ᠬᠣᠰᠢᠭᠣᠨ ᠤ ᠨᠠᠮ ᠤᠨ ᠬᠣᠷᠢᠶᠠᠨ ᠤ ᠱᠦᠵᠢ ᠵᠠᠩ ᠬᠤᠸᠠ ᠭᠣᠣᠯᠳᠠᠯᠭ᠎ᠠ ᠲᠠᠶ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 769     ᠨᠡᠶᠢᠳᠡᠯᠡᠭᠰᠡᠨ ᠴᠠᠭ ᠄ 2019/11/6 16:00:30

     10 ᠳ᠋ᠣᠭᠠᠷ ᠰᠠᠷ᠎ᠠ ᠶ᠋ᠢᠨ 29 ᠂ 30 ᠦ ᠡᠳ᠋ᠦᠷ ᠂ ᠬᠣᠰᠢᠭᠣᠨ ᠤ ᠨᠠᠮ ᠤᠨ ᠬᠣᠷᠢᠶᠠᠨ ᠤ ᠱᠦᠵᠢ ᠵᠠᠩ ᠬᠤᠸᠠ ᠬᠣᠩᠬᠣᠷᠲᠠᠯ᠎ᠠ ᠰᠤᠮᠤ ᠂ ᠴᠢᠩ ᠯᠦᠩ ᠱᠠᠨ ᠪᠠᠯᠭᠠᠰᠤ ᠪᠣᠯᠤᠨ ᠳ᠋ᠦ᠋ᠩ ᠮᠢᠩ ᠪᠠᠯᠭᠠᠰᠤᠨ ᠳᠤ ᠭᠦᠡᠵᠠᠭᠡᠶᠢᠷᠡᠨ  ᠭᠣᠣᠯ ᠰᠡᠳ᠋ᠦᠪᠲᠦ ᠬᠥᠮᠦᠵᠢᠯ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ ᠦᠨᠳ᠋ᠦᠰᠦᠨ ᠱᠠᠲᠤᠨ ᠤ ᠤᠯᠤᠰ ᠲᠥᠷᠥ ᠶ᠋ᠢᠨ ᠠᠮᠢ ᠠᠬᠤᠶ ᠶ᠋ᠢ ᠴᠡᠪᠡᠷᠰᠢᠭᠦᠯᠬᠦ ᠪᠠ ᠲᠠᠷᠠᠬᠠᠶ ᠪᠤᠲᠠᠷᠬᠠᠶ ᠭᠠᠴᠠᠭ᠎ᠠ ᠲᠣᠰᠬᠣᠨ ᠤ ᠨᠠᠮ ᠤᠨ ᠵᠣᠬᠢᠶᠠᠨ ᠪᠠᠶᠢᠭᠣᠯᠣᠯᠳᠠ ᠵᠢ ᠴᠡᠭᠴᠡᠯᠡᠨ ᠰᠠᠶᠢᠵᠢᠷᠠᠭᠣᠯᠬᠣ ᠵᠡᠷᠭᠡ ᠭᠣᠣᠯᠳᠠᠯᠭ᠎ᠠ ᠲᠠᠶ ᠠᠵᠢᠯ ᠳ᠋ᠥ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃

    

      ᠵᠠᠩ ᠬᠤᠸᠠ ᠤᠷᠢᠳ ᠬᠣᠵᠢᠳ 12 ᠭᠣᠣᠯᠳᠠᠯᠭ᠎ᠠ ᠲᠠᠶ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠣᠨ ᠳᠤ ᠭᠦᠨᠵᠡᠭᠡᠶᠢᠷᠡᠨ ᠂ ᠪᠠᠶᠢᠴᠠᠭᠠᠨ ᠰᠤᠳᠤᠯᠤᠯᠲᠠ ᠬᠢᠵᠣ ᠂ ᠬᠦᠷᠦᠭᠰᠡᠨ ᠭᠠᠵᠠᠷ ᠪᠣᠯᠭᠠᠨ ᠳᠤ  ᠶᠠᠳᠠᠭᠤ ᠬᠦᠴᠢᠷᠳᠡᠯᠲᠡᠶ ᠡᠷᠦᠬᠡ ᠂ ᠨᠠᠮ ‍ᠤᠨ ᠭᠡᠰᠢᠭᠦᠨ ᠂ ᠭᠠᠴᠠᠭ᠎ᠠ ᠲᠣᠰᠬᠣᠨ ᠤ ᠺᠠᠳ᠋ᠷ ᠲᠠᠶ ᠶᠠᠷᠢᠯᠴᠠᠨ ᠂ ᠭᠣᠣᠯ ᠰᠡᠳ᠋ᠦᠪᠲᠦ ᠬᠥᠮᠦᠵᠢᠯ ᠂ ᠶᠠᠳᠠᠭᠤ ᠶ᠋ᠢ ᠲᠡᠳᠬᠦᠬᠦ ᠂ ᠭᠤᠷᠪᠠᠨ ᠶᠠᠪᠤᠳᠠᠯ ᠢ ᠢᠯᠠ ᠪᠣᠯᠭᠠᠬᠤ ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠠᠷᠢᠯᠭᠠᠬᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠂ ᠲᠣᠰᠬᠣᠨ ᠳᠤ ᠰᠠᠭᠤᠭ᠎ᠠ ᠺᠠᠳ᠋ᠷ ᠤᠨ ᠠᠵᠢᠯ ᠠᠮᠢᠳᠤᠷᠠᠯ ᠵᠡᠷᠭᠡ ᠲᠠᠯ᠎ᠠ ᠶ᠋ᠢᠨ ᠪᠠᠶᠢᠳᠠᠯ ᠢ ᠭᠦᠨᠵᠡᠭᠡᠶ  ᠣᠶᠢᠯᠠᠭᠠᠪᠠ ᠃  ᠪᠠᠶᠢᠴᠠᠭᠠᠨ ᠰᠤᠳᠤᠯᠵᠤ ᠬᠢᠨᠠᠨ ᠵᠢᠯᠣᠭᠣᠳᠬᠤ ᠬᠤᠭᠤᠴᠠᠭᠠᠨ ᠳᠤ ᠂ ᠵᠠᠩ ᠬᠤᠸᠠ ᠳ᠋ᠦ᠋ᠩ ᠮᠢᠩ ᠪᠠᠯᠭᠠᠰᠤᠨ ᠤ ᠪᠠᠭ᠎ᠠ ᠲᠣᠣᠵᠢᠪᠠᠢ ᠭᠠᠴᠠᠭ᠎ᠠ ᠳᠤ  ᠰᠠᠭᠣᠳᠠᠯ ᠤᠨ ᠬᠤᠷᠠᠯ ᠢ ᠬᠤᠷᠠᠯᠳᠤᠭᠤᠯᠵᠤ ᠂ ᠣᠯᠠᠨ ᠤ ᠰᠠᠨᠠᠯ ᠰᠠᠨᠠᠭᠤᠯᠭ᠎ᠠ ᠶ᠋ᠢ ᠥᠷᠭᠡᠨ ᠢᠶ᠋ᠡᠷ ᠰᠣᠨᠣᠰᠴᠤ ᠂ ᠬᠦᠴᠦᠲᠡᠶ ᠠᠷᠭ᠎ᠠ ᠬᠡᠮᠵᠢᠶ᠎ᠡ ᠪᠠ ᠬᠣᠯᠪᠣᠭᠳᠠᠯ ᠪᠦᠬᠦᠢ ᠱᠠᠭᠠᠷᠳᠠᠯᠭ᠎ᠠ ᠶ᠋ᠢ ᠳᠤᠷᠠᠳᠤᠨ ᠭᠠᠷᠭᠠᠪᠠ ᠃ ᠵᠠᠩ ᠬᠤᠸᠠ ᠴᠢᠩᠭᠠᠳᠬᠠᠭᠰᠠᠨ ᠨᠢ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠣᠯᠣᠯᠳᠠ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳ᠋ᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠂ ᠰᠢ ᠶ᠋ᠢᠨ ᠫᠢᠩ ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ  ᠨᠡᠶᠢᠭᠡᠮ ᠵᠢᠷᠤᠮ ᠤᠨ ᠦᠵᠡᠯ ᠰᠠᠨᠠᠭ᠎ᠠ ᠶ᠋ᠢ ᠭᠦᠨᠵᠡᠭᠡᠶ ᠰᠤᠷᠤᠯᠴᠠᠨ  ᠣᠶᠢᠯᠠᠭᠠᠵᠣ ᠂ ᠥᠪᠡᠷ ᠦᠨ ᠪᠡᠶ᠎ᠡ ᠪᠡᠷ ᠢᠶ᠋ᠡᠨ ᠣᠷᠣᠯᠴᠠᠨ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠦᠵᠡᠯ ᠰᠠᠨᠠᠭ᠎ᠠ ᠂ ᠣᠪᠣᠷ ᠰᠤᠷᠲᠠᠯ ᠂ ᠰᠠᠬᠢᠯᠭ᠎ᠠ ᠪᠠᠲᠤ ᠂ ᠠᠷᠢᠭᠤᠨ ᠴᠢᠬᠡᠴᠢ ᠂ ᠠᠵᠢᠯ ᠦᠢᠯᠡᠰ ᠴᠣᠭᠴᠠᠯᠠᠬᠤ ᠂ ᠠᠷᠠᠳ ᠲᠦᠮᠡᠨ ᠳᠦ ᠦᠢᠯᠡᠴᠢᠯᠡᠬᠦ ᠵᠡᠷᠭᠡ ᠲᠠᠯ᠎ᠠ ᠶ᠋ᠢᠨ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠠᠨ ᠦᠨᠡᠨ ᠪᠣᠳᠠᠲᠠᠶ ᠡᠷᠢᠵᠦ ᠂ ᠠᠰᠠᠭᠤᠳᠠᠯ ᠤᠨ ᠦᠨᠳ᠋ᠦᠰᠦ ᠰᠤᠷᠪᠤᠯᠵᠢ ᠵᠢ ᠵᠠᠳᠠᠯᠣᠨ ᠂  ᠭᠣᠣᠯ ᠰᠡᠳ᠋ᠦᠪᠲᠦ ᠬᠥᠮᠦᠵᠢᠯ ᠢᠶ᠋ᠡᠷ ᠳᠠᠮᠵᠢᠭᠤᠯᠤᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠃ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠡᠨᠡᠬᠦ ᠴᠢᠬᠤᠯᠠ ᠶᠡᠬᠡ ᠤᠯᠤᠰ ᠲᠥᠷᠦ ᠶ᠋ᠢᠨ ᠡᠭᠦᠷᠭᠡ ᠪᠣᠯᠤᠨ ᠨᠢᠭᠡᠳ᠋ᠦᠭᠡᠷ ᠠᠷᠠᠳ ᠤᠨ ᠠᠮᠢᠳᠤᠷᠠᠯ ᠤᠨ ᠢᠨᠵᠧᠨᠧᠷᠢᠩ ᠢ   ᠰᠠᠶᠢᠳᠣᠷ  ᠠᠳᠬᠤᠵᠤ ᠂ ᠶᠠᠳᠠᠭᠤ ᠡᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠡᠬᠢᠵᠢᠭᠦᠯᠦᠨ ᠳᠡᠭᠡᠭᠰᠢᠯᠡᠭᠦᠯᠬᠦ ᠳᠦ ᠠᠩᠬᠠᠷᠤᠯ ᠢᠶᠡᠨ ᠲᠦᠪᠯᠡᠷᠡᠭᠦᠯᠬᠦ ᠬᠡᠷᠡᠭᠲᠡᠶ ᠃ ᠡᠯ᠎ᠡ ᠠᠵᠢᠯ ᠲᠥᠷᠥᠯ ᠦᠨ ᠰᠠᠯᠠᠭ᠎ᠠ ᠮᠥᠴᠢᠷ ᠂  ᠬᠠᠪᠰᠤᠷᠤᠨ ᠲᠡᠳᠬᠦᠬᠦ ᠺᠠᠳ᠋ᠷ ᠂ ᠨᠡᠶᠢᠭᠡᠮ ᠦᠨ ᠶᠠᠳᠠᠭᠤ ᠶ᠋ᠢ ᠲᠡᠳᠬᠦᠬᠦ ᠵᠡᠷᠭᠡ ᠲᠠᠯ᠎ᠠ ᠶ᠋ᠢᠨ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ‍ᠢ ᠭᠦᠢᠴᠡᠳ ᠪᠠᠳᠠᠷᠠᠭᠤᠯᠵᠤ ᠂ ᠨᠠᠩ ᠣᠯᠠᠨ ᠡᠬᠢ ᠪᠠᠶᠠᠯᠢᠭ ᠪᠣᠯᠤᠨ ᠬᠦᠴᠦᠨ ᠢᠶᠡᠨ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠣᠨ ᠂ ᠭᠣᠣᠯᠳᠠᠯᠭ᠎ᠠ ᠲᠠᠶ ᠶᠠᠳᠠᠭᠤ ᠬᠦᠴᠢᠷᠳᠡᠯᠲᠡᠶ ᠡᠷᠦᠬᠡ ᠲᠡᠰᠢ ᠲᠥᠪᠯᠡᠷᠡᠭᠦᠯᠬᠦ ᠬᠡᠷᠡᠭᠲᠡᠶ ᠃ ᠡᠯ᠎ᠡ ᠰᠢᠶᠠᠩ ᠪᠠᠯᠭᠠᠰᠤᠨ ᠤ ᠨᠠᠮ ᠤᠨ ᠬᠣᠷᠢᠶ᠎ᠠ ᠭᠣᠣᠯ ᠴᠣᠭᠴᠠ ᠶ᠋ᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ ᠂ ᠭᠠᠴᠠᠭ᠎ᠠ ᠲᠣᠰᠬᠣᠨ ᠤ ᠨᠠᠮ ᠤᠨ ᠵᠣᠬᠢᠶᠠᠨ  ᠪᠠᠶᠢᠭᠣᠯᠣᠯᠳᠠ  ᠶ᠋ᠢᠨ ᠬᠤᠪᠢᠷᠠᠭᠤᠯᠤᠯᠲᠠ ᠶ᠋ᠢ ᠴᠢᠩᠭ᠎ᠠ ᠠᠳᠬᠤᠵᠤ ᠂   ᠲᠣᠬᠠᠶᠢᠯᠠᠭᠰᠠᠨ ᠠᠵᠢᠯ ᠢ ᠬᠢᠨᠠᠨ ᠵᠢᠯᠣᠭᠣᠳᠬᠤ ᠂ ᠰᠤᠮᠤ ᠰᠢᠶᠠᠩ ᠪᠠᠯᠭᠠᠰᠤᠨ ᠤ ᠨᠠᠮ ᠤᠨ ᠬᠣᠷᠢᠶ᠎ᠠ ᠭᠣᠣᠯᠠᠯᠨ ᠬᠠᠮᠢᠶᠠᠷᠬᠤ ᠂ ᠭᠠᠴᠠᠭ᠎ᠠ ᠲᠣᠰᠬᠣᠨ ᠤ ᠨᠠᠮ ᠤᠨ ᠡᠭᠦᠷ ᠦᠨ ᠨᠠᠶᠢᠳᠠᠪᠣᠷᠢᠵᠢᠭᠣᠯᠬᠣ ᠪᠣᠳᠠᠲᠠᠶ ᠬᠠᠷᠢᠭᠤᠴᠠᠯᠭ᠎ᠠ ᠶ᠋ᠢ  ᠲᠣᠳᠣᠷᠬᠠᠶᠢᠯᠠᠵᠣ ᠂ ᠳᠦᠷᠢᠮ ᠲᠣᠭᠲᠠᠭᠠᠯ ‍ᠢ  ᠨᠡᠶᠢᠳᠡᠪᠦᠷᠢᠵᠢᠭᠣᠯᠣᠨ ᠂ ᠳᠦᠷᠢᠮ ᠲᠣᠭᠲᠠᠴᠠ ᠶ᠋ᠢ ᠲᠡᠭᠦᠯᠳᠡᠷᠵᠢᠭᠦᠯᠬᠦ ᠬᠡᠷᠡᠭᠲᠡᠶ ᠃ ᠦᠨᠳ᠋ᠦᠰᠦᠨ ᠱᠠᠲᠤᠨ ᠤ ᠤᠯᠤᠰ ᠲᠥᠷᠥ ᠶ᠋ᠢᠨ ᠠᠮᠢ ᠠᠬᠤᠶ ᠶ᠋ᠢ ᠴᠡᠪᠡᠷᠰᠢᠭᠦᠯᠬᠦ ᠶ᠋ᠢ ᠦᠷᠭᠦᠯᠵᠢᠯᠡᠨ ᠲᠥᠪᠯᠡᠷᠡᠭᠦᠯᠵᠦ ᠂ ᠪᠥᠬᠥ ᠬᠦᠴᠦᠨ ᠢᠶ᠋ᠡᠷ ᠢᠶ᠋ᠡᠨ  ᠰᠠᠶᠢᠳᠣᠷ ᠬᠢᠵᠦ ᠂ ᠭᠠᠴᠠᠭ᠎ᠠ ᠲᠣᠰᠬᠣᠨ ᠤ ᠦᠨᠳ᠋ᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠶ᠋ᠢ ᠴᠡᠭᠴᠡᠯᠡᠨ ᠰᠠᠶᠢᠵᠢᠷᠠᠭᠣᠯᠬᠣ ᠴᠢᠬᠤᠯᠠ ᠠᠷᠭ᠎ᠠ ᠬᠡᠮᠵᠢᠶ᠎ᠡ ᠪᠣᠯᠭᠠᠬᠤ ᠬᠡᠷᠡᠭᠲᠡᠶ ᠃  《 ᠠᠷᠢᠭᠤᠨ ᠴᠢᠬᠡᠴᠢ ᠺᠠᠳ᠋ᠷ 》 ᠢ ᠰᠢᠯᠭᠠᠷᠠᠭᠤᠯᠬᠤ ᠠᠵᠢᠯ ᠢ  ᠭᠦᠡᠵᠡᠭᠡᠶᠢᠷᠡᠭᠦᠯᠵᠦ ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ  ᠴᠢᠷᠮᠡᠶᠢᠯᠭ᠎ᠠ ᠭᠠᠷᠭᠠᠬᠤ ᠶ᠋ᠢ ᠵᠣᠷᠢᠭᠵᠢᠭᠤᠯᠵᠤ ᠂ ᠲᠥᠪ ᠴᠢᠬᠡᠴᠢ ᠤᠯᠤᠰ ᠲᠥᠷᠦ ᠶ᠋ᠢᠨ ᠠᠮᠢ ᠠᠬᠤᠶ ᠪᠠ ᠠᠵᠢᠯ ᠦᠢᠯᠡᠰ ᠪᠣᠰᠬᠠᠬᠤ ᠥᠳᠬᠡᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠣ ᠬᠡᠷᠡᠭᠲᠡᠢ ᠭᠡᠰᠡᠨ ᠪᠠᠶᠢᠨ᠎ᠠ ᠃

   

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ