ᠬᠣᠰᠢᠭᠣᠨ ᠤ ᠭᠠᠵᠠᠷ ᠤᠨ ᠲᠡᠰ ᠤᠨ ᠣᠳᠣᠷᠢᠳᠣᠯᠭ᠎ᠠ ᠺᠠᠳ᠋ᠷ᠂ ᠰᠢᠶᠠᠩ ᠪᠠᠯᠭᠠᠰᠣ ᠵᠢ ᠲᠠᠭᠠᠴᠢᠯᠠᠭᠰᠠᠨ ᠰᠠᠯᠠᠭ᠎ᠠ ᠮᠥᠴᠢᠷ ‍ᠦᠨ ᠤᠳᠤᠷᠢᠳᠤᠯᠭ᠎ᠠ《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ᠪᠠᠶᠢᠴᠠᠭᠠᠨ ᠰᠤᠳᠤᠯᠤᠯᠲᠠ ᠶ᠋ᠢ ᠦᠷᠭᠦᠯᠵᠢᠯᠡᠨ ᠦᠷᠨᠢᠭᠦᠯᠵᠣ ᠪᠠᠶᠢᠭ᠎ᠠ

ᠣᠩᠰᠢᠭᠰᠠᠨ ᠤᠳᠠᠭ᠎ᠠ ᠄ 1302     ᠨᠡᠶᠢᠳᠡᠯᠡᠭᠰᠡᠨ ᠴᠠᠭ ᠄ 2019/11/1 10:49:50

    10 ᠳ᠋ᠣᠭᠠᠷ ᠰᠠᠷ᠎ᠠ ᠶ᠋ᠢᠨ 30 ‍ᠦ ᠡᠳᠦᠷ ᠂ ᠬᠣᠰᠢᠭᠤᠨ ‍ᠤ ᠭᠠᠵᠠᠷ ᠤᠨ ᠲᠡᠰ ᠤᠨ ᠣᠳᠣᠷᠢᠳᠣᠯᠭ᠎ᠠ  ᠺᠠᠳ᠋ᠷ  ᠂ ᠰᠢᠶᠠᠩ ᠪᠠᠯᠭᠠᠰᠣ ᠵᠢ ᠲᠠᠭᠠᠴᠢᠯᠠᠭᠰᠠᠨ ᠰᠠᠯᠠᠭ᠎ᠠ ᠮᠥᠴᠢᠷ ‍ᠦᠨ ᠤᠳᠤᠷᠢᠳᠤᠯᠭ᠎ᠠ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ ᠬᠥᠳᠡᠭᠡ ᠲᠣᠰᠬᠣᠨ ‍ᠢ ᠬᠥᠭᠵᠢᠭᠦᠯᠦᠨ ᠮᠠᠨᠳᠤᠭᠤᠯᠬᠤ ᠂ ᠨᠡᠶᠢᠭᠡᠮ ‍ᠦᠨ ᠶᠡᠷᠦᠩᠬᠡᠶᠢᠯᠡᠭᠰᠡᠨ ᠵᠠᠰᠠᠯᠲᠠ ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ‍ᠢ ᠬᠠᠮᠠᠭᠠᠯᠠᠬᠤ ᠂ ᠦᠨᠳᠦᠰᠦᠨ ᠱᠠᠲᠤᠨ ‍ᠤ ᠨᠠᠮ ‍ᠤᠨ ᠪᠠᠶᠢᠭᠣᠯᠣᠯᠳᠠ ᠵᠡᠷᠭᠡ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ  ᠪᠠᠶᠢᠴᠠᠭᠠᠨ ᠰᠤᠳᠤᠯᠤᠯᠲᠠ ᠶ᠋ᠢ ᠦᠷᠭᠦᠯᠵᠢᠯᠡᠨ ᠥᠷᠨᠢᠭᠦᠯᠪᠡ ᠃

     ᠲᠤᠬᠠᠶ ᠶ᠋ᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠬᠦ ᠂ ᠡᠷᠦᠬᠡ ᠳ᠋ᠦ ᠬᠦᠷᠴᠦ ᠪᠠᠶᠢᠴᠠᠭᠠᠬᠤ ᠂  ᠬᠠᠷᠢᠭᠣ ᠮᠡᠳᠡᠭᠦᠯᠦᠯᠳᠡ ᠵᠢ ᠰᠣᠨᠣᠰᠬᠠᠬᠤ ᠂ ᠲᠣᠰᠬᠣᠨ ‍ᠤ ᠺᠠᠳ᠋ᠷ ᠲᠠᠶ ᠶᠠᠷᠢᠯᠴᠠᠬᠤ ᠠᠷᠭ᠎ᠠ ᠮᠠᠶ᠋ᠢᠭ  ᠢᠶᠠᠷ  ᠲᠠᠮᠵᠢᠨ ᠂ ᠬᠥᠳᠡᠭᠡ ᠲᠣᠰᠬᠣᠨ ‍ᠤ ᠡᠯ᠎ᠡ  ᠵᠦᠢᠯ  ‍ᠦᠨ ᠠᠵᠢᠯ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ‍ᠢ ᠪᠦᠬᠦ ᠲᠠᠯ᠎ᠠ ᠪᠠᠷ ᠡᠵᠡᠮᠰᠢᠬᠦ ᠶ᠋ᠢᠨ ᠬᠠᠮᠳᠣ ᠠᠵᠢᠯ ᠢᠶᠡᠨ ᠬᠡᠷᠬᠢᠨ ᠨᠢᠭᠡᠳᠦᠯᠲᠡᠶ ᠲᠥᠯᠥᠪᠯᠡᠨ ᠰᠠᠶᠢᠲᠤᠷ ᠥᠷᠨᠢᠭᠦᠯᠬᠦ ᠲᠤᠬᠠᠶ ᠵᠢᠯᠣᠭᠣᠳᠤᠯᠭ᠎ᠠ ᠬᠢᠭᠰᠡᠨ ᠪᠠᠶᠢᠨ᠎ᠠ ᠃ ᠬᠣᠰᠢᠭᠤᠨ ‍ᠤ ᠭᠠᠵᠠᠷ ᠤᠨ ᠲᠡᠰ ᠤᠨ ᠣᠳᠣᠷᠢᠳᠣᠯᠭ᠎ᠠ  ᠺᠠᠳ᠋ᠷ  ᠂ ᠰᠢᠶᠠᠩ ᠪᠠᠯᠭᠠᠰᠣ ᠵᠢ ᠲᠠᠭᠠᠴᠢᠯᠠᠭᠰᠠᠨ ᠰᠠᠯᠠᠭ᠎ᠠ ᠮᠥᠴᠢᠷ ‍ᠦᠨ ᠤᠳᠤᠷᠢᠳᠤᠯᠭ᠎ᠠ ᠡᠩ ‍ᠦᠨ ᠨᠠᠮ ‍ᠤᠨ ᠭᠡᠰᠢᠭᠦᠨ ‍ᠦ ᠬᠤᠪᠢ ᠪᠠᠷ ᠨᠠᠮ ‍ᠤᠨ ᠡᠭᠦᠷ ‍ᠦᠨ ᠠᠵᠢᠯᠯᠠᠭ᠎ᠠ ᠳ᠋ᠤ ᠢᠳᠡᠪᠬᠢᠲᠡᠢ ᠣᠷᠣᠯᠴᠠᠵᠤ ᠂ ᠬᠣᠶᠠᠷ ᠲᠠᠯ᠎ᠠ ᠶ᠋ᠢᠨ ᠠᠵᠢᠯ ‍ᠢ ᠰᠠᠶᠢᠲᠤᠷ ᠬᠢᠬᠦ ᠬᠡᠷᠡᠭᠲᠡᠢ ᠃ ᠭᠣᠤᠯᠳᠠᠭᠤ ᠤᠯᠤᠰ ᠲᠥᠷᠦ ᠶ᠋ᠢᠨ ᠪᠠᠶᠢᠭᠤᠯᠤᠯᠲᠠ ᠂ ᠰᠠᠬᠢᠯᠭ᠎ᠠ ᠪᠠᠲᠤ ᠶᠣᠰᠣ ᠳᠦᠷᠢᠮ ᠂  ᠬᠡᠪ ᠰᠤᠷᠲᠠᠯ ‍ᠤᠨ ᠪᠠᠶᠢᠭᠤᠯᠤᠯᠲᠠ ᠵᠡᠷᠭᠡ ᠲᠠᠯ᠎ᠠ ᠶ᠋ᠢᠨ ᠲᠣᠭᠣᠷᠢᠨ ᠳ᠋ᠥ ᠂ ᠪᠦᠬᠦ ᠨᠠᠮ ‍ᠤᠨ ᠭᠡᠰᠢᠭᠦᠨ ᠬᠠᠮᠲᠤ ᠪᠠᠷ ᠴᠢᠷᠮᠠᠶᠢᠨ ᠂ ᠤᠳᠤᠷᠢᠳᠬᠤ ᠺᠠᠳ᠋ᠷ ᠂ ᠡᠩ ‍ᠦᠨ ᠨᠠᠮ ‍ᠤᠨ ᠭᠡᠰᠢᠭᠦᠨ ᠵᠢᠴᠢ ᠣᠯᠠᠨ ᠲᠦᠮᠡᠨ ‍ᠦ ᠭᠤᠷᠪᠠᠨ ᠵᠦᠢᠯ  ‍ᠦᠨ ᠳᠦᠷᠢ ᠶ᠋ᠢ ᠰᠠᠶᠢᠲᠤᠷ ᠬᠢᠵᠦ ᠂ ᠰᠢᠷᠭᠠᠭᠤ ᠬᠠᠲᠠᠭᠤᠵᠢᠯᠲᠠᠶ ᠴᠢᠷᠮᠠᠶᠢᠬᠤ ᠂ ᠵᠣᠪᠠᠭᠤᠷᠢ ᠵᠦᠳᠡᠭᠦᠷᠢ ᠶ᠋ᠢ ᠬᠦᠯᠢᠴᠡᠨ ᠲᠡᠰᠪᠦᠷᠢᠯᠡᠬᠦ ᠰᠢᠯᠢᠳᠡᠭ ᠤᠯᠠᠮᠵᠢᠯᠠᠯ ᠦᠷᠭᠦᠯᠵᠢᠯᠡᠨ ᠪᠠᠳᠠᠷᠠᠭᠤᠯᠵᠤ ᠂ ᠢᠳᠡᠪᠬᠢᠲᠡᠶ ᠪᠡᠷ ᠰᠡᠳᠬᠢᠬᠦᠶ ᠪᠡᠨ ᠨᠡᠭᠡᠭᠡᠨ ᠂ ᠰᠢᠨ᠎ᠡ ᠶ᠋ᠢ ᠡᠭᠦᠳᠬᠦ ᠪᠡᠷ ᠴᠢᠷᠮᠠᠶᠢᠵᠤ ᠂ ᠠᠵᠤ ᠠᠬᠤᠶ ᠨᠡᠶᠢᠭᠡᠮ ‍ᠦᠨ ᠬᠥᠭᠵᠢᠯᠲᠡ ᠶ᠋ᠢ ᠲᠦᠯᠬᠢᠨ ᠠᠬᠢᠭᠤᠯᠬᠤ ᠶ᠋ᠢᠨ ᠲᠥᠯᠥᠭᠡ ᠴᠢᠷᠮᠠᠶᠢᠬᠣ ᠬᠡᠷᠡᠭᠲᠡᠢ ᠭᠡᠰᠡᠨ ᠪᠠᠶᠢᠨ᠎ᠠ ᠃

 

 


ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ