ ᠲᠠᠯ᠎ᠠ ᠪᠠᠷ ᠂ 17 ᠨᠤᠷᠠᠬᠤ ᠠᠶᠤᠯᠲᠠᠶ ᠭᠡᠷ ᠪᠠᠶᠢᠰᠢᠩ ᠂ ᠣᠷᠣᠨ ᠰᠠᠭᠣᠴᠠ ᠥᠬᠡᠶ ᠡᠷᠦᠬᠡ ᠳ᠋ᠦ ᠭᠤᠶᠤᠴᠢᠯᠠᠭᠰᠠᠨ  ᠨᠡᠶᠢᠲᠡ ᠶ᠋ᠢᠨ ᠲᠦᠷᠢᠶᠡᠰᠦᠨ ᠬᠡᠷ ᠲᠤ ᠰᠠᠭᠣᠬᠣ ᠭᠠᠷ ᠬᠦᠢᠴᠡᠳᠬᠡᠯ ᠢᠶ᠋ᠡᠨ ᠡᠬᠢᠯᠡᠨ ᠬᠦᠢᠴᠡᠳᠬᠡᠵᠦ ᠂ ᠰᠤᠷᠭᠠᠭᠤᠯᠢ ᠳ᠋ᠤ ᠰᠤᠷᠤᠯᠴᠠᠭᠰᠠᠨ ᠡᠴᠠ ᠪᠣᠯᠵᠤ ᠶᠠᠳᠠᠭᠤᠷᠠᠭᠰᠠᠨ 41 ᠭᠡᠷ ᠪᠦᠯᠢ ᠶ᠋ᠢ ᠨᠢᠭᠡᠨᠲᠡ  ᠭᠠᠵᠠᠷ ᠤᠨ ᠲᠡᠰ ᠤᠨ ᠤᠳᠤᠷᠢᠳᠤᠯᠭ᠎ᠠ ᠪᠣᠯᠤᠨ ᠠᠵᠤ ᠠᠬᠣᠶᠢᠯᠠᠯᠳᠠᠳ ᠳᠠᠭᠠᠭᠠᠴᠢᠯᠠᠨ ᠠᠪᠴᠤ  ᠂ 78 ᠡᠷᠦᠬᠡ ᠡᠪᠡᠳᠴᠢᠨ ᠡᠴᠡ ᠪᠣᠯᠣᠭᠰᠠᠨ ᠶᠠᠳᠠᠭᠤ ᠬᠦᠴᠢᠷᠳᠡᠯᠲᠡᠶ ᠡᠷᠦᠬᠡ ᠶ᠋ᠢ ᠴᠦ  ᠰᠢᠢᠳᠪᠣᠷᠢᠯᠡᠬᠦ  ᠬᠡᠪᠴᠢᠶᠡᠨ ᠳ᠋ᠦ ᠣᠷᠣᠭᠤᠯᠵᠤ ᠂ ᠰᠠᠭᠤᠭᠠᠯᠢ ᠠᠷᠠᠳ ‍ᠤᠨ ᠪᠠᠴᠢᠮ  ᠰᠢᠢᠳᠪᠣᠷᠢᠯᠡᠬᠦ  ᠴᠢᠬᠤᠯᠠᠲᠠᠶ ᠠᠰᠠᠭᠤᠳᠠᠯ ‍ᠢ ᠪᠦᠬᠦᠨ ᠢ  ᠰᠢᠳᠪᠣᠷᠢᠯᠠᠬᠦ ᠪᠣᠯᠤᠨ᠎ᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ