ᠪᠦᠬᠦ ᠬᠣᠰᠢᠭᠤᠨ ‍ᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠠᠵᠢᠯ ‍ᠢ ᠠᠬᠢᠭᠤᠯᠬᠤ ᠬᠤᠷᠠᠯ ᠶᠠᠪᠣᠭᠳᠠᠭᠣᠯᠣᠭᠰᠠ

ᠣᠩᠰᠢᠭᠰᠠᠨ ᠤᠳᠠᠭ᠎ᠠ ᠄ 1309     ᠨᠡᠶᠢᠳᠡᠯᠡᠭᠰᠡᠨ ᠴᠠᠭ ᠄ 2019/11/1 9:38:17

     10 ᠳ᠋ᠣᠭᠠᠷ ᠰᠠᠷ᠎ᠠ ᠶ᠋ᠢᠨ 27 ᠤ ᠡᠳᠦᠷ ᠂ ᠬᠣᠰᠢᠭᠣᠨ ᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠠᠵᠢᠯ ‍ᠢ ᠠᠬᠢᠭᠤᠯᠬᠤ ᠬᠤᠷᠠᠯ ᠬᠣᠷᠠᠯᠳᠣᠭᠣᠯᠵᠣ ᠂ ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠬᠤᠷᠠᠯ ᠳ᠋ᠤ ᠰᠠᠭᠠᠳᠠᠬᠣ ᠶ᠋ᠢᠨ ᠬᠠᠮᠳᠣ ᠴᠢᠩᠭᠠᠳᠬᠠᠭᠰᠠᠨ ᠨᠢ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶ᠋ᠢ ᠪᠠᠷᠢᠮᠳᠠᠯᠠᠨ ᠂ ᠠᠷᠭ᠎ᠠ ᠪᠣᠳᠣᠯᠭ᠎ᠠ ᠵᠢ ᠣᠶᠢᠯᠭᠠᠨ ᠡᠵᠡᠮᠰᠢᠵᠣ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠤ ᠰᠢᠢᠳᠪᠦᠷᠢᠲᠦ ᠢᠯᠠᠯᠲᠠ ᠶ᠋ᠢ ᠣᠯᠬᠤ ᠬᠡᠷᠡᠭᠲᠡᠶ ᠭᠡᠰᠡᠨ ᠪᠠᠶᠢᠨ᠎ᠠ ᠃

    

     ᠵᠠᠩ ᠬᠤᠸᠠ ᠶᠠᠷᠢᠶᠠᠨ ᠳ᠋ᠠᠭᠠᠨ ᠵᠢᠭᠠᠵᠣ ᠭᠠᠷᠭᠠᠭᠰᠠᠨ ᠨᠢ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠪᠠᠷ ᠠᠵᠤ ᠠᠬᠤᠶ ᠨᠡᠶᠢᠭᠡᠮ ‍ᠦᠨ ᠬᠥᠭᠵᠢᠯᠲᠡ ᠶ᠋ᠢᠨ ᠪᠦᠬᠦ ᠲᠠᠯ᠎ᠠ ᠶ᠋ᠢ ᠬᠠᠮᠤᠷᠬᠤ ᠶ᠋ᠢ ᠪᠠᠷᠢᠮᠲᠠᠯᠠᠵᠤ ᠂ ᠬᠦᠴᠦ ᠪᠡᠨ ᠲᠥᠪᠯᠡᠷᠡᠭᠦᠯᠦᠨ ᠪᠣᠭᠣᠮᠲᠠ ᠰᠢᠪᠲᠤᠯᠬᠤ ᠶ᠋ᠢ ᠠᠬᠢᠭᠤᠯᠵᠤ ᠂ ᠪᠣᠳᠠᠲᠠᠶ ᠶ᠋ᠢ ᠡᠷᠬᠢᠮᠯᠡᠭᠰᠡᠨ ᠲᠤᠰᠠᠲᠠᠶ ᠠᠷᠭ᠎ᠠ ᠬᠡᠮᠵᠢᠶ᠎ᠡ ᠪᠠ ᠠᠷᠭ᠎ᠠ ᠬᠡᠮᠵᠢᠶ᠎ᠡ ᠠᠪᠴᠤ ᠂ ᠯᠠᠪᠳᠠᠭᠤᠨ ᠪᠠᠲᠤᠲᠠᠶ ᠠᠵᠢᠯᠯᠠᠨ᠂ ᠤᠷᠲᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ ᠂ ᠬᠠᠷᠢᠭᠤᠴᠠᠯᠭ᠎ᠠ ᠶ᠋ᠢ ᠪᠣᠳᠠᠲᠠᠶ ᠳ᠋ᠤ ᠨᠠᠶᠢᠳᠠᠪᠣᠷᠢᠵᠢᠭᠣᠯᠵᠣ ᠂ ᠲᠥᠷᠦ ᠶ᠋ᠢᠨ ᠪᠣᠳᠣᠯᠭ᠎ᠠ ᠶ᠋ᠢ ᠣᠨᠣᠪᠴᠢᠲᠠᠶ  ᠨᠠᠶᠢᠳᠠᠪᠣᠷᠢᠵᠢᠭᠣᠯᠣᠨ ᠂ ᠠᠵᠢᠯ ‍ᠢ ᠡᠷᠴᠢᠮᠲᠡᠶ ᠨᠠᠶᠢᠳᠠᠪᠤᠷᠢᠵᠢᠭᠤᠯᠬᠤ ᠶ᠋ᠢ ᠪᠠᠲᠤᠯᠠᠵᠤ ᠂ ᠤᠨᠢᠨ ᠳᠡᠭᠡᠷ᠎ᠡ ᠨᠢ ᠶᠠᠳᠠᠭᠤ ᠶ᠋ᠢ ᠲᠡᠳᠬᠦᠬᠦ ᠤᠨᠢᠨ ᠳᠡᠭᠡᠷ᠎ᠡ ᠨᠢ ᠶᠠᠳᠠᠭᠤ ᠡᠴᠠ ᠠᠩᠭᠢᠵᠢᠷᠠᠭᠤᠯᠬᠤ ᠪᠣᠳᠠᠲᠠᠶ ᠦᠷ᠎ᠡ ᠪᠦᠲᠦᠮᠵᠢ ᠪᠡᠷ ᠤᠯᠤᠰ ᠲᠥᠷᠦ ᠶ᠋ᠢᠨ ᠲᠣᠭᠲᠠᠯ ᠬᠦᠴᠦᠨ ‍ᠢ ᠰᠢᠯᠭᠠᠨ ᠪᠠᠶᠢᠴᠠᠭᠠᠵᠤ ᠂ 《 ᠬᠣᠶᠠᠷ ‍ᠢ ᠬᠠᠮᠠᠭᠠᠯᠠᠬᠤ 》 ᠵᠢ ᠦᠢᠯᠡᠳᠣᠯᠭᠡᠵᠢᠭᠦᠯᠭᠦ ᠬᠡᠷᠡᠭᠲᠡᠶ ᠃ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ ᠂ ᠬᠣᠰᠢᠭᠤᠨ ‍ᠤ ᠭᠠᠵᠠᠷ ᠤᠨ ᠲᠡᠰ ᠤᠨ ᠲᠠᠭᠠᠴᠢᠯᠠᠭᠰᠠᠨ ᠰᠢᠶᠠᠩ ᠪᠠᠯᠭᠠᠰᠤᠨ ‍ᠤ ᠤᠳᠤᠷᠢᠳᠤᠯᠭ᠎ᠠ ᠪᠡᠶ᠎ᠡ ᠪᠡᠷ ‍ᠢᠶ᠋ᠡᠨ ᠦᠯᠢᠭᠡᠷ ᠳᠠᠭᠤᠷᠢᠶᠠᠯ ᠪᠣᠯᠵᠤ ᠂ ᠬᠢᠨᠠᠨ ᠵᠢᠯᠣᠭᠣᠳᠴᠤ  ᠰᠢᠢᠳᠪᠦᠷᠢᠯᠡᠭᠦᠯᠬᠦ ᠬᠡᠷᠡᠭᠲᠡᠶ ︔ ᠡᠯ᠎ᠡ ᠱᠠᠲᠤᠨ ‍ᠤ ᠲᠣᠰᠬᠣᠨ ᠳ᠋ᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ ᠪᠣᠯᠤᠨ ᠬᠠᠪᠰᠤᠷᠤᠨ ᠲᠡᠳᠬᠦᠬᠦ ᠨᠢᠭᠡᠴᠡ ᠳᠠᠪᠠᠭᠤᠯᠢᠭ ᠢᠶᠡᠨ ᠪᠠᠳᠠᠷᠠᠭᠤᠯᠵᠤ ᠂ ᠶᠠᠳᠠᠭᠤ ᠬᠦᠴᠢᠷᠳᠡᠯᠲᠡᠶ ᠡᠷᠦᠬᠡ ᠶ᠋ᠢ ᠦᠨᠡᠨᠬᠦ ᠬᠠᠪᠰᠤᠷᠤᠨ ᠪᠣᠳᠠᠲᠠᠶ ᠠᠰᠠᠭᠤᠳᠠᠯ ‍ᠢ ᠨᠢ  ᠰᠢᠢᠳᠪᠦᠷᠢᠯᠡᠵᠦ᠂ ᠡᠯ᠎ᠡ  ᠵᠦᠢᠯ ‍ᠦᠨ ᠶᠠᠳᠠᠭᠤ ᠶ᠋ᠢ ᠲᠡᠳᠬᠦᠬᠦ ᠡᠭᠦᠷᠭᠡ ᠶ᠋ᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠶ ︔ ᠰᠤᠮᠤ ᠰᠢᠶᠠᠩ ᠪᠠᠯᠭᠠᠰᠤ ᠲᠠᠯᠪᠣᠷ ᠴᠠᠭ ᠲᠤᠬᠠᠶ ᠳ᠋ᠤᠨᠢ ᠲᠤᠬᠢᠷᠠᠭᠤᠯᠤᠨ ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠂ ᠬᠦᠴᠦ ᠪᠡᠨ ᠬᠠᠮᠲᠤᠳᠬᠠᠨ ᠂ ᠬᠠᠮᠲᠤᠷᠠᠨ ᠠᠵᠢᠯᠯᠠᠵᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠳᠠ ᠰᠢᠪᠳᠣᠯᠠᠬᠣ ᠳᠠᠶᠢᠯᠠᠯᠳᠤᠭᠠᠨ ‍ᠢ ᠶᠠᠰᠤ ᠴᠢᠨᠠᠷ ᠲᠠᠶ ᠪᠠᠷ ᠰᠠᠶᠢᠲᠤᠷ ᠬᠢᠬᠦ ᠶ᠋ᠢ ᠦᠨᠡᠨᠬᠦ ᠪᠠᠲᠤᠯᠠᠬᠤ ᠬᠡᠷᠡᠭᠲᠡᠶ ᠃ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠥᠷᠨᠢᠭᠦᠯᠬᠦ ᠲᠡᠶ ᠤᠶᠠᠯᠳᠤᠭᠤᠯᠵᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ ᠬᠥᠳᠡᠭᠡ ᠲᠣᠰᠬᠣᠨ ‍ᠢ ᠬᠥᠭᠵᠢᠭᠦᠯᠦᠨ ᠮᠠᠨᠳᠤᠭᠤᠯᠬᠤ ᠂ ᠨᠡᠶᠢᠭᠡᠮ ‍ᠦᠨ ᠵᠠᠰᠠᠯᠲᠠ ᠂ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠴᠣᠭᠴᠠᠯᠠᠯᠲᠠ ᠵᠡᠷᠭᠡ ᠠᠭᠤᠯᠭ᠎ᠠ ᠶ᠋ᠢᠨ ᠲᠣᠭᠣᠷᠢᠨ ᠳ᠋ᠤ ᠂ ᠥᠪᠡᠷ ‍ᠢᠶ᠋ᠡᠷ ᠰᠢᠯᠭᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠲᠠᠶ ᠬᠠᠷᠢᠴᠠᠭᠤᠯᠤᠨ ᠪᠠᠶᠢᠴᠠᠭᠠᠨ ᠰᠤᠳᠤᠯᠤᠯᠲᠠ ᠶ᠋ᠢ ᠭᠦᠨᠵᠡᠭᠡᠶ ᠥᠷᠨᠢᠭᠦᠯᠵᠦ ᠂ ᠪᠣᠳᠠᠲᠠᠶ ᠪᠠᠷ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠵᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠦᠷ᠎ᠡ ᠪᠦᠲᠦᠭᠡᠯ ᠨᠢ ᠪᠠᠶᠢᠴᠠᠭᠠᠨ ᠰᠢᠯᠭᠠᠯᠲᠠ ᠶ᠋ᠢ ᠳᠠᠭᠠᠭᠠᠵᠤ ᠳᠡᠶᠢᠯᠬᠦ ᠶ᠋ᠢ ᠪᠠᠲᠤᠯᠠᠬᠤ ᠬᠡᠷᠡᠭᠲᠡᠶ ᠭᠡᠰᠡᠨ ᠪᠠᠶᠢᠨ᠎ᠠ ᠃

    

      ᠬᠣᠰᠢᠭᠤᠨ ‍ᠤ ᠤᠳᠤᠷᠢᠳᠤᠯᠭ᠎ᠠ ᠶᠢᠨ ᠵᠢᠶᠠᠨ ᠱᠧ ᠂ ᠡᠦ ᡁᠢ ᠴᠢᠶᠠᠩ ᠂ ᠯᠢ ᠢᠦᠢ ᠱᠠᠨ ᠨᠠᠷ ᠬᠤᠷᠠᠯ ᠳ᠋ᠤ ᠰᠠᠭᠠᠳᠠᠵᠣ ᠂ ᠬᠣᠰᠢᠭᠣᠨ ᠤ ᠨᠠᠮ ‍ᠤᠨ ᠬᠣᠷᠢᠶᠠᠨ ‍ᠤ ᠳᠡᠳ᠋ ᠱᠦᠵᠢ ᠂ ᠣᠯᠣᠰ ᠲᠦᠷᠦ ᠬᠠᠣᠯᠢ ᠴᠠᠭᠠᠵᠠ ᠶ᠋ᠢᠨ ᠬᠣᠷᠢᠶᠠᠨ ᠤ ᠱᠦᠵᠢ ᠸᠠᠩ ᠵᠧᠨ ᠴᠧᠩ ᠬᠤᠷᠠᠯ ‍ᠢ ᠡᠷᠬᠢᠯᠡᠬᠦ ᠶ᠋ᠢᠨ ᠬᠠᠮᠳᠣ ᠬᠣᠰᠢᠭᠤᠨ ‍ᠤ ᠶᠠᠳᠠᠭᠤ ᠡᠴᠡ ᠭᠠᠷᠬᠣ ᠶ᠋ᠢ ᠥᠪᠡᠰᠦᠪᠡᠨ ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ‍ᠢ ᠮᠡᠳᠡᠭᠳᠡᠪᠡ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ