ᠮᠠᠨ ᠤ ᠬᠣᠰᠢᠭᠣ ᠵᠢ ᠲᠠᠭᠠᠴᠢᠯᠠᠭᠰᠠᠨ ᠥᠪᠡᠷᠲᠡᠭᠡᠨ ᠵᠠᠰᠠᠬᠤ ᠣᠷᠣᠨ ‍ᠤ ᠲᠡᠰ ‍ᠤᠨ ᠤᠳᠤᠷᠢᠳᠤᠯᠭ᠎ᠠ ᠯᠢᠦ ᠴᠢ ᠹᠠᠨ ᠮᠠᠨ ‍ᠤ ᠬᠣᠰᠢᠭᠤᠨ ᠳ᠋ᠤ ᠢᠷᠡᠵᠣ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 809     ᠨᠡᠶᠢᠳᠡᠯᠡᠭᠰᠡᠨ ᠴᠠᠭ ᠄ 2019/11/6 9:04:38

      10 ᠳ᠋ᠤᠭᠠᠷ ᠰᠠᠷ᠎ᠠ ᠶ᠋ᠢᠨ 28 ‍ᠦ ᠡᠳᠦᠷ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶᠠᠨ ᠤ ᠪᠠᠶᠢᠩᠭᠤ ᠶ᠋ᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠣ ᠬᠣᠷᠢᠶ᠎ᠠ ᠶ᠋ᠢᠨ ᠱᠦᠵᠢ ᠂ ᠬᠢᠨᠠᠨ   ᠪᠠᠶᠢᠴᠠᠭᠠᠬᠣ ᠵᠥᠪᠯᠡᠯ ‍ᠦᠨ ᠡᠷᠬᠢᠯᠡᠭᠴᠢ ᠯᠢᠦ ᠴᠢ ᠹᠠᠨ ᠨᠠᠷ ᠤᠷᠢᠳ ᠬᠣᠵᠢᠳ ᠰᠢᠷᠠᠬᠣᠭᠣᠯᠠᠢ ᠪᠠᠯᠭᠠᠰᠤ ᠶ᠋ᠢᠨ ᠦᠨᠳᠦᠰᠦᠨ ᠱᠠᠲᠤᠨ ‍ᠤ ᠵᠥᠷᠢᠴᠡᠯ ᠵᠢᠭᠤᠷᠠᠭᠠᠨ ‍ᠢ ᠰᠢᠢᠳᠪᠦᠷᠢᠡᠯᠬᠦ ᠲᠥᠪ ᠂  ᠬᠣᠩᠬᠣᠷᠳᠠᠯ᠎ᠠ ᠰᠤᠮᠤ ᠶ᠋ᠢᠨ ᠶᠠᠳᠠᠭᠤ ᠶ᠋ᠢ ᠲᠡᠳᠬᠦᠬᠦ ᠥᠨᠳᠥᠷ ᠦᠷ᠎ᠡ ᠠᠰᠢᠭᠳᠣ ᠲᠠᠷᠢᠮᠠᠯ ‍ᠤᠨ ᠬᠦᠷᠢᠶᠡᠯᠡᠩ ᠳ᠋ᠦ  ᠪᠠᠶᠢᠴᠠᠭᠠᠨ ᠰᠤᠳᠤᠯᠤᠯᠲᠠ ᠬᠢᠵᠦ ᠂ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ ᠦᠨᠳᠦᠰᠦᠨ ᠱᠠᠲᠤᠨ ‍ᠤ ᠤᠯᠤᠰ ᠲᠥᠷᠦ ᠶ᠋ᠢᠨ ᠠᠮᠢ ᠠᠬᠤᠶ ᠶ᠋ᠢ ᠴᠡᠪᠡᠷᠰᠢᠭᠦᠯᠬᠦ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠵᠡᠷᠭᠡ ᠠᠵᠢᠯ ‍ᠢ ᠬᠢᠨᠠᠨ ᠵᠢᠯᠣᠭᠣᠳᠬᠤ ᠶ᠋ᠢᠨ ᠬᠠᠮᠲᠤ ᠰᠠᠭᠣᠳᠠᠯ ᠤᠨ ᠬᠤᠷᠠᠯ ᠬᠤᠷᠠᠯᠳᠤᠭᠤᠯᠵᠤ ᠬᠣᠯᠪᠣᠭᠳᠠᠯ ᠪᠦᠬᠦᠢ ᠠᠵᠢᠯ ᠤᠨ ᠬᠠᠷᠢᠭᠣ ᠮᠡᠳᠡᠭᠦᠯᠦᠯᠳᠡ ᠵᠢ ᠰᠣᠨᠣᠰᠣᠭᠰᠠᠨ ᠪᠠᠶᠢᠨ᠎ᠠ ᠃ ᠬᠣᠲᠠ ᠶ᠋ᠢᠨ ᠤᠳᠤᠷᠢᠳᠤᠯᠭ᠎ᠠ ᠡᠦ ᠬᠠᠢ ᠳ᠋ᠦᠩ ᠂ ᠬᠣᠰᠢᠭᠤᠨ ‍ᠤ ᠤᠳᠤᠷᠢᠳᠤᠯᠭ᠎ᠠ ᠵᠠᠩ ᠬᠤᠸᠠ ᠂ ᠪᠦᠷᠢᠨ ᠂ ᠶᠢᠨ ᠵᠢᠶᠠᠨ ᠱᠧ ᠂ ᠸᠠᠩ ᠵᠧᠨ ᠴᠧᠩ ᠂ ᠶᠠᠩ ᠹᠦ᠋ ᠰᠢᠩ ᠂ ᠯᠢᠦ ᠰᠢᠶᠠᠩ ᠬᠤᠸᠠ ᠂ ᠱᠢ ᠮᠢᠩ ᠰᠢᠶᠠᠨ ᠨᠠᠷ ᠪᠠᠷ᠎ᠠ ᠪᠣᠯᠵᠤ  ᠪᠠᠶᠢᠴᠠᠭᠠᠨ ᠰᠤᠳᠤᠯᠤᠯᠲᠠ ᠬᠢᠭᠰᠡᠨ ᠪᠤᠶᠤ ᠰᠠᠭᠣᠳᠠᠯ ᠤᠨ ᠬᠤᠷᠠᠯ ᠳ᠋ᠤ ᠣᠷᠣᠯᠴᠠᠪᠠ ᠃

    

      ᠯᠢᠦ ᠴᠢ ᠹᠠᠨ ᠵᠢᠭᠠᠵᠣ ᠭᠠᠷᠭᠠᠭᠰᠠᠨ ᠨᠢ ᠂ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠨᠠᠷᠢᠨ ᠬᠢᠨᠠᠮᠠᠭᠠᠶ ᠥᠷᠨᠢᠭᠦᠯᠵᠦ ᠂ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠡᠴᠠ ᠣᠨᠴᠠᠯᠢᠭ ᠲᠠᠶ ᠨᠡᠶᠢᠭᠡᠮ ᠵᠢᠷᠤᠮ ‍ᠤᠨ ᠦᠵᠡᠯ ᠰᠠᠨᠠᠭ᠎ᠠ ᠶ᠋ᠢ ᠭᠦᠨᠵᠡᠭᠡᠶ ᠰᠤᠷᠤᠯᠴᠠᠨ ᠣᠶᠢᠯᠠᠭᠠᠵᠤ ᠂ ᠵᠥᠷᠢᠶ᠎ᠡ ᠪᠡᠨ ᠡᠷᠢᠨ ᠂ ᠳᠤᠲᠠᠭᠤᠳᠠᠯ ᠢᠶᠡᠨ ᠨᠥᠬᠥᠪᠥᠷᠢᠯᠡᠵᠦ ᠂ ᠦᠨᠳᠦᠰᠦᠨ ᠱᠠᠲᠤᠨ ‍ᠤ ᠵᠠᠰᠠᠯᠲᠠ ᠶ᠋ᠢᠨ ᠰᠢᠰᠲ᠋ᠧᠮ ᠪᠣᠯᠤᠨ ᠵᠠᠰᠠᠯᠲᠠ ᠶ᠋ᠢᠨ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠠᠬᠢᠭᠤᠯᠬᠤ ᠬᠡᠷᠡᠭᠲᠡᠶ ᠭᠡᠰᠡᠨ ᠪᠠᠶᠢᠨ᠎ᠠ ᠃

     ᠯᠢᠦ ᠴᠢ ᠹᠠᠨ ᠴᠢᠩᠭᠠᠳᠬᠠᠭᠰᠠᠨ ᠨᠢ ᠂ ᠭᠣᠤᠯ ᠰᠡᠳᠦᠪᠲᠦ ᠬᠥᠮᠦᠵᠢᠯ ‍ᠢᠶ᠋ᠡᠷ ᠵᠢᠯᠣᠭᠣᠳᠤᠮᠵᠢ ᠪᠣᠯᠭᠠᠵᠤ ᠂ ᠨᠡᠶᠢᠭᠡᠮ ‍ᠦᠨ ᠵᠥᠷᠢᠴᠡᠯ ‍ᠢ ᠠᠷᠢᠯᠭᠠᠬᠤ ᠠᠵᠢᠯ ‍ᠢ ᠴᠢᠩᠭ᠎ᠠ ᠪᠥᠭᠡᠳ ᠪᠣᠳᠠᠲᠠᠶ ᠠᠳᠬᠤᠵᠤ ᠂ ᠤᠳᠤᠷᠢᠳᠬᠤ ᠺᠠᠳ᠋ᠷ ‍ᠤᠨ ᠬᠡᠷᠡᠭ ‍ᠢ ᠳᠠᠭᠠᠭᠠᠴᠢᠯᠠᠨ ᠬᠠᠷᠢᠭᠤᠴᠠᠬᠤ ᠳᠦᠷᠢᠮ ‍ᠢ ᠨᠠᠶᠢᠳᠠᠪᠣᠷᠢᠵᠢᠭᠣᠯᠵᠣ ᠂ ᠳᠣᠷᠣᠭᠰᠢ ᠰᠤᠷᠪᠤᠯᠵᠢᠯᠠᠬᠤ ᠠᠵᠢᠯᠯᠠᠭ᠎ᠠ ᠵᠢ ᠭᠦᠨᠵᠡᠭᠡᠶᠢᠷᠡᠭᠦᠯᠦᠨ ᠂ ᠠᠰᠠᠭᠤᠳᠠᠯ ‍ᠢ ᠦᠨᠳᠦᠰᠦᠨ ᠱᠠᠲᠤᠨ ᠳ᠋ᠤ ᠰᠢᠢᠳᠪᠦᠷᠢᠯᠡᠬᠦ ᠬᠡᠷᠡᠭᠲᠡᠢ ᠃ ᠦᠨᠳᠦᠰᠦᠨ ᠱᠠᠲᠤᠨ ‍ᠤ 《 ᠪᠢᠴᠢᠯ ᠢᠯᠵᠠᠷᠠᠯ 》 ‍ᠢ ᠪᠠᠶᠢᠴᠠᠭᠠᠨ ᠰᠢᠢᠳᠪᠣᠷᠢᠯᠡᠬᠦ ᠪᠠ ᠶᠠᠳᠠᠭᠤ ᠶ᠋ᠢ ᠲᠡᠳᠬᠦᠬᠦ ᠬᠦᠷᠢᠶᠡᠨ ᠳ᠋ᠡᠬᠢ ᠢᠯᠵᠠᠷᠠᠯ ᠪᠠ ᠰᠤᠷᠲᠠᠯ ‍ᠤᠨ ᠠᠰᠠᠭᠤᠳᠠᠯ ‍ᠢ ᠲᠤᠰᠬᠠᠶᠢᠯᠠᠨ ᠵᠠᠰᠠᠬᠤ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠲᠡᠶ ᠤᠶᠠᠯᠳᠤᠭᠤᠯᠵᠤ ᠂ ᠬᠢᠨᠠᠯᠲᠠ ᠲᠠᠯᠪᠢᠨ ᠵᠢᠭᠰᠠᠭᠠᠨ ᠪᠠᠶᠢᠴᠠᠭᠠᠵᠤ ᠂ ᠤᠴᠢᠷ ᠪᠠᠶᠢᠪᠠᠯ ᠵᠠᠪᠠᠯ ᠠᠰᠠᠭᠤᠵᠤ ᠂  ᠬᠡᠷᠡᠭ ᠪᠠᠶᠢᠪᠠᠯ ᠵᠠᠪᠠᠯ ᠨᠡᠬᠡᠮᠵᠢᠯᠡᠬᠦ ᠬᠡᠷᠡᠭᠲᠡᠶ ᠃ 《 ᠠᠷᠢᠭᠤᠨ ᠴᠢᠬᠡᠴᠢ ᠺᠠᠳ᠋ᠷ 》 ‍ᠤᠨ ᠰᠢᠯᠭᠠᠷᠠᠭᠤᠯᠤᠯᠲᠠ ᠶ᠋ᠢ ᠢᠳᠡᠪᠬᠢᠲᠡᠢ ᠥᠷᠨᠢᠭᠦᠯᠵᠦ ᠂ ᠦᠨᠳᠦᠰᠦᠨ ᠱᠠᠲᠤᠨ ‍ᠤ ᠠᠵᠢᠯ ᠬᠢᠵᠦ  ᠦᠢᠯᠡᠰ ᠪᠣᠰᠬᠠᠬᠤ ᠶ᠋ᠢ  ᠠᠬᠢᠭᠣᠯᠬᠣ ᠬᠡᠷᠡᠭᠲᠡᠢ ᠭᠡᠰᠡᠨ ᠪᠠᠶᠢᠨ᠎ᠠ ᠃

      ᠯᠢᠦ ᠴᠢ ᠹᠠᠨ ᠱᠠᠭᠠᠷᠳᠠᠭᠰᠠᠨ ᠨᠢ ᠂ ᠦᠨᠳᠦᠰᠦᠨ ᠱᠠᠲᠤᠨ ‍ᠤ ᠺᠠᠳ᠋ᠷ ‍ᠤᠨ ᠰᠤᠷᠲᠠᠯ ‍ᠢ ᠴᠢᠩᠭ᠎ᠠ ᠠᠳᠬᠤᠵᠤ ᠂ ᠪᠠᠶᠢᠭᠤᠯᠭ᠎ᠠ ᠶ᠋ᠢᠨ ᠤᠯᠤᠰ ᠲᠥᠷᠦ ᠶ᠋ᠢᠨ ᠠᠮᠢ ᠠᠬᠤᠶ ᠶ᠋ᠢ ᠴᠡᠪᠡᠷᠰᠢᠭᠦᠯᠵᠦ ᠂ ᠢᠯᠡᠷᠡᠯ ‍ᠢ ᠡᠰᠡᠷᠭᠦᠴᠡᠨ ᠂ ᠡᠬᠡ ᠳᠠᠩᠰᠠ ᠪᠠᠶᠢᠭᠣᠯᠵᠣ ᠂ ᠨᠠᠷᠢᠨ ᠨᠢᠮᠪᠠᠶ ᠥᠭᠡᠷᠡᠴᠢᠯᠡᠵᠦ ᠂ ᠬᠢᠬᠦ ᠳᠤᠷ᠎ᠠ ᠦᠭᠡᠢ ᠂ ᠬᠢᠵᠦ ᠴᠢᠳᠠᠬᠤ ᠦᠭᠡᠢ ᠪᠠᠶᠢᠬᠣ ᠠᠰᠠᠭᠤᠳᠠᠯ ‍ᠢ ᠭᠣᠤᠯᠳᠠᠯᠭ᠎ᠠ ᠲᠠᠶ  ᠰᠢᠢᠳᠪᠣᠷᠢᠯᠡᠵᠦ ᠂ ᠺᠠᠳ᠋ᠷ ‍ᠤᠨ ᠠᠵᠢᠯ ᠶ᠋ᠢᠨ ᠪᠠᠶᠢᠳᠠᠯ ‍ᠢ ᠳᠡᠭᠡᠭᠰᠢᠯᠡᠭᠦᠯᠬᠦ ᠬᠡᠷᠡᠭᠲᠡᠶ ᠭᠡᠵᠡᠢ ᠃

    

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ