ᠪᠣᠣ ᠯᠢᠶᠠᠨ ᠱᠠᠨ ᠤᠯᠤᠰ ‍ᠤᠨ ᠦᠮᠴᠢᠯᠡᠯᠳᠦ ᠠᠵᠤ ᠠᠬᠣᠶᠢᠯᠠᠯ ᠳ᠋ᠤ ᠭᠦᠡᠵᠡᠭᠡᠶᠢᠷᠡᠨ ᠭᠣᠤᠯ ᠰᠡᠳᠦᠪᠲᠦ ᠰᠤᠷᠭᠠᠨ ᠬᠥᠮᠦᠵᠢᠯ ‍ᠦᠨ ᠠᠵᠢᠯ  ᠳᠤ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 779     ᠨᠡᠶᠢᠳᠡᠯᠡᠭᠰᠡᠨ ᠴᠠᠭ ᠄ 2019/10/31 11:08:23

     10 ᠳ᠋ᠣᠭᠠᠷ ᠰᠠᠷ᠎ᠠ ᠶ᠋ᠢᠨ 24 ‍ᠦ ᠡᠳᠦᠷ ᠂ ᠬᠣᠰᠢᠭᠣᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ‍ᠦᠨ ᠳᠠᠷᠤᠭ᠎ᠠ ᠪᠣᠣ ᠯᠢᠶᠠᠨ ᠱᠠᠨ ᠬᠡᠰᠡᠭ ᠤᠯᠤᠰ ‍ᠤᠨ ᠦᠮᠴᠢᠯᠡᠯᠳᠦ ᠠᠵᠤ ᠠᠬᠣᠶᠢᠯᠠᠯ  ᠳᠤ  ᠭᠦᠵᠡᠭᠡᠶᠢᠷᠡᠨ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ ᠪᠠᠶᠢᠨ᠎ᠠ ᠃

     ᠪᠣᠣ ᠯᠢᠶᠠᠨ ᠱᠠᠨ ᠨᠡᠷ ᠣᠷᠢᠣᠨ ᠬᠣᠵᠢᠣᠨ ᠥᠪᠥᠷ ᠮᠣᠩᠭᠣᠯ ‍ᠤᠨ ᠨᠠᠢᠮᠠᠨ ᠬᠣᠲᠠ ᠶ᠋ᠢᠨ ᠪᠡᠯᠡ ᠣᠷᠣᠭᠤᠯᠤᠯᠲᠠ ᠶ᠋ᠢᠨ ᠬᠢᠵᠠᠭᠠᠷᠲᠤ ᠺᠣᠮᠫᠠᠨᠢ ᠂ ᠥᠪᠥᠷ ᠮᠣᠩᠭᠣᠯ ‍ᠤᠨ ᠼᠠᠢ ᠰᠢᠨ ᠪᠦᠯᠦᠭᠯᠡᠯ ‍ᠦᠨ ᠭᠣᠤᠯ ᠰᠡᠳᠦᠪᠲᠦ ᠬᠥᠮᠦᠵᠢᠯ ‍ᠢ ᠥᠷᠨᠢᠭᠦᠯᠦᠭᠰᠡᠨ ᠪᠠᠶᠢᠳᠡᠯ ᠂ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠪᠠᠶᠢᠳᠡᠯ ᠂ ᠺᠠᠳ᠋ᠷ ‍ᠤᠨ ᠡᠩᠨᠡᠭᠡᠨ ‍ᠦ ᠪᠠᠶᠢᠭᠤᠯᠤᠯᠲᠠ ᠶ᠋ᠢᠨ ᠪᠠᠶᠢᠳᠡᠯ ᠂ ᠲᠤᠬᠠᠶᠢᠯᠠᠭᠰᠠᠨ ᠠᠵᠢᠯ ‍ᠢ ᠥᠷᠨᠢᠭᠦᠯᠦᠭᠰᠡᠨ ᠪᠠᠶᠢᠳᠡᠯ ‍ᠤᠨ ᠬᠠᠷᠢᠭᠤ ᠮᠡᠳᠡᠭᠦᠯᠦᠯᠲᠡ ᠶ᠋ᠢ ᠰᠣᠨᠣᠰᠴᠦ ᠂ ᠠᠵᠤ ᠠᠬᠤᠶᠢᠯᠠᠯ ‍ᠤᠨ ᠬᠥᠭᠵᠢᠯᠲᠡ ᠶ᠋ᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ‍ᠢ ᠯᠠᠪᠯᠠᠨ ᠠᠰᠠᠭᠤᠵᠤ ᠣᠶᠢᠯᠠᠭᠠᠬᠤ ᠶ᠋ᠢᠨ ᠬᠠᠮᠲᠤ ᠤᠯᠤᠰ ‍ᠤᠨ ᠦᠮᠴᠢᠯᠡᠯᠳᠦ ᠠᠵᠤ ᠠᠬᠤᠶᠢᠯᠠᠯ ‍ᠢ ᠬᠡᠷᠬᠢᠨ ᠬᠥᠭᠵᠢᠭᠦᠯᠬᠦ ᠂ ᠤᠳᠤᠷᠢᠳᠬᠤ ᠪᠠᠭ ‍ᠢ ᠬᠡᠷᠬᠢᠨ ᠪᠠᠶᠢᠭᠤᠯᠬᠤ ᠂ ᠭᠣᠤᠯ ᠰᠡᠳᠦᠪᠲᠦ ᠬᠥᠮᠦᠵᠢᠯ ‍ᠢ ᠬᠡᠷᠬᠢᠨ ᠥᠷᠨᠢᠭᠦᠯᠬᠦ ᠲᠤᠬᠠᠶ ᠰᠠᠨᠠᠯ ᠢᠶᠡᠨ ᠰᠣᠯᠢᠯᠴᠠᠠᠠᠰᠠᠨ ᠪᠠᠶᠢᠨ᠎ᠠ ᠃

   

      ᠪᠣᠣ ᠯᠢᠶᠠᠨ ᠱᠠᠨ ᠵᠢᠭᠠᠵᠤ ᠭᠠᠷᠭᠠᠭᠰᠠᠨ ᠨᠢ ᠂ ᠤᠯᠤᠰ ‍ᠤᠨ ᠦᠮᠴᠢᠯᠡᠯᠳᠦ ᠠᠵᠤ ᠠᠬᠣᠶᠢᠯᠠᠯ ᠥᠪᠡᠷ ‍ᠦᠨ ᠪᠠᠶᠢᠷᠢ ᠰᠠᠭᠤᠷᠢ ᠦᠢᠯᠡᠳᠣᠯ ᠪᠣᠯᠤᠨ ᠬᠠᠷᠢᠭᠤᠴᠠᠯᠭ᠎ᠠ ᠡᠭᠦᠷᠭᠡᠯᠡᠯ ‍ᠢᠶ᠋ᠡᠨ ᠭᠦᠨᠵᠡᠭᠡᠶ ᠲᠠᠨᠢᠵᠤ ᠂ ᠪᠡᠶ᠎ᠡ ᠪᠡᠨ ᠳᠠᠭᠠᠭᠠᠵᠤ ᠰᠢᠨ᠎ᠡ ᠶ᠋ᠢ ᠡᠭᠦᠳᠬᠦ ᠶ᠋ᠢ ᠦᠷᠭᠦᠯᠵᠢᠯᠡᠨ ᠴᠢᠩᠭᠠᠳᠬᠠᠵᠤ ᠂ ᠳᠣᠳᠠᠭᠳᠠᠯ ᠢᠶᠡᠨ ᠨᠥᠬᠥᠪᠥᠷᠢᠯᠡᠵᠦ ᠂ ᠭᠣᠤᠯ ᠰᠡᠳᠦᠪᠲᠦ ᠬᠥᠮᠦᠵᠢᠯ ‍ᠢᠶ᠋ᠡᠷ ᠠᠵᠠ ᠲᠣᠬᠢᠶᠠᠯ ᠪᠣᠯᠭᠠᠵᠤ ᠂ ᠰᠤᠷᠤᠯᠴᠠᠯᠭ᠎ᠠ ᠬᠥᠮᠦᠵᠢᠯ ᠂ ᠠᠰᠠᠭᠤᠳᠠᠯ ‍ᠢ ᠪᠠᠶᠢᠴᠠᠭᠠᠨ ᠦᠵᠡᠬᠦ ᠂ ᠪᠠᠶᠢᠴᠠᠭᠠᠨ ᠰᠤᠳᠤᠯᠤᠯᠲᠠ ᠬᠢᠬᠦ ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶ᠋ᠢ ᠢᠮᠠᠭᠲᠠ ᠲᠣᠭᠣᠰᠢᠯᠠᠭᠣᠯᠵᠦ ᠂ ᠭᠣᠤᠯ ᠰᠡᠳᠦᠪᠲᠦ ᠬᠥᠮᠦᠵᠢᠯ ‍ᠦᠨ ᠦᠷ᠎ᠡ ᠪᠦᠲᠦᠭᠡᠯ ‍ᠢ ᠠᠵᠤ ᠠᠬᠣᠶᠢᠯᠠᠯ ‍ᠤᠨ ᠬᠥᠭᠵᠢᠯᠲᠡ ᠶ᠋ᠢᠨ ᠠᠮᠢᠵᠢᠷᠠᠯ ‍ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ ᠃

     ᠪᠣᠣ ᠯᠢᠶᠠᠨ ᠱᠠᠨ ᠂ ᠡᠯ᠎ᠡ ᠤᠯᠤᠰ ‍ᠤᠨ ᠦᠮᠴᠢᠯᠡᠯᠳᠦ ᠠᠵᠤ ᠠᠬᠣᠶᠢᠯᠠᠯ ᠭᠣᠤᠯ ᠰᠡᠳᠦᠪᠲᠦ ᠰᠤᠷᠭᠠᠨ ᠬᠥᠮᠦᠵᠢᠯ ‍ᠢᠶ᠋ᠡᠷ ᠳᠠᠮᠵᠢᠨ ᠬᠥᠭᠵᠢᠯᠲᠡ ᠶ᠋ᠢᠨ ᠤᠬᠠᠮᠰᠠᠷ ᠢᠶᠡᠨ ᠣᠯᠡᠮ ᠨᠢᠬᠡ ᠠᠯᠬᠣᠮ ᠴᠢᠩᠭᠠᠳᠬᠠᠵᠤ ᠂ ᠴᠢᠨᠠᠷ ᠰᠠᠶᠢᠲᠠᠶ ᠬᠥᠭᠵᠢᠯᠲᠡ ᠪᠡᠷ ᠤᠯᠤᠰ ‍ᠤᠨ ᠦᠮᠴᠢᠯᠡᠯᠳᠦ ᠠᠵᠤ ᠠᠬᠤᠢᠯᠠᠯ ‍ᠤᠨ ᠪᠤᠵᠠᠭᠠᠶᠢᠷᠠᠨ ᠬᠦᠴᠦᠷᠬᠡᠭᠵᠢᠬᠦ ᠶ᠋ᠢ ᠪᠠᠲᠤᠯᠠᠬᠤ ᠬᠡᠷᠡᠭᠲᠡᠶ ︔ ᠭᠣᠤᠯ ᠰᠡᠳᠦᠪᠲᠦ ᠬᠥᠮᠦᠵᠢᠯ ‍ᠢᠶ᠋ᠡᠷ ᠳᠠᠮᠵᠢᠭᠤᠯᠤᠨ ᠥᠪᠡᠷ ‍ᠦᠨ ᠤᠬᠠᠮᠰᠠᠷ ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ ᠂   ᠭᠦᠢᠴᠡᠳ ᠦᠵᠡᠯ ᠰᠠᠨᠠᠭᠠᠨ ‍ᠤ ᠪᠡᠯᠡᠳᠬᠡᠯ ‍ᠢᠶ᠋ᠡᠷ ᠵᠠᠬ᠎ᠠ ᠳᠡᠯᠭᠡᠭᠦᠷ ‍ᠦᠨ ᠬᠤᠪᠢᠷᠠᠯᠲᠠ ᠡᠴᠠ ᠪᠣᠯᠤᠭᠰᠠᠨ ᠥᠷᠢᠰᠥᠯᠳᠦᠭᠡᠨ ‍ᠢ ᠠᠷᠭᠠᠴᠠᠬᠤ ᠬᠡᠷᠡᠭᠲᠡᠶ ︔ ᠭᠣᠤᠯ ᠰᠡᠳᠦᠪᠲᠦ ᠬᠥᠮᠦᠵᠢᠯ ‍ᠢᠶ᠋ᠡᠷ ᠳᠠᠮᠵᠢᠭᠤᠯᠤᠨ ᠤᠳᠤᠷᠢᠳᠬᠤ ᠪᠠᠭ ‍ᠤᠨ ᠪᠠᠶᠢᠭᠤᠯᠤᠯᠲᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠥᠪᠡᠷ ‍ᠦᠨ ᠠᠵᠢᠯ ‍ᠤᠨ ᠪᠠᠶᠢᠷᠢ ᠶ᠋ᠢᠨ ᠲᠤᠰᠢᠶᠠᠯ ᠬᠠᠷᠢᠭᠤᠴᠠᠯᠭ᠎ᠠ ᠪᠠᠨ ᠣᠨᠣᠪᠴᠢᠲᠠᠶ ᠲᠣᠭᠲᠠᠭᠠᠵᠤ ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ ‍ᠤᠨ ᠡᠩᠨᠡᠭᠡ ᠶ᠋ᠢ ᠪᠠᠶᠢᠭᠤᠯᠵᠤ ᠂ ᠺᠠᠳ᠋ᠷ ‍ᠢ ᠬᠥᠮᠦᠵᠢᠭᠦᠯᠬᠦ ᠠᠵᠢᠯ ‍ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠺᠠᠳ᠋ᠷ ‍ᠤᠨ ᠬᠠᠮᠢᠶᠠᠷᠤᠯᠲᠠ ᠬᠢᠨᠠᠯᠲᠠ ᠶ᠋ᠢ ᠴᠢᠩᠭᠠᠳᠬᠠᠬᠤ ᠬᠡᠷᠡᠭᠲᠡᠶ ︔ ᠭᠣᠤᠯ ᠰᠡᠳᠦᠪᠲᠦ ᠬᠥᠮᠦᠵᠢᠯ ‍ᠢᠶ᠋ᠡᠷ ᠳᠠᠮᠵᠢᠨ ᠰᠤᠷᠤᠯᠴᠠᠬᠤ ᠤᠬᠠᠮᠰᠠᠷ ᠢᠶᠡᠨ ᠣᠯᠠᠮ ᠨᠢᠬᠡ ᠠᠯᠬᠣᠮ ᠴᠢᠩᠭᠠᠳᠬᠠᠵᠤ ᠂ ᠤᠯᠤᠰ ᠲᠥᠷᠦ ᠶ᠋ᠢᠨ ᠬᠡᠪ ᠪᠣᠯᠪᠠᠰᠤᠷᠠᠯ ᠂ ᠲᠤᠬᠠᠶᠢᠯᠠᠭᠰᠠᠨ ᠠᠵᠢᠯ ‍ᠤᠨ ᠴᠢᠳᠠᠪᠤᠷᠢ ᠪᠠᠨ ᠳᠡᠭᠡᠭᠰᠢᠯᠡᠭᠦᠯᠵᠦ ᠂ ᠠᠵᠢᠯ ‍ᠤᠨ ᠰᠤᠷᠲᠠᠯ ᠢᠶᠡᠨ ᠦᠨᠡᠨᠬᠦ ᠬᠤᠪᠢᠷᠠᠭᠤᠯᠵᠤ ᠂ ᠲᠣᠰ ᠨᠢᠭᠡᠴᠡ ᠶ᠋ᠢᠨ ‍ᠢᠶ᠋ᠡᠨ ᠪᠦᠬᠦ ᠵᠢᠯ ‍ᠦᠨ ᠡᠯ᠎ᠡ ᠵᠦᠢᠯ ‍ᠦᠨ ᠬᠠᠷᠠᠯᠲᠠ ᠶ᠋ᠢ ᠣᠨᠢᠯᠠᠵᠤ ᠂ ᠲᠡᠷᠢᠭᠦᠨ ‍ᠦ ᠠᠵᠤ ᠠᠬᠣᠶᠢᠯᠠᠯ ‍ᠢ ᠪᠦᠲᠦᠭᠡᠨ ᠪᠠᠶᠢᠭᠤᠯᠬᠤ ᠬᠠᠷᠠᠯᠲᠠ ᠶ᠋ᠢ ᠣᠨᠢᠯᠠᠵᠤ ᠂ ᠠᠵᠤ ᠠᠬᠣᠶᠢᠯᠠᠯ ‍ᠤᠨ ᠬᠥᠭᠵᠢᠯᠲᠡ ᠳ᠋ᠦ ᠬᠦᠴᠦᠨ ᠴᠢᠳᠠᠯ ᠬᠤᠷᠠᠮᠳᠤᠭᠤᠯᠬᠤ ᠬᠡᠷᠡᠭᠲᠡᠶ ᠭᠡᠵᠡᠢ ᠃

   

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ