ᠬᠣᠰᠢᠭᠣᠨ ᠤ ᠨᠠᠮ ‍ᠤᠨ ᠬᠣᠷᠢᠶ᠎ᠠ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠰᠤᠷᠤᠯᠴᠠᠯᠭ᠎ᠠ ᠰᠣᠯᠢᠯᠴᠠᠭᠠᠨ ‍ᠤ ᠬᠤᠷᠠᠯ ᠵᠢᠴᠢ ᠤᠨᠤᠯ ᠰᠤᠷᠤᠯᠴᠠᠬᠤ ᠭᠣᠤᠯ ᠲᠣᠭᠣᠶᠢᠯᠠᠡᠭ ‍ᠤᠨ 15 ᠳ᠋ᠤᠭᠠᠷ ᠣᠳᠠᠭᠠᠨ ᠤ ᠬᠠᠮᠲᠤ ᠶ᠋ᠢᠨ ( ᠥᠷᠭᠡᠳᠬᠡᠭᠰᠡᠨ ) ᠰᠤᠷᠤᠯᠴᠠᠯᠭ᠎ᠠ ᠶ᠋ᠢᠨ ᠬᠤᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 1162     ᠨᠡᠶᠢᠳᠡᠯᠡᠭᠰᠡᠨ ᠴᠠᠭ ᠄ 2019/10/31 11:15:31

    10 ᠳ᠋ᠣᠭᠠᠷ ᠰᠠᠷ᠎ᠠ ᠶ᠋ᠢᠨ25 ᠤ ᠡᠳᠦᠷ ᠂ ᠬᠣᠰᠢᠭᠣᠨ ᠤ ᠨᠠᠮ ‍ᠤᠨ ᠬᠣᠷᠢᠶ᠎ᠠ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠦᠨ ᠰᠤᠷᠤᠯᠴᠠᠯᠭ᠎ᠠ ᠰᠣᠯᠢᠯᠴᠠᠭᠠᠨ ‍ᠤ ᠬᠤᠷᠠᠯ ᠵᠢᠴᠢ ᠤᠨᠤᠯ ᠰᠤᠷᠤᠯᠴᠠᠬᠤ ᠭᠣᠤᠯ  ᠲᠣᠭᠣᠶᠢᠯᠠᠡᠭ  ‍ᠤᠨ 15 ᠳ᠋ᠤᠭᠠᠷ ᠣᠳᠠᠭᠠᠨ ᠤ ᠬᠠᠮᠲᠤ ᠶ᠋ᠢᠨ ( ᠥᠷᠭᠡᠳᠬᠡᠭᠰᠡᠨ ) ᠰᠤᠷᠤᠯᠴᠠᠯᠭ᠎ᠠ ᠶ᠋ᠢᠨ ᠬᠤᠷᠠᠯ ᠶᠠᠪᠣᠭᠳᠠᠭᠣᠯᠣᠭᠰᠠᠨ ᠪᠠᠶᠢᠨ᠎ᠠ ᠃

 

     ᠲᠣᠰ ᠤᠳᠠᠭ᠎ᠠ ᠶ᠋ᠢᠨ ᠰᠤᠷᠤᠯᠴᠠᠯᠭ᠎ᠠ ᠰᠣᠯᠢᠯᠴᠠᠭ᠎ᠠ ᠨᠢ ᠬᠠᠮᠲᠤ ᠪᠠᠷ ᠰᠤᠷᠤᠯᠴᠠᠬᠤ ᠂ ᠲᠤᠰᠬᠠᠶ ᠰᠡᠳᠦᠪ ‍ᠢᠶ᠋ᠡᠷ ᠬᠠᠪᠰᠤᠷᠤᠨ ᠵᠢᠯᠣᠭᠣᠳᠬᠤ ᠪᠠ ᠰᠣᠯᠢᠯᠴᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠡᠷ ᠶᠠᠪᠣᠭᠳᠠᠭᠰᠠᠨ ᠪᠠᠶᠢᠨ᠎ᠠ ᠃ ᠬᠠᠮᠲᠤ ᠶ᠋ᠢᠨ ᠰᠤᠷᠤᠯᠴᠠᠯᠭ᠎ᠠ ᠶ᠋ᠢᠨ ᠭᠣᠭᠴᠣᠭ᠎ᠠ ᠳ᠋ᠤ ᠰᠢ ᠶ᠋ᠢᠨ ᠫᠢᠩ ᠶᠡᠷᠦᠩᠬᠡᠶ ᠱᠦᠵᠢ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠤᠨ ᠲᠤᠬᠠᠶ ᠴᠢᠬᠤᠯᠠ ᠵᠢᠭᠠᠪᠤᠷᠢ ᠶ᠋ᠢ ᠳᠠᠬᠢᠨᠲᠠ ᠣᠶᠢᠯᠠᠭᠠᠵᠤ ᠂ ᠨᠠᠮ ‍ᠤᠨ ᠲᠥᠪ ᠬᠣᠷᠢᠶ᠎ᠠ ᠂ ᠲᠥᠷᠥ ᠶ᠋ᠢᠨ ᠶᠠᠪᠤᠳᠠᠯ ‍ᠤᠨ ᠬᠣᠷᠢᠶᠠᠨ ‍ᠤ 《 ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠥᠷᠨᠢᠭᠦᠯᠬᠦ ᠲᠤᠬᠠᠶ ᠮᠡᠳᠡᠭᠳᠡᠯ 》 ‍ᠤᠨ ᠭᠣᠤᠯ ᠵᠣᠷᠢᠭ ᠰᠠᠨᠠᠭ᠎ᠠ ᠶ᠋ᠢ ᠳᠠᠬᠢᠨᠲᠠ ᠣᠶᠢᠯᠭᠠᠨᠨ ᠂  ᠰᠢ ᠶ᠋ᠢᠨ ᠫᠢᠩ ᠶᠡᠷᠦᠩᠬᠡᠶ ᠱᠦᠵᠢ ᠶ᠋ᠢᠨ 《 ᠬᠣᠶᠠᠷ ᠲᠤ ᠵᠣᠪᠠᠬᠤ ᠥᠬᠡᠶ ᠭᠤᠷᠪᠠ ᠶ᠋ᠢ ᠪᠠᠲᠤᠯᠠᠬᠤ 》  ᠲᠣᠪᠣᠶᠢᠮ᠎ᠠ ᠠᠰᠠᠭᠤᠳᠠᠯ ‍ᠢ  ᠰᠢᠢᠳᠪᠦᠷᠢᠯᠡᠬᠦ ᠰᠠᠭᠣᠳᠠᠯ ᠤᠨ ᠬᠤᠷᠠᠯ ᠳᠡᠭᠡᠷᠡᠬᠢ ᠶᠠᠷᠢᠶ᠎ᠠ ᠪᠠ ᠰᠢ ᠶ᠋ᠢᠨ ᠫᠢᠩ ‍ᠦᠨ ᠲᠥᠪ ‍ᠦᠨ ᠨᠠᠮ ‍ᠤᠨ ᠰᠤᠷᠭᠠᠭᠤᠯᠢ ᠵᠢᠨ ᠵᠠᠯᠠᠭᠤ ᠺᠠᠳᠠᠷᠴᠣᠳ ‍ᠤᠨ ᠪᠣᠯᠪᠠᠰᠤᠷᠠᠯ ‍ᠤᠨ ᠠᠩᠭᠢ ᠶ᠋ᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶ᠋ᠢ ᠲᠠᠮᠵᠢᠭᠣᠯᠣᠭᠰᠠᠨ ᠪᠠᠶᠢᠨ᠎ᠠ ᠃

  

       ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠳ᠋ᠦᠩᠨᠡᠯᠲᠡ ᠶ᠋ᠢᠨ ᠶᠠᠷᠢᠶᠠᠨ ᠳ᠋ᠠᠭᠠᠨ ᠴᠢᠩᠭᠠᠳᠬᠠᠭᠰᠠᠨ ᠨᠢ ᠂ ᠨᠢᠭᠡ ᠳ᠋ᠦ ᠂ ᠤᠭ ᠵᠣᠬᠢᠶᠠᠯ ‍ᠢ ᠤᠩᠰᠢᠬᠤ ᠂ ᠤᠭ ᠵᠣᠬᠢᠶᠠᠯ ‍ᠢ ᠰᠤᠷᠤᠯᠴᠠᠬᠤ ᠂ ᠤᠭ ᠶᠣᠰᠣ ᠶ᠋ᠢ ᠣᠶᠢᠯᠠᠭᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠶ ᠃ ᠰᠤᠷᠤᠯᠴᠠᠬᠤ ᠣᠪᠣᠷ ᠢᠶᠡᠨ ᠪᠠᠳᠣᠳᠬᠠᠨ ᠂ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ‍ᠤᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠡᠨᠡᠬᠦ ᠦᠨᠳᠦᠰᠦᠨ ᠡᠭᠦᠷᠭᠡ ᠶ᠋ᠢᠨ ᠭᠣᠤᠯ ᠰᠢᠵᠢᠮ ‍ᠢ ᠪᠠᠲᠤ ᠡᠵᠡᠮᠳᠡᠵᠦ ᠂ ᠤᠨᠤᠯ ᠤᠨ ᠰᠤᠷᠤᠯᠴᠠᠯᠭ᠎ᠠ ᠶ᠋ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶ᠋ᠢ ᠠᠬᠢᠭᠤᠯᠬᠤ ᠬᠡᠷᠡᠭᠲᠡᠶ ᠃ ᠬᠣᠶᠠᠷ  ᠲᠦ ᠂ ᠨᠠᠮ ‍ᠤᠨ ᠳᠣᠲᠣᠭᠠᠳᠤ ᠶ᠋ᠢᠨ ᠬᠠᠤᠯᠢ ᠲᠣᠭᠲᠠᠭᠠᠯ ‍ᠢ ᠰᠤᠷᠤᠯᠴᠠᠨ ᠲᠤᠤᠱᠯᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ ᠃ ᠬᠠᠤᠯᠢ ᠲᠣᠭᠲᠠᠭᠠᠯ ᠶᠣᠰᠣᠭᠠᠷ ᠬᠡᠷᠡᠭ ᠡᠷᠬᠢᠯᠡᠬᠦ ᠶ᠋ᠢ ᠪᠠᠷᠢᠮᠳᠠᠯᠠᠨ ᠂ ᠬᠠᠤᠯᠢ ᠴᠠᠭᠠᠵᠠ ᠬᠠᠤᠯᠢ ᠲᠣᠭᠲᠠᠭᠠᠯ ‍ᠤᠨ ᠰᠤᠷᠤᠯᠴᠠᠯᠭ᠎ᠠ ᠶ᠋ᠢ ᠴᠢᠩᠭᠠᠳᠬᠠᠵᠤ ᠂ ᠣᠷᠣᠨ ᠨᠤᠲᠤᠭ ‍ᠤᠨ ᠨᠠᠮ ᠵᠠᠰᠠᠭ ᠤᠨ ᠤᠳᠤᠷᠢᠳᠬᠤ ᠺᠠᠳ᠋ᠷ ‍ᠤᠨ ᠠᠶᠤᠯᠭᠦᠶ  ᠦᠢᠯᠡᠳᠪᠣᠷᠢᠯᠡᠯ  ‍ᠦᠨ ᠬᠠᠷᠢᠭᠤᠴᠠᠯᠭ᠎ᠠ ᠶ᠋ᠢᠨ ᠳᠦᠷᠢᠮ ‍ᠢ ᠴᠢᠩᠭ᠎ᠠ ᠨᠠᠶᠢᠳᠠᠪᠣᠷᠢᠵᠢᠭᠣᠯᠵᠣ ᠂ ᠬᠠᠤᠯᠢ ᠲᠣᠭᠲᠠᠭᠠᠯ ‍ᠤᠨ ᠬᠢᠵᠠᠭᠠᠷᠯᠠᠯ ᠪᠠ ᠳᠦᠷᠢᠮ  ᠢ ᠬᠡᠷᠡᠭᠵᠢᠭᠦᠯᠬᠦ ᠬᠦᠴᠦᠨ ‍ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠃ ᠭᠣᠷᠪᠠ ᠳ᠋ᠥ ᠂ ᠰᠤᠷᠴᠤ ᠬᠡᠷᠡᠭᠯᠡᠬᠦ ᠶ᠋ᠢ ᠣᠶᠠᠯᠳᠣᠭᠣᠯᠣᠨ ᠂ ᠰᠤᠷᠤᠯᠴᠠᠨ ᠰᠡᠳᠬᠢᠬᠦ ᠳᠡᠭᠡᠷ᠎ᠡ ᠬᠦᠴᠦ ᠲᠠᠯᠪᠢᠬᠤ ᠬᠡᠷᠡᠭᠲᠡᠶ ᠃ ᠭᠣᠤᠯ ᠰᠡᠳᠦᠪᠲᠦ ᠬᠥᠮᠦᠵᠢᠯ ᠬᠢᠵᠦ ᠂ ᠲᠡᠮᠡᠴᠡᠯ  ᠤᠨ ᠵᠣᠷᠢᠭ ᠰᠠᠨᠠᠭ᠎ᠠ ᠶ᠋ᠢ ᠢᠮᠠᠭᠲᠠ ᠪᠠᠷᠢᠮᠲᠠᠯᠠᠵᠤ ᠂ ᠲᠡᠮᠡᠴᠡᠯ  ᠤᠨ  ᠣᠪᠣᠷ ᠪᠠᠶᠢᠳᠠᠯ ‍ᠢ ᠢᠮᠠᠭᠲᠠ ᠪᠠᠷᠢᠮᠲᠠᠯᠠᠬᠤ ᠬᠡᠷᠡᠭᠲᠡᠶ ᠃ ᠬᠣᠰᠢᠭᠣᠨ ᠤ ᠨᠠᠮ ‍ᠤᠨ ᠬᠣᠷᠢᠶᠠᠨ ‍ᠤ ᠤᠨᠤᠯ ᠤᠨ ᠭᠣᠤᠯ  ᠲᠣᠭᠣᠶᠢᠯᠠᠡᠭ  ‍ᠤᠨ ᠭᠡᠰᠢᠭᠦᠳ ᠲᠦᠷᠦᠭᠦᠯᠡᠨ ᠪᠠᠶᠢᠴᠠᠭᠠᠨ ᠰᠤᠳᠤᠯᠤᠯᠲᠠ ᠬᠢᠵᠦ ᠂ ᠠᠵᠢᠯ ᠢᠶᠡᠨ ᠦᠷᠭᠦᠯᠵᠢᠯᠡᠨ ᠠᠬᠢᠭᠤᠯᠵᠤ ᠂ ᠬᠣᠰᠢᠭᠤᠨ ‍ᠤ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠯᠠᠪᠳᠠᠭᠤᠨ ᠪᠠᠲᠤᠲᠠᠶ ᠥᠷᠨᠢᠭᠦᠯᠬᠦ ᠳ᠋ᠦ ᠳᠠᠭᠤᠷᠢᠶᠠᠯ ᠦᠵᠡᠭᠦᠯᠵᠦ ᠂ ᠬᠡᠪ ᠳᠠᠭᠤᠷᠢᠶᠠᠯ ᠪᠣᠯᠬᠤ ᠬᠡᠷᠡᠭᠲᠡᠶ ᠭᠡᠰᠡᠨ ᠪᠠᠶᠢᠨ᠎ᠠ ᠃
     ᠬᠤᠷᠠᠯ ᠳᠡᠭᠡᠷ᠎ᠡ ᠂ ᠬᠣᠰᠢᠭᠤᠨ ‍ᠤ ᠤᠳᠤᠷᠢᠳᠤᠯᠭ᠎ᠠ ᠯᠢᠦ  ᠨᠢᠡᠭ ᠂ ᠯᠢ ᠶᠠᠨ ᠬᠤᠢ ᠂ ᠪᠣᠣ ᠯᠢᠶᠠᠨ ᠱᠠᠨ ᠶᠠᠷᠢᠶ᠎ᠠ ᠲᠠᠯᠪᠢᠵᠤ ᠂ ᠬᠣᠰᠢᠭᠤᠨ ‍ᠤ ᠨᠠᠮ ‍ᠤᠨ ᠬᠣᠷᠢᠶᠠᠨ ‍ᠤ ᠨᠠᠮ ‍ᠤᠨ ᠰᠤᠷᠭᠠᠭᠤᠯᠢ ᠶ᠋ᠢᠨ ᠪᠠᠭᠰᠢ 《 ᠰᠢ ᠶ᠋ᠢᠨ ᠫᠢᠩ ‍ᠦᠨ ᠠᠷᠪᠠ ᠶᠢᠰᠦᠳᠦᠭᠡᠷ ᠬᠤᠭᠤᠴᠠᠭᠠᠨ ‍ᠤ ᠲᠥᠪ ᠬᠣᠷᠢᠶᠠᠨ ‍ᠤ ᠤᠯᠤᠰ ᠲᠥᠷᠦ ᠶ᠋ᠢᠨ ᠲᠣᠪᠴᠢᠶᠠᠨ ‍ᠤ ᠬᠠᠮᠲᠤ ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠰᠤᠷᠤᠯᠴᠠᠨ ᠣᠶᠢᠯᠠᠭᠠᠶ᠎ᠠ 》 ᠭᠡᠬᠦ ᠰᠡᠳᠦᠪ ‍ᠢᠶ᠋ᠡᠷ ᠲᠤᠰᠬᠠᠶ ᠰᠡᠳᠦᠪᠲᠦ ᠬᠠᠪᠰᠤᠷᠤᠨ ᠵᠢᠯᠣᠭᠣᠳᠤᠯᠭ᠎ᠠ ᠬᠢᠵᠦ ᠂ ᠬᠣᠰᠢᠭᠤᠨ ‍ᠤ ᠪᠠᠴᠢᠮ ‍ᠢ ᠠᠷᠭᠠᠴᠠᠬᠤ ᠬᠠᠮᠢᠶᠠᠷᠤᠯᠲᠠ ᠶ᠋ᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ 《 ᠣᠷᠣᠨ ᠨᠤᠲᠤᠭ ‍ᠤᠨ ᠨᠠᠮ ᠵᠠᠰᠠᠭ ᠤᠨ ᠤᠳᠤᠷᠢᠳᠬᠤ ᠺᠠᠳ᠋ᠷ ‍ᠤᠨ ᠠᠶᠤᠯᠭᠦᠶ  ᠦᠢᠯᠡᠳᠪᠣᠷᠢᠯᠠᠯ  ‍ᠦᠨ ᠬᠠᠷᠢᠭᠤᠴᠠᠯᠭ᠎ᠠ ᠶ᠋ᠢᠨ ᠳᠦᠷᠢᠮ ᠤᠨ  ᠲᠣᠭᠲᠠᠭᠠᠯ 》 ‍ᠢ ᠲᠠᠶᠢᠯᠪᠤᠷᠢᠯᠠᠪᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ