ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠬᠣᠰᠢᠭᠤᠨ ‍ᠤ ᠠᠷᠪᠠᠨ ᠬᠣᠶᠠᠳᠤᠭᠠᠷ ᠬᠤᠭᠤᠴᠠᠭᠠᠨ ‍ᠤ ᠨᠠᠮ ‍ᠤᠨ ᠬᠣᠷᠢᠶᠠᠨ ‍ᠤ 123 ᠳ᠋ᠤᠭᠠᠷ ᠤᠳᠠᠭ᠎ᠠ ᠶ᠋ᠢᠨ ᠪᠠᠶᠢᠩᠭᠤ ᠶ᠋ᠢᠨ ᠬᠣᠷᠢᠶᠠᠨ ‍ᠤ ( ᠥᠷᠭᠡᠳᠬᠡᠭᠰᠡᠨ ) ᠬᠤᠷᠠᠯ ‍ᠢ ᠡᠷᠬᠢᠯᠡᠨ ᠬᠣᠷᠠᠯᠳᠣᠭᠣᠯᠣᠭᠰᠠᠨ

ᠣᠩᠰᠢᠭᠰᠠᠨ ᠤᠳᠠᠭ᠎ᠠ ᠄ 840     ᠨᠡᠶᠢᠳᠡᠯᠡᠭᠰᠡᠨ ᠴᠠᠭ ᠄ 2019/10/30 17:08:22

     10 ᠳ᠋ᠣᠭᠠᠷ ᠰᠠᠷ᠎ᠠ ᠶ᠋ᠢᠨ 24 ᠤ ᠡᠳᠦᠷ ᠂ ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠬᠣᠰᠢᠭᠤᠨ ‍ᠤ ᠠᠷᠪᠠᠨ ᠬᠣᠶᠠᠳᠤᠭᠠᠷ ᠬᠤᠭᠤᠴᠠᠭᠠᠨ ‍ᠤ ᠨᠠᠮ ‍ᠤᠨ ᠬᠣᠷᠢᠶᠠᠨ ‍ᠤ 123 ᠳ᠋ᠤᠭᠠᠷ ᠤᠳᠠᠭ᠎ᠠ ᠶ᠋ᠢᠨ ᠪᠠᠶᠢᠩᠭᠤ ᠶ᠋ᠢᠨ ᠬᠣᠷᠢᠶᠠᠨ ‍ᠤ ( ᠥᠷᠭᠡᠳᠬᠡᠭᠰᠡᠨ ) ᠬᠤᠷᠠᠯ ‍ᠢ ᠡᠷᠬᠢᠯᠡᠨ ᠬᠤᠷᠠᠯᠳᠤᠭᠤᠯᠵᠤ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠣᠶᠢᠷ᠎ᠠ ᠶ᠋ᠢᠨ ᠬᠤᠭᠤᠴᠠᠭᠠᠨ ‍ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠲᠠᠮᠵᠢᠭᠣᠯᠣᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ‍ᠢ ᠰᠤᠳᠤᠯᠤᠨ ᠲᠣᠬᠢᠷᠠᠭᠣᠯᠣᠭᠰᠠᠨ ᠪᠠᠶᠢᠨ᠎ᠠ ᠃

 

      ᠬᠤᠷᠠᠯ ᠡᠴᠠ ᠴᠢᠩᠭᠠᠳᠬᠠᠭᠰᠠᠨ ᠨᠢ ᠂ ᠬᠣᠰᠢᠭᠤᠨ ‍ᠤ ᠡᠯ᠎ᠡ ᠨᠠᠮ ‍ᠤᠨ ᠬᠣᠷᠢᠶ᠎ᠠ ( ᠨᠠᠮ ‍ᠤᠨ ᠤᠳᠤᠷᠢᠳᠬᠤ ᠳᠤᠭᠤᠶᠢᠯᠠᠩ ) ᠪᠣᠯᠤᠨ ᠥᠷᠭᠡᠨ ᠣᠯᠠᠨ ᠨᠠᠮ ‍ᠤᠨ ᠭᠡᠰᠢᠭᠦᠨ ᠺᠠᠳ᠋ᠷᠴᠤᠳ ᠰᠢ ᠶ᠋ᠢᠨ ᠫᠢᠩ ᠶᠡᠷᠦᠩᠬᠡᠶ ᠱᠦᠵᠢ ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠰᠤᠷᠤᠯᠴᠠᠨ ᠲᠣᠭᠣᠰᠢᠯᠠᠭᠣᠯᠵᠣ ᠂ ᠤᠯᠤᠰ ᠲᠥᠷᠥ ᠶ᠋ᠢᠨ ᠦᠵᠡᠯ ᠤᠬᠠᠮᠰᠠᠷ ᠢᠶᠡᠨ ᠦᠨᠡᠨ ᠬᠦ ᠳᠡᠭᠡᠭᠰᠢᠯᠡᠭᠦᠯᠦᠨ ᠂ 《 ᠳᠥᠷᠪᠡᠨ ᠤᠬᠠᠮᠰᠠᠷ 》 ᠢᠶᠡᠨ ᠴᠢᠩᠭᠠᠳᠬᠠᠵᠤ ᠂ 《 ᠳᠥᠷᠪᠡᠨ ᠢᠲᠡᠭᠡᠯ 》 ᠢᠶᠡᠨ ᠪᠠᠲᠤᠳᠬᠠᠨ ᠂ 《 ᠬᠣᠶᠠᠷ ‍ᠢ ᠬᠠᠮᠠᠭᠠᠯᠠᠬᠤ 》 ᠶ᠋ᠢ ᠪᠡᠶᠡᠯᠡᠭᠦᠯᠵᠦ ᠂ ᠦᠵᠡᠯ ᠰᠠᠨᠠᠭᠠᠨ ‍ᠤ ᠤᠬᠠᠮᠰᠠᠷ ᠂ ᠤᠯᠤᠰ ᠲᠥᠷᠥ ᠶ᠋ᠢᠨ ᠤᠬᠠᠮᠰᠠᠷ ᠂ ᠠᠵᠢᠯᠯᠠᠭᠠᠨ ‍ᠤ ᠤᠬᠠᠮᠰᠠᠷ ᠢᠶᠡᠨ ᠤᠯᠠᠮ ᠨᠢᠭᠡ ᠠᠯᠬᠤᠮ ᠴᠢᠩᠭᠠᠳᠬᠠᠨ ᠂ ᠰᠢ ᠶ᠋ᠢᠨ ᠫᠢᠩ ᠨᠥᠬᠥᠷ ‍ᠢᠶ᠋ᠡᠷ ᠲᠦᠪ ᠪᠣᠯᠭᠠᠭᠰᠠᠨ ᠨᠠᠮ ‍ᠤᠨ ᠲᠥᠪ ᠬᠣᠷᠢᠶ᠎ᠠ ᠲᠠᠶ ᠢᠮᠠᠭᠲᠠ ᠲᠡᠭᠡᠳᠦ ᠬᠡᠮᠵᠢᠶ᠎ᠡ ᠪᠡᠷ ᠨᠢᠭᠡᠳᠦᠯᠲᠡᠶ ᠪᠠᠶᠢᠬᠣ ᠬᠡᠷᠡᠭᠲᠡᠶ ᠃ ᠨᠠᠮ ‍ᠤᠨ ᠤᠳᠤᠷᠢᠳᠤᠯᠭ᠎ᠠ ᠶ᠋ᠢ ᠢᠮᠠᠭᠲᠠ ᠪᠠᠷᠢᠮᠲᠠᠯᠠᠵᠤ ᠂ ᠳᠦᠷᠢᠮ ᠤᠨ ᠤᠬᠠᠮᠰᠠᠷ ᠢᠶᠡᠨ ᠴᠢᠩᠭᠠᠳᠬᠠᠨ ᠂ ᠬᠠᠤᠯᠢ ᠶᠣᠰᠣᠭᠠᠷ ᠵᠠᠰᠠᠭ ᠶᠠᠪᠤᠭᠤᠯᠵᠤ ᠂ ᠬᠠᠤᠯᠢ ᠶᠣᠰᠣᠭᠠᠷ ᠲᠥᠷᠥ ᠪᠠᠷᠢᠬᠣ ᠬᠡᠷᠡᠭᠲᠡᠶ ᠃ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠪᠠᠷ ᠠᠵᠤ ᠠᠬᠤᠶ ᠨᠡᠶᠢᠭᠡᠮ ‍ᠦᠨ ᠬᠥᠭᠵᠢᠯᠲᠡ ᠶ᠋ᠢᠨ ᠪᠦᠬᠦ ᠲᠠᠯ᠎ᠠ ᠶ᠋ᠢ ᠬᠠᠮᠤᠷᠬᠤ ᠶ᠋ᠢ ᠪᠠᠷᠢᠮᠲᠠᠯᠠᠵᠤ ᠂ ᠰᠢᠢᠳᠪᠦᠷᠢᠲᠦ  ᠳᠠᠶᠢᠯᠠᠯᠳᠤᠭᠠᠨ ᠬᠢᠬᠦ ᠢᠲᠡᠭᠡᠯ ᠵᠣᠷᠢᠭ ᠢᠶᠡᠨ ᠪᠠᠳᠣᠳᠬᠠᠨ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠡᠭᠦᠷᠭᠡ ᠶ᠋ᠢ ᠪᠦᠬᠦ ᠲᠠᠯ᠎ᠠ ᠪᠠᠷ ᠪᠡᠶᠡᠯᠡᠭᠦᠯᠬᠦ ᠶ᠋ᠢ ᠪᠠᠲᠤᠯᠠᠬᠤ ᠬᠡᠷᠡᠭᠲᠡᠶ ᠃ ᠰᠢᠨ᠎ᠡ ᠶ᠋ᠢ ᠡᠭᠦᠳᠬᠦ ᠬᠥᠳᠡᠯᠭᠡᠬᠦ ᠡᠨᠧᠷᠭᠢ ᠶ᠋ᠢ ᠲᠠᠷᠢᠶᠠᠨ ᠭᠠᠵᠠᠷ ᠲᠤ ᠳᠡᠯᠭᠡᠷᠡᠭᠦᠯᠵᠦ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠤ ᠢᠯᠠᠯᠲᠠ ᠶ᠋ᠢ ᠣᠯᠬᠤ ᠳ᠋ᠤ ᠬᠦᠴᠦᠨ ᠨᠡᠮᠡᠷᠢᠯᠡᠨ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠴᠢᠨᠠᠷ ᠰᠠᠶᠢᠲᠠᠶ ᠬᠥᠭᠵᠢᠯᠲᠡ ᠶ᠋ᠢ ᠠᠬᠢᠭᠤᠯᠬᠤ ᠳᠤᠮᠳᠠ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠶ ᠃ ᠰᠢ ᠶ᠋ᠢᠨ ᠫᠢᠩ ᠶᠡᠷᠦᠩᠬᠡᠶ ᠱᠦᠵᠢ ᠶ᠋ᠢᠨ ᠳᠤᠮᠳᠠᠳᠤ ᠤᠯᠤᠰ ᠤᠨ ᠪᠠᠭᠠᠴᠤᠳ ‍ᠤᠨ ᠬᠣᠰᠢᠭᠤᠴᠢ ᠠᠩᠭᠢ ᠪᠠᠶᠢᠭᠣᠯᠣᠭᠳᠠᠭᠰᠠᠨ 70 ᠵᠢᠯ ‍ᠦᠨ ᠤᠢ ᠳ᠋ᠤ ᠢᠯᠡᠭᠡᠭᠰᠡᠨ ᠪᠠᠶᠠᠷ ‍ᠤᠨ ᠵᠠᠬᠢᠳᠠᠯ ᠤᠨ ᠵᠣᠷᠢᠭ ᠰᠠᠨᠠᠭ᠎ᠠ ᠶ᠋ᠢ ᠰᠤᠷᠤᠯᠴᠠᠬᠤ ᠶ᠋ᠢ ᠨᠢᠭᠡ  ᠵᠦᠢᠯ  ‍ᠦᠨ ᠤᠯᠤᠰ ᠲᠥᠷᠦ ᠶ᠋ᠢᠨ ᠱᠠᠭᠠᠷᠳᠠᠯᠭ᠎ᠠ ᠪᠠ ᠤᠯᠤᠰ ᠲᠥᠷᠦ ᠶ᠋ᠢᠨ ᠰᠠᠬᠢᠯᠭ᠎ᠠ ᠪᠠᠲᠤ ᠪᠣᠯᠭᠠᠵᠤ ᠂ ᠪᠠᠶᠠᠷ ‍ᠤᠨ ᠵᠠᠬᠢᠳᠠᠯ ‍ᠤᠨ ᠵᠣᠷᠢᠭ ᠰᠠᠨᠠᠭ᠎ᠠ ᠶ᠋ᠢ ᠪᠣᠳᠠᠲᠠᠶ ᠳ᠋ᠤ ᠨᠠᠶᠢᠳᠠᠪᠤᠷᠢᠵᠢᠭᠤᠯᠬᠤ ᠶ᠋ᠢ ᠪᠠᠲᠤᠯᠠᠬᠤ ᠬᠡᠷᠡᠭᠲᠡᠶ ᠭᠡᠰᠡᠨ ᠪᠠᠶᠢᠨ᠎ᠠ ᠃

 

       ᠬᠤᠷᠠᠯ ᠡᠴᠠ ᠴᠢᠩᠭᠠᠳᠬᠠᠭᠰᠠᠨ ᠨᠢ ᠂ ᠪᠥᠬᠥ ᠬᠣᠰᠢᠭᠤᠨ ‍ᠤ ᠡᠯ᠎ᠡ ᠨᠠᠮ ‍ᠤᠨ ᠬᠣᠷᠢᠶ᠎ᠠ ( ᠨᠠᠮ ‍ᠤᠨ ᠤᠳᠤᠷᠢᠳᠬᠤ ᠳᠤᠭᠤᠶᠢᠯᠠᠩ ) ᠭᠣᠤᠯ ᠰᠡᠳᠦᠪᠲᠦ ᠬᠥᠮᠦᠵᠢᠯ ᠥᠷᠨᠢᠭᠦᠯᠬᠦ ᠶ᠋ᠢ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠵᠤ ᠂ ᠭᠣᠤᠯ ᠬᠠᠷᠢᠭᠤᠴᠠᠯᠭᠠᠲᠠᠨ ᠪᠡᠶ᠎ᠡ ᠪᠡᠷ ‍ᠢᠶ᠋ᠡᠨ ᠰᠤᠳᠤᠯᠵᠤ ᠂  ᠪᠡᠶ᠎ᠡ ᠪᠡᠷ ‍ᠢᠶ᠋ᠡᠨ ᠵᠢᠱᠢᠶ᠎ᠡ ᠦᠵᠡᠭᠦᠯᠵᠦ ᠂ ᠨᠠᠶᠢᠳᠠᠪᠤᠷᠢᠵᠢᠭᠤᠯᠤᠯᠲᠠ ᠶ᠋ᠢ ᠴᠢᠩᠭ᠎ᠠ ᠠᠳᠬᠤᠬᠤ ᠬᠡᠷᠡᠭᠲᠡᠶ ᠃ ᠡᠯ᠎ᠡ ᠬᠢᠨᠠᠨ ᠵᠢᠯᠣᠭᠣᠳᠬᠤ ᠳᠤᠭᠤᠶᠢᠯᠠᠩ ᠠᠵᠢᠯ ‍ᠤᠨ ᠬᠢᠨᠠᠨ ᠵᠢᠯᠣᠭᠣᠳᠤᠯᠭ᠎ᠠ ᠶ᠋ᠢ ᠴᠢᠩᠭ᠎ᠠ ᠪᠥᠭᠡᠳ ᠪᠣᠳᠠᠲᠠᠶ ᠥᠷᠨᠢᠭᠦᠯᠵᠦ ᠂ ᠤᠷᠢᠳᠴᠢᠯᠠᠨ ᠮᠠᠭᠠᠳᠯᠠᠬᠤ ᠂ ᠲᠥᠷᠥᠯ ᠬᠤᠪᠢᠶᠠᠨ ᠵᠢᠯᠣᠭᠣᠳᠬᠤ ᠶ᠋ᠢ ᠴᠢᠩᠭᠠᠳᠬᠠᠵᠤ ᠂ ᠥᠷᠭᠡᠨ ᠣᠯᠠᠨ ᠨᠠᠮ ‍ᠤᠨ ᠭᠡᠰᠢᠭᠦᠨ ‍ᠢ ᠵᠢᠯᠣᠭᠣᠳᠴᠤ ᠪᠠᠶᠢᠭᠠᠳ ᠥᠷᠭᠡᠨ ᠣᠯᠠᠨ ᠨᠠᠮ ‍ᠤᠨ ᠭᠡᠰᠢᠭᠦᠨ ‍ᠦ ᠤᠭ ᠰᠠᠨᠠᠭ᠎ᠠ ᠪᠠᠨ ᠰᠠᠶᠢᠲᠤᠷ  ᠦᠢᠯᠡᠳᠦᠯᠭᠡᠵᠢᠭᠦᠯᠵᠦ ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠬᠦ ᠪᠣᠯᠭᠠᠬᠤ ᠬᠡᠷᠡᠭᠲᠡᠶ ᠭᠡᠰᠡᠨ ᠪᠠᠶᠢᠨ᠎ᠠ ᠃
       ᠬᠤᠷᠠᠯ ᠡᠴᠠ ᠴᠢᠩᠭᠠᠳᠬᠠᠭᠰᠠᠨ ᠨᠢ ᠂ ᠪᠦᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ‍ᠢ ᠠᠬᠢᠭᠤᠯᠬᠤ ᠬᠤᠷᠠᠯ ‍ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠠᠵᠢᠯ ‍ᠤᠨ ᠠᠯᠪᠠᠨ ᠭᠡᠷ ‍ᠦᠨ ᠲᠥᠪ ‍ᠦᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ 《 ᠡᠷᠬᠢᠴᠡᠭᠦᠯᠦᠨ ᠦᠵᠡᠬᠦ 》 ᠬᠣᠯᠪᠣᠭᠳᠠᠯ ᠪᠦᠬᠦᠢ ᠱᠠᠭᠠᠷᠳᠠᠯᠭ᠎ᠠ ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠲᠤᠰᠬᠠᠶ ᠲᠡᠮᠡᠴᠡᠯ ᠤᠨ ᠦᠨᠳᠦᠰᠦᠨ ᠵᠢᠷᠤᠮᠯᠠᠯ ᠂ ᠱᠠᠲᠤ ᠦᠶ᠎ᠡ ᠶ᠋ᠢᠨ ᠣᠨᠴᠠᠯᠢᠭ ᠂ ᠶᠡᠷᠦᠩᠬᠡᠶ ᠱᠠᠭᠠᠷᠳᠠᠯᠭ᠎ᠠ ᠪᠣᠯᠤᠨ ᠭᠣᠤᠯᠳᠠᠯᠭ᠎ᠠ ᠲᠠᠶ ᠠᠷᠭ᠎ᠠ ᠬᠡᠮᠵᠢᠶ᠎ᠡ ᠶ᠋ᠢ ᠭᠦᠨᠵᠡᠭᠡᠶ ᠡᠵᠡᠮᠰᠢᠵᠦ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ‍ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠲᠡᠶ ᠃ ᠡᠯ᠎ᠡ  ᠵᠦᠢᠯ  ‍ᠦᠨ ᠡᠭᠦᠷᠭᠡ ᠶ᠋ᠢ ᠥᠨᠳᠥᠷ ᠪᠠᠷᠢᠮᠵᠢᠶ᠎ᠠ ᠂ ᠴᠢᠨᠠᠷ ᠰᠠᠶᠢᠲᠠᠶ ᠪᠡᠶᠡᠯᠡᠭᠦᠯᠵᠦ ᠂ ᠦᠨᠡᠨ ᠪᠣᠳᠠᠲᠠᠶ ᠠᠬᠢᠴᠠ ᠲᠠᠶ ᠪᠣᠯᠬᠤ ᠶ᠋ᠢ ᠪᠠᠲᠤᠯᠠᠬᠤ ᠬᠡᠷᠡᠭᠲᠡᠶ ᠃ ᠵᠣᠬᠢᠶᠠᠨ ᠪᠠᠶᠢᠭᠤᠯᠤᠯᠲᠠ ᠶ᠋ᠢᠨ ᠤᠳᠤᠷᠢᠳᠤᠯᠭ᠎ᠠ ᠶ᠋ᠢ ᠴᠢᠩᠭᠠᠳᠬᠠᠬᠤ ᠪᠠᠷ ᠪᠠᠲᠤᠯᠠᠭ᠎ᠠ ᠪᠣᠯᠭᠠᠵᠤ ᠂ ᠵᠣᠬᠢᠶᠠᠨ ᠪᠠᠶᠢᠭᠤᠯᠤᠯᠲᠠ ᠵᠢ ᠠᠬᠢᠭᠤᠯᠬᠤ ᠂ ᠲᠥᠷᠦ ᠶ᠋ᠢᠨ ᠪᠣᠳᠣᠯᠭ᠎ᠠ ᠵᠢ ᠡᠵᠡᠮᠳᠡᠬᠦ ᠂ ᠬᠠᠤᠯᠢᠵᠢᠯ ‍ᠤᠨ ᠬᠡᠷᠡᠭᠯᠡᠯᠲᠡ ᠂ ᠶᠠᠷᠢᠶ᠎ᠠ ᠬᠡᠯᠡᠯᠴᠡᠭᠡᠨ ‍ᠦ ᠡᠵᠡᠮᠳᠡᠯ ᠂ ᠡᠩᠨᠡᠭᠡᠨ ‍ᠦ ᠬᠠᠮᠢᠶᠠᠷᠤᠯᠲᠠ ᠶ᠋ᠢᠨ ᠴᠢᠳᠠᠪᠤᠷᠢ ᠶ᠋ᠢ ᠳᠡᠭᠡᠭᠰᠢᠯᠡᠭᠦᠯᠵᠦ ᠂ ᠲᠤᠰᠬᠠᠶ ᠲᠡᠮᠡᠴᠡᠯ ‍ᠢ ᠭᠦᠨᠵᠡᠭᠡᠶ ᠥᠷᠨᠢᠭᠦᠯᠬᠦ ᠳ᠋ᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠰᠡᠨ ᠪᠠᠶᠢᠨ᠎ᠠ ᠃
       ᠬᠤᠷᠠᠯ ᠡᠴᠠ ᠪᠠᠰᠠ ᠲᠡᠭᠡᠳᠦ ᠱᠠᠲᠤᠨ ‍ᠤ ᠬᠣᠯᠪᠣᠭᠳᠠᠯ ᠪᠦᠬᠦᠢ ᠬᠤᠷᠠᠯ ᠂ ᠪᠢᠴᠢᠭ ᠮᠠᠲ᠋ᠧᠷᠢᠶᠠᠯ ‍ᠤᠨ ᠵᠣᠷᠢᠭ ᠰᠠᠨᠠᠭ᠎ᠠ ᠶ᠋ᠢ ᠲᠠᠮᠵᠢᠭᠣᠯᠣᠨ ᠰᠤᠷᠤᠯᠴᠠᠵᠤ ᠂ ᠥᠷᠢ ᠥᠭᠴᠡᠭᠡ ᠶ᠋ᠢ ᠠᠷᠢᠯᠭᠠᠬᠤ ᠂ ᠠᠶᠤᠯᠭᠦᠶ  ᠦᠢᠯᠡᠳᠪᠣᠷᠢᠯᠡᠯ  ᠂ ᠠᠭᠤᠷᠬᠠᠢ ᠶ᠋ᠢᠨ ᠭᠠᠷᠤᠯᠲᠠ ᠶ᠋ᠢᠨ ᠡᠬᠢ ᠪᠠᠶᠠᠯᠢᠭ ‍ᠤᠨ ᠬᠦᠷᠢᠶᠡᠨ ᠳ᠋ᠡᠬᠢ ᠲᠣᠪᠣᠶᠢᠮ᠎ᠠ ᠠᠰᠠᠭᠤᠳᠠᠯ ‍ᠢ ᠲᠤᠰᠬᠠᠶ ᠴᠡᠭᠴᠡᠯᠡᠨ ᠵᠠᠰᠠᠬᠤ ᠵᠡᠷᠭᠡ ᠠᠵᠢᠯ ‍ᠢ ᠰᠤᠳᠤᠯᠤᠨ ᠲᠣᠬᠢᠷᠠᠭᠣᠯᠵᠣ ᠂ 《 ᠨᠠᠢᠮᠠᠨ  ᠬᠣᠰᠢᠭᠤᠨ ‍ᠤ ᠰᠢᠨ᠎ᠡ ᠴᠠᠭ ᠦᠶ᠎ᠡ ᠶ᠋ᠢᠨ ᠪᠣᠯᠪᠠᠰᠤᠨ ‍ᠤ  ᠦᠢᠯᠡᠳᠦᠯᠭᠡ ᠶ᠋ᠢᠨ ᠲᠥᠪ ‍ᠦᠨ ᠪᠦᠲᠦᠭᠡᠨ ᠪᠠᠶᠢᠭᠤᠯᠤᠯᠲᠠ ᠶ᠋ᠢᠨ ᠲᠥᠰᠦᠯ 》 ‍ᠢ ᠶᠠᠷᠢᠯᠴᠠᠭᠰᠠᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ