ᠲᠢᠶᠠᠨ ᠵᠢᠶᠦ᠋ᠨ ᠨᠡᠷ ᠮᠠᠨ ‍ᠤ ᠬᠣᠰᠢᠭᠤᠨ ᠳ᠋ᠤ ᠢᠷᠡᠵᠦ ᠰᠢᠨ᠎ᠡ ᠴᠠᠭ ᠦᠶ᠎ᠡ ᠶ᠋ᠢᠨ ᠪᠠᠭᠰᠢ ᠶ᠋ᠢᠨ ᠡᠩᠨᠡᠬᠡᠨ ᠤ ᠪᠠᠶᠢᠭᠤᠯᠤᠯᠲᠠ ᠶ᠋ᠢᠨ ᠥᠭᠡᠷᠡᠴᠢᠯᠡᠯᠲᠡ ᠶ᠋ᠢᠨ ᠠᠵᠢᠯ  ᠳᠤ ᠬᠢᠨᠠᠨ ᠪᠠᠶᠢᠴᠠᠭᠠᠯᠳᠠ ᠬᠢᠭᠰᠡᠨ

ᠣᠩᠰᠢᠭᠰᠠᠨ ᠤᠳᠠᠭ᠎ᠠ ᠄ 1184     ᠨᠡᠶᠢᠳᠡᠯᠡᠭᠰᠡᠨ ᠴᠠᠭ ᠄ 2019/10/31 15:02:25

      10 ᠳ᠋ᠣᠭᠠᠷ ᠰᠠᠷ᠎ᠠ ᠶ᠋ᠢᠨ 24 ‍ᠦ ᠡᠳᠦᠷ ᠂ ᠲᠦᠩᠯᠢᠶᠣᠤ ᠬᠣᠲᠠ ᠶ᠋ᠢᠨ ᠨᠠᠮ ‍ᠤᠨ ᠬᠣᠷᠢᠶᠠᠨ ‍ᠤ ᠤᠯᠤᠰ ᠲᠥᠷᠥ ᠰᠤᠳᠤᠯᠬᠤ ᠲᠠᠰᠤᠭ ( ᠥᠭᠡᠷᠡᠴᠢᠯᠡᠯᠲᠡ ᠶ᠋ᠢᠨ ᠠᠯᠪᠠᠨ ᠭᠡᠷ ) ‍ᠤᠨ ᠳᠡᠳ᠋ ᠡᠷᠬᠢᠯᠡᠭᠴᠢ ᠲᠢᠶᠠᠨ ᠵᠢᠶᠦ᠋ᠨ ᠨᠠᠷ ᠮᠠᠨ ‍ᠤ ᠬᠣᠰᠢᠭᠤᠨ ᠳ᠋ᠤ ᠢᠷᠡᠵᠦ ᠰᠢᠨ᠎ᠡ ᠴᠠᠭ ᠦᠶ᠎ᠡ ᠶ᠋ᠢᠨ ᠪᠠᠭᠰᠢ ᠶ᠋ᠢᠨ ᠡᠩᠨᠡᠬᠡᠨ ᠤ ᠪᠠᠶᠢᠭᠤᠯᠤᠯᠲᠠ ᠶ᠋ᠢᠨ ᠥᠭᠡᠷᠡᠴᠢᠯᠡᠯᠲᠡ ᠶ᠋ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠪᠠᠶᠢᠭ᠎ᠠ ᠪᠠᠶᠢᠳᠠᠯ ‍ᠢ ᠬᠢᠨᠠᠨ ᠪᠠᠶᠢᠴᠠᠭᠠᠵᠤ ᠂ ᠲᠤᠬᠠᠶ ᠶ᠋ᠢᠨ ᠭᠠᠵᠠᠷ ᠲᠤᠨᠢ ᠬᠢᠨᠠᠨ ᠪᠠᠶᠢᠴᠠᠭᠠᠬᠣ ᠂ ᠰᠠᠭᠣᠳᠠᠯ ‍ᠤᠨ ᠬᠤᠷᠠᠯ ᠬᠤᠷᠠᠯᠳᠤᠭᠤᠯᠬᠤ ᠂ ᠮᠠᠲ᠋ᠸᠷᠢᠶᠠᠯ ᠪᠠᠶᠢᠴᠠᠭᠠᠨ ᠦᠵᠡᠬᠦ ᠵᠡᠷᠭᠡ ᠬᠡᠯᠪᠡᠷᠢ ᠪᠡᠷ  ᠨᠠᠢᠮᠠᠨ ᠬᠣᠰᠢᠭᠤᠨ ‍ᠤ ᠰᠢᠨ᠎ᠡ ᠴᠠᠭ ᠦᠶ᠎ᠡ ᠶ᠋ᠢᠨ ᠪᠠᠭᠰᠢ ᠶ᠋ᠢᠨ ᠡᠩᠨᠡᠬᠡᠨ ᠤ ᠪᠠᠶᠢᠭᠤᠯᠤᠯᠲᠠ ᠶ᠋ᠢᠨ ᠥᠭᠡᠷᠡᠴᠢᠯᠡᠯᠲᠡ ᠶ᠋ᠢᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ‍ᠢ ᠣᠶᠢᠯᠠᠭᠠᠵᠣ ᠂ ᠬᠣᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠯᠢ ᠬᠠᠷᠠᠪᠠᠷᠰ ᠪᠠᠷ᠎ᠠ ᠪᠣᠯᠣᠡᠡᠰᠠᠨ ᠪᠠᠶᠢᠨ᠎ᠠ ᠃

    ᠬᠢᠨᠠᠨ ᠪᠠᠶᠢᠴᠠᠭᠠᠬᠣ ᠲᠣᠭᠣᠶᠢᠯᠠᠡᠭ ᠣᠷᠢᠣᠨ ᠬᠣᠵᠢᠣᠨ  ᠨᠠᠢᠮᠠᠨ ᠬᠣᠰᠢᠭᠤᠨ ‍ᠤ ᠲᠤᠷᠰᠢᠯᠲᠠ ᠶ᠋ᠢᠨ ᠪᠠᠭ᠎ᠠ ᠰᠤᠷᠭᠠᠭᠤᠯᠢ ᠂  ᠨᠠᠢᠮᠠᠨ ᠬᠣᠰᠢᠭᠤᠨ ‍ᠤ ᠦᠨᠳᠦᠰᠦᠲᠡᠨ ‍ᠦ ᠳᠣᠮᠳᠠ ᠵᠡᠷᠭᠡ ᠶ᠋ᠢᠨ ᠲᠤᠰᠬᠠᠶ ᠮᠡᠷᠭᠡᠵᠢᠯ ‍ᠦᠨ ᠰᠤᠷᠭᠠᠭᠤᠯᠢ ᠪᠣᠯᠤᠨ  ᠨᠠᠢᠮᠠᠨ ᠬᠣᠰᠢᠭᠤᠨ ‍ᠤ ᠭᠤᠷᠪᠠᠳᠤᠭᠠᠷ ᠳᠤᠮᠳᠠᠳᠤ ᠰᠤᠷᠭᠠᠭᠤᠯᠢ ᠳ᠋ᠤ ᠬᠦᠷᠴᠦ ᠂ ᠵᠣᠬᠢᠶᠠᠨ ᠪᠠᠶᠢᠭᠤᠯᠤᠯᠲᠠ ᠶ᠋ᠢᠨ ᠤᠳᠤᠷᠢᠳᠤᠯᠭ᠎ᠠ ᠂ ᠪᠠᠭᠰᠢ ᠶ᠋ᠢᠨ ᠬᠠᠷᠠᠭᠠᠯᠵᠠᠯ ᠪᠣᠯᠤᠨ ᠪᠠᠶᠢᠭᠣᠯᠣᠮᠵᠢ ᠶ᠋ᠢᠨ ᠲᠣᠭᠲᠠᠴᠠ ᠶ᠋ᠢ ᠰᠢᠯᠤᠭᠤᠳᠬᠠᠭᠰᠠᠨ ᠵᠡᠷᠭᠡ ᠪᠠᠶᠢᠳᠠᠯ ‍ᠢ ᠨᠠᠷᠢᠨ ᠣᠶᠢᠯᠠᠭᠠᠵᠣ ᠂ ᠰᠢᠨ᠎ᠡ ᠴᠠᠭ ᠦᠶ᠎ᠡ ᠶ᠋ᠢᠨ ᠪᠠᠭᠰᠢ ᠶ᠋ᠢᠨ ᠡᠩᠨᠡᠬᠡᠨ ᠤ ᠪᠠᠶᠢᠭᠤᠯᠤᠯᠲᠠ ᠶ᠋ᠢᠨ ᠥᠭᠡᠷᠡᠴᠢᠯᠡᠯᠲᠡ ᠶ᠋ᠢᠨ ᠠᠵᠢᠯ ‍ᠤᠨ ᠬᠢᠨᠠᠨ ᠪᠠᠶᠢᠴᠠᠭᠠᠬᠤ ᠰᠠᠭᠣᠳᠠᠯ ‍ᠤᠨ ᠬᠤᠷᠠᠯ ‍ᠢ ᠬᠤᠷᠠᠯᠳᠤᠭᠤᠯᠵᠤ ᠂ ᠬᠣᠰᠢᠭᠤᠨ ‍ᠤ ᠨᠠᠮ ‍ᠤᠨ ᠬᠣᠷᠢᠶᠠᠨ ‍ᠤ ᠥᠭᠡᠷᠡᠴᠢᠯᠡᠯᠲᠡ ᠶ᠋ᠢᠨ ᠠᠯᠪᠠᠨ ᠭᠡᠷ ᠂ ᠬᠣᠰᠢᠭᠤᠨ ‍ᠤ ᠨᠠᠮ ‍ᠤᠨ ᠬᠣᠷᠢᠶᠠᠨ ‍ᠤ ᠣᠷᠣᠨ ᠲᠣᠭ᠎ᠠ ᠶ᠋ᠢᠨ ᠠᠯᠪᠠᠨ ᠭᠡᠷ ᠂ ᠬᠣᠰᠢᠭᠤᠨ ‍ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠪᠡᠶ᠎ᠡ ᠶ᠋ᠢᠨ ᠲᠠᠮᠢᠷ ‍ᠤᠨ ᠲᠣᠪᠴᠢᠶ᠎ᠠ ᠂ ᠬᠣᠰᠢᠭᠤᠨ ‍ᠤ ᠬᠥᠮᠦᠨ ‍ᠦ ᠬᠦᠴᠦᠨ ‍ᠦ ᠡᠬᠢ ᠪᠠᠶᠠᠯᠢᠭ ᠪᠠ ᠨᠡᠶᠢᠭᠡᠮ ‍ᠦᠨ ᠪᠠᠲᠤᠯᠠᠭ᠎ᠠ ᠶ᠋ᠢᠨ ᠲᠣᠪᠴᠢᠶ᠎ᠠ ᠂ ᠬᠣᠰᠢᠭᠤᠨ ‍ᠤ ᠡᠳ᠋ ‍ᠦᠨ ᠵᠠᠰᠠᠭ ‍ᠤᠨ ᠲᠣᠪᠴᠢᠶᠠᠨ ‍ᠤ ᠭᠣᠤᠯ ᠬᠠᠷᠢᠭᠤᠴᠠᠯᠭᠠᠲᠠᠨ ᠪᠠ ᠬᠡᠰᠡᠭ ᠰᠤᠷᠭᠠᠭᠤᠯᠢ ᠶ᠋ᠢᠨ ᠵᠠᠬᠢᠷᠤᠯ ᠂ ᠪᠠᠭᠰᠢ ᠶ᠋ᠢᠨ ᠲᠥᠯᠥᠭᠡᠯᠡᠭᠴᠢ ᠬᠤᠷᠠᠯ ᠳ᠋ᠤ ᠣᠷᠣᠯᠴᠠᠠᠠᠰᠠᠨ ᠪᠠᠶᠢᠨ᠎ᠠ ᠃

  

    ᠰᠠᠭᠣᠳᠠᠯ ‍ᠤᠨ ᠬᠤᠷᠠᠯ ᠳᠡᠭᠡᠷ᠎ᠡ ᠂ ᠰᠤᠷᠭᠠᠭᠤᠯᠢ ᠶ᠋ᠢᠨ ᠵᠠᠬᠢᠷᠤᠯ ᠂ ᠪᠠᠭᠰᠢ ᠨᠠᠷ ‍ᠤᠨ ᠲᠥᠯᠥᠭᠡᠯᠡᠭᠴᠢᠳ ᠰᠢᠨ᠎ᠡ ᠴᠠᠭ ᠦᠶ᠎ᠡ ᠶ᠋ᠢᠨ ᠪᠠᠭᠰᠢ ᠶ᠋ᠢᠨ ᠡᠩᠨᠡᠬᠡᠨ ᠤ ᠪᠠᠶᠢᠭᠤᠯᠤᠯᠲᠠ ᠶ᠋ᠢᠨ ᠥᠭᠡᠷᠡᠴᠢᠯᠡᠯᠲᠡ ᠶ᠋ᠢᠨ ᠠᠵᠢᠯ ᠲᠠᠶ ᠤᠶᠠᠯᠳᠤᠭᠤᠯᠤᠨ ᠂ ᠲᠣᠰ ᠪᠡᠶ᠎ᠡ ᠶ᠋ᠢᠨ ᠬᠠᠮᠢᠶᠠᠷᠤᠯᠲᠠ ᠂ ᠵᠢᠭᠠᠨ ᠰᠤᠷᠭᠠᠯᠲᠠ ᠪᠠ ᠠᠵᠢᠯ ‍ᠤᠨ ᠪᠣᠳᠠᠲᠠᠶ ᠲᠠᠶ ᠪᠠᠨ ᠤᠶᠠᠯᠳᠤᠭᠤᠯᠤᠨ ᠂ ᠪᠠᠭᠰᠢ ᠶ᠋ᠢᠨ ᠡᠩᠨᠡᠬᠡᠨ ᠤ ᠪᠠᠶᠢᠭᠤᠯᠤᠯᠲᠠ ᠳ᠋ᠤ ᠦᠵᠡᠭᠦᠯᠬᠦ ᠥᠭᠡᠷᠡᠴᠢᠯᠡᠯᠲᠡ ᠶ᠋ᠢᠨ  ᠦᠢᠯᠡᠳᠣᠯ ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠵᠢᠴᠢ ᠥᠭᠡᠷᠡᠴᠢᠯᠡᠯᠲᠡ ᠶ᠋ᠢᠨ ᠠᠵᠢᠯ ‍ᠤᠨ ᠲᠤᠬᠠᠶ ᠰᠠᠨᠠᠯ ᠪᠠ ᠰᠠᠨᠠᠭᠤᠯᠭ᠎ᠠ ᠪᠠᠨ ᠶᠠᠷᠢᠯᠴᠠᠠᠠᠰᠠᠨ ᠪᠠᠶᠢᠨ᠎ᠠ ᠃
    ᠲᠢᠶᠠᠨ ᠵᠢᠶᠦ᠋ᠨ ᠡᠴᠠ ᠨᠠᠢᠮᠠᠨ ᠬᠣᠰᠢᠭᠤᠨ ‍ᠤ ᠰᠢᠨ᠎ᠡ ᠴᠠᠭ ᠦᠶ᠎ᠡ ᠶ᠋ᠢᠨ ᠪᠠᠭᠰᠢ ᠶ᠋ᠢᠨ ᠡᠩᠨᠡᠬᠡᠨ ᠤ ᠪᠠᠶᠢᠭᠤᠯᠤᠯᠲᠠ ᠶ᠋ᠢᠨ ᠥᠭᠡᠷᠡᠴᠢᠯᠡᠯᠲᠡ ᠶ᠋ᠢᠨ ᠠᠵᠢᠯ ᠳ᠋ᠥ ᠭᠦᠢᠴᠡᠳ ᠦᠨᠠᠯᠡᠯᠳᠡ ᠦᠭᠴᠦ ᠂ ᠬᠤᠷᠠᠯ ᠳ᠋ᠤ ᠣᠷᠣᠯᠴᠠᠭᠰᠠᠳ ‍ᠤᠨ ᠰᠠᠨᠠᠯ ᠪᠣᠯᠤᠨ ᠰᠠᠨᠠᠭᠤᠯᠭ᠎ᠠ ᠶ᠋ᠢ ᠨᠠᠷᠢᠨ ᠬᠢᠨᠠᠮᠠᠭᠠᠶ ᠡᠮᠬᠢᠯᠡᠭᠰᠡᠨ ‍ᠦ ᠳᠠᠷᠠᠭ᠎ᠠ ᠬᠣᠲᠠ ᠶ᠋ᠢᠨ ᠨᠠᠮ ‍ᠤᠨ ᠬᠣᠷᠢᠶ᠎ᠠ ᠂ ᠠᠷᠠᠣᠨ ‍ᠤᠨ ᠵᠠᠰᠠᠭ ‍ᠤᠨ ᠣᠷᠳᠣᠨ ᠳ᠋ᠤ ᠬᠠᠷᠢᠭᠤ ᠲᠤᠰᠬᠠᠬᠤ ᠶ᠋ᠢᠨ ᠬᠠᠮᠲᠤ  ᠨᠠᠢᠮᠠᠨ ᠬᠣᠰᠢᠭᠤᠨ ‍ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ ᠂ ᠵᠣᠬᠢᠶᠠᠨ ᠪᠠᠶᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭᠠᠳᠬᠠᠵᠤ ᠂ ᠠᠵᠢᠯ ‍ᠤᠨ ᠠᠬᠢᠴᠠ ᠪᠠᠨ ᠲᠦᠷᠬᠡᠳᠬᠡᠨ ᠂ ᠥᠭᠡᠷᠡᠴᠢᠯᠡᠯᠲᠡ ᠶ᠋ᠢ ᠭᠦᠨᠵᠡᠭᠡᠶᠢᠷᠡᠭᠦᠯᠬᠦ ᠪᠡᠷ ᠳᠠᠮᠵᠢᠨ ᠰᠢᠨ᠎ᠡ ᠴᠠᠭ ᠦᠶ᠎ᠡ ᠶ᠋ᠢᠨ ᠪᠠᠭᠰᠢ ᠶ᠋ᠢᠨ ᠡᠩᠨᠡᠭᠡ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠬᠦ ᠵᠢ ᠱᠠᠭᠠᠷᠳᠠᠵᠠᠢ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ