ᠬᠣᠰᠢᠭᠣᠨ ᠤ ᠨᠠᠮ ᠤᠨ ᠬᠣᠷᠢᠶᠠᠨ ᠤ ᠱᠦᠵᠢ ᠵᠠᠩ ᠬᠤᠸᠠ ᠪᠥᠬᠥ ᠬᠣᠰᠢᠭᠤᠨ ᠤ ᠤᠳᠤᠷᠢᠳᠬᠤ ᠺᠠᠳ᠋ᠷᠴᠤᠳ ᠲᠤ 《 ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳ᠋ᠦᠪᠲᠦ ᠬᠥᠮᠦᠵᠢᠯ ᠦᠨ ᠲᠤᠰᠬᠠᠶ ᠰᠡᠳ᠋ᠦᠪᠲᠦ ᠨᠠᠮ ᠤᠨ ᠬᠢᠴᠢᠶᠡᠯ ᠣᠷᠣᠭᠰᠠᠨ

ᠣᠩᠰᠢᠭᠰᠠᠨ ᠤᠳᠠᠭ᠎ᠠ ᠄ 707     ᠨᠡᠶᠢᠳᠡᠯᠡᠭᠰᠡᠨ ᠴᠠᠭ ᠄ 2019/11/7 10:45:14

       11ᠳ᠋ᠦ᠋ᠭᠡᠷ ᠰᠠᠷ᠎ᠠ ᠶ᠋ᠢᠨ 4 ᠦ ᠡᠳ᠋ᠦᠷ ᠂ ᠬᠣᠰᠢᠭᠣᠨ ᠤ ᠨᠠᠮ ᠤᠨ ᠬᠣᠷᠢᠶᠠᠨ ᠤ ᠱᠦᠵᠢ ᠵᠠᠩ ᠬᠤᠸᠠ 《 ᠤᠭ ᠰᠠᠨᠠᠭ᠎ᠠ ᠪᠠᠨ ᠪᠠᠷᠢᠮᠳᠠᠯᠠᠨ ᠂ ᠡᠭᠦᠷᠭᠡ ᠬᠠᠷᠢᠭᠤᠴᠠᠯᠭ᠎ᠠ ᠪᠠᠨ ᠴᠡᠭᠡᠵᠢᠯᠡᠵᠣ᠂ ᠰᠢᠨ᠎ᠡ ᠴᠠᠭ ᠦᠶ᠎ᠡ ᠶ᠋ᠢᠨ ᠰᠢᠨ᠎ᠡ ᠨᠠᠢᠮᠠᠨ ᠦ ᠭᠡᠷᠡᠯ ᠰᠠᠴᠤᠷᠠᠩᠭᠤᠶ ᠬᠠᠭᠤᠳᠠᠰᠤ ᠶ᠋ᠢ ᠪᠢᠴᠢᠭᠡᠯᠡᠰᠦᠭᠦ 》 ᠭᠡᠬᠦ ᠰᠡᠳ᠋ᠦᠪ ᠢᠶ᠋ᠡᠷ ᠪᠥᠬᠥ ᠬᠣᠰᠢᠭᠤᠨ ᠤ ᠤᠳᠤᠷᠢᠳᠬᠤ ᠺᠠᠳ᠋ᠷ ᠲᠤ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ 》 ᠭᠡᠬᠦ ᠭᠣᠣᠯ ᠰᠡᠳ᠋ᠦᠪᠲᠦ ᠬᠥᠮᠦᠵᠢᠯ ᠦᠨ ᠲᠤᠰᠬᠠᠶ ᠰᠡᠳ᠋ᠦᠪᠲᠦ ᠨᠠᠮ ᠤᠨ ᠬᠢᠴᠢᠶᠡᠯ ᠣᠷᠣᠵᠦ᠂ ᠬᠣᠲᠠ ᠶ᠋ᠢᠨ ᠨᠠᠮ ᠤᠨ ᠬᠣᠷᠢᠶᠠᠨ ᠤ ᠭᠣᠣᠯ ᠰᠡᠳ᠋ᠦᠪᠲᠦ ᠬᠥᠮᠦᠵᠢᠯ ᠦᠨ ᠳᠣᠯᠣᠳᠤᠭᠠᠷ ᠵᠢᠯᠣᠭᠣᠳᠬᠤ ᠲᠣᠭᠣᠶᠢᠯᠠᠩ ᠬᠤᠷᠠᠯ ᠳᠤ  ᠣᠷᠣᠯᠴᠠᠨ ᠵᠢᠭᠠᠨ ᠵᠢᠯᠣᠭᠣᠳᠪᠠ ᠃

       

       ᠵᠠᠩ ᠬᠤᠸᠠ ᠡᠩ ᠲᠡᠷᠢᠭᠦᠨ ᠳᠦ ᠰᠢ ᠶ᠋ᠢᠨ ᠫᠢᠩ ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠶ᠋ᠢ ᠰᠤᠷᠤᠯᠴᠠᠨ   ᠲᠣᠭᠣᠰᠢᠯᠠᠭᠣᠯᠬᠣ  ᠣᠶᠢᠯᠠᠭᠠᠯᠳᠠ ᠲᠠᠢ ᠤᠶᠠᠯᠳᠤᠭᠤᠯᠵᠤ ᠂ 《 ᠤᠭ ᠰᠠᠨᠠᠭ᠎ᠠ ᠪᠠᠨ ᠪᠠᠷᠢᠮᠳᠠᠯᠠᠨ ᠂ ᠡᠭᠦᠷᠭᠡ ᠬᠠᠷᠢᠭᠤᠴᠠᠯᠭ᠎ᠠ ᠪᠠᠨ ᠴᠡᠭᠡᠵᠢᠯᠡᠵᠣ ᠂ ᠵᠥᠷᠢᠶ᠎ᠡ ᠪᠡᠨ ᠡᠷᠢᠨ ᠂  ᠨᠡᠶᠢᠳᠡᠪᠣᠷᠢᠵᠢᠭᠣᠯᠣᠯᠳᠡ ᠶ᠋ᠢ ᠠᠳᠬᠤᠬᠤ 》 ᠶᠡᠷᠦᠩᠬᠡᠶ ᠱᠠᠭᠠᠷᠳᠠᠯᠭ᠎ᠠ ᠶ᠋ᠢᠨ ᠲᠣᠭᠣᠷᠢᠨ ᠳᠤ ᠰᠠᠨᠠᠯ ᠢᠶᠡᠨ ᠰᠣᠯᠢᠯᠴᠠᠭᠰᠠᠨ ᠪᠠᠶᠢᠨ᠎ᠠ ᠃ ᠲᠡᠷᠡ ᠵᠢᠭᠠᠵᠣ ᠭᠠᠷᠭᠠᠭᠰᠠᠨ ᠨᠢ ᠂ ᠡᠨᠡᠭᠦ ᠶᠡᠷᠦᠩᠭᠡᠢ ᠱᠠᠭᠠᠷᠳᠠᠯᠭ᠎ᠠ ᠨᠢ ᠰᠢ ᠶ᠋ᠢᠨ ᠫᠢᠩ ᠶᠡᠷᠦᠩᠬᠡᠶ ᠱᠦᠵᠢ ᠶ᠋ᠢᠨ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳ᠋ᠦᠪᠲᠦ ᠬᠥᠮᠦᠵᠢᠯ ᠳᠦ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠣᠯᠬᠤ ᠪᠥᠭᠡᠳ ᠪᠠᠰᠠ ᠭᠣᠣᠯ ᠰᠡᠳ᠋ᠦᠪᠲᠦ ᠬᠥᠮᠦᠵᠢᠯ ᠦᠨ ᠦᠷ᠎ᠡ ᠪᠦᠲᠦᠭᠡᠯ ᠢ ᠰᠢᠯᠭᠠᠬᠤ ᠦᠨᠳ᠋ᠦᠰᠦᠨ ᠪᠠᠷᠢᠮᠵᠢᠶ᠎ᠠ ᠪᠠᠶᠢᠵᠣ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠣᠯᠣᠯᠣᠳᠠ ᠪᠣᠯᠤᠨ ᠪᠦᠬᠦ ᠨᠠᠮ ᠤᠨ ᠭᠡᠰᠢᠭᠦᠨ ᠺᠠᠳ᠋ᠷ ᠭᠦᠨᠵᠡᠭᠡᠶ ᠣᠶᠢᠯᠭᠠᠨ ᠂ ᠪᠠᠲᠤ ᠡᠵᠡᠮᠳᠡᠵᠦ ᠂  ᠭᠣᠣᠯ ᠰᠡᠳ᠋ᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠂ ᠦᠨᠡᠨ ᠪᠣᠳᠠᠲᠠᠶ ᠦᠷ᠎ᠡ ᠪᠦᠲᠦᠮᠵᠢ ᠣᠯᠬᠤ ᠶ᠋ᠢ ᠪᠠᠲᠤᠯᠠᠬᠤ ᠬᠡᠷᠡᠭᠲᠡᠶ ᠭᠡᠰᠡᠨ ᠪᠠᠶᠢᠨ᠎ᠠ ᠃
      ᠵᠠᠩ ᠬᠤᠸᠠ ᠭᠣᠣᠯ ᠰᠡᠳ᠋ᠦᠪᠲᠦ ᠬᠥᠮᠦᠵᠢᠯ ᠥᠷᠨᠢᠭᠦᠯᠦᠭᠰᠡᠨ ᠡᠴᠡ ᠨᠠᠭᠠᠰᠢ ᠨᠢᠭᠡ ᠲᠠᠯ᠎ᠠ ᠪᠠᠷ ᠰᠣᠷᠣᠯᠴᠠᠨ ᠂ ᠨᠢᠭᠡ ᠲᠠᠯ᠎ᠠ ᠪᠠᠷ  ᠪᠠᠶᠢᠴᠠᠭᠠᠨ ᠰᠤᠳᠤᠯᠵᠤ ᠂ ᠨᠢᠭᠡ ᠲᠠᠯ᠎ᠠ ᠪᠠᠷ  ᠪᠠᠶᠢᠴᠠᠭᠠᠨ ᠦᠵᠡᠭᠦ ᠲᠠᠢ ᠤᠶᠠᠯᠳᠤᠭᠤᠯᠤᠨ ᠂ ᠭᠣᠣᠯ ᠰᠡᠳ᠋ᠦᠪᠲᠦ ᠬᠥᠮᠦᠵᠢᠯ ᠦᠨ ᠦᠨᠳ᠋ᠦᠰᠦᠨ ᠡᠭᠦᠷᠭᠡ ᠳᠦ ᠠᠩᠬᠠᠷᠤᠯ ᠢᠶᠡᠨ ᠲᠥᠪᠯᠡᠷᠡᠭᠦᠯᠵᠦ ᠂ ᠰᠢ ᠶ᠋ᠢᠨ ᠫᠢᠩ ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ  ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠂ ᠦᠢᠯᠡᠳᠦᠯᠭᠡ ᠪᠡᠨ ᠵᠢᠯᠣᠭᠣᠳᠤᠭᠤᠯᠬᠤ ᠂ ᠠᠵᠢᠯ ᠢᠶᠡᠨ ᠠᠬᠢᠭᠤᠯᠬᠤ ᠳᠤ ᠣᠷᠣᠰᠢᠵᠤ ᠪᠠᠶᠢᠭ᠎ᠠ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠶ᠋ᠢ ᠰᠢᠰᠲ᠋ᠧᠮ ᠲᠡᠶ ᠡᠮᠬᠢᠯᠡᠵᠦ ᠂ ᠰᠢᠯᠲᠠᠭᠠᠨ ᠪᠣᠯᠤᠨ ᠬᠡᠮ ᠰᠣᠭᠣᠭ ᠢ ᠭᠦᠨᠵᠡᠭᠡᠶ ᠠᠷᠢᠯᠭᠠᠬᠣ ᠬᠡᠷᠡᠭᠲᠡᠢ ᠭᠡᠰᠡᠨ ᠪᠠᠶᠢᠨ᠎ᠠ ᠃
     ᠵᠠᠩ ᠬᠤᠸᠠ  ᠴᠢᠩᠭᠠᠳᠬᠠᠭᠰᠠᠨ ᠨᠢ ᠂ ᠪᠦᠬᠦ ᠬᠣᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶ᠋ᠢᠨ ᠫᠢᠩ ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠂  ᠰᠢ ᠶ᠋ᠢᠨ ᠫᠢᠩ ᠶᠡᠷᠦᠩᠬᠡᠶ ᠱᠦᠵᠢ ᠶ᠋ᠢᠨ ᠥᠪᠥᠷ ᠮᠣᠩᠭᠣᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂   ᠭᠣᠣᠯ ᠰᠡᠳ᠋ᠦᠪᠲᠦ ᠬᠥᠮᠦᠵᠢᠯ ᠢ ᠲᠠᠰᠤᠷᠠᠯᠲᠠ ᠦᠭᠡᠢ  ᠭᠦᠡᠵᠡᠭᠡᠶᠢᠷᠡᠭᠦᠯᠦᠨ  ᠪᠣᠳᠠᠳᠠᠶᠢᠵᠢᠭᠣᠯᠬᠣ ᠶ᠋ᠢ ᠠᠬᠢᠭᠤᠯᠬᠤ ᠬᠡᠷᠡᠭᠲᠡᠶ ᠃ ᠠᠷᠠᠳ ᠲᠦᠮᠡᠨ ᠢᠶ᠋ᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠪᠠᠷᠢᠮᠳᠠᠯᠠᠨ ᠂ ᠣᠯᠠᠨ ᠲᠦᠮᠡᠨ ᠦ ᠬᠠᠮᠤᠭ ᠤᠨ ᠬᠦᠰᠡᠵᠦ ᠪᠠᠶᠢᠭ᠎ᠠ ᠂ ᠬᠠᠮᠤᠭ ᠤᠨ ᠪᠠᠴᠢᠮ ᠱᠠᠭᠠᠷᠳᠠᠵᠤ ᠪᠠᠶᠢᠭ᠎ᠠ ᠂ ᠬᠠᠮᠤᠭ ᠤᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ ᠃ ᠤᠭ ᠰᠠᠨᠠᠭ᠎ᠠ ᠪᠠᠨ ᠦᠯᠦ ᠮᠠᠷᠳᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠂ ᠨᠠᠮ ᠤᠨ ᠦᠢᠯᠡᠰ ᠦᠨ ᠲᠥᠯᠥᠭᠡ ᠲᠡᠮᠡᠴᠡᠨ ᠂ ᠠᠷᠠᠳ ᠲᠦᠮᠡᠨ ᠦ ᠵᠣᠯ ᠵᠢᠷᠭᠠᠯ ᠤᠨ ᠲᠥᠯᠥᠭᠡ ᠲᠡᠮᠡᠴᠡᠵᠦ ᠂  ᠰᠢᠨ᠎ᠡ ᠴᠠᠭ ᠦᠶ᠎ᠡ ᠶ᠋ᠢᠨ ᠰᠢᠨ᠎ᠡ ᠨᠠᠢᠮᠠᠨ ᠦ ᠭᠡᠷᠡᠯ ᠰᠠᠴᠤᠷᠠᠩᠭᠤᠶ ᠬᠠᠭᠤᠳᠠᠰᠤ ᠶ᠋ᠢ  ᠴᠢᠷᠮᠡᠶᠢᠨ ᠪᠢᠴᠢᠭᠯᠡᠬᠦ ᠬᠡᠷᠡᠭᠲᠡᠶ ᠭᠡᠰᠡᠨ ᠪᠠᠶᠢᠨ᠎ᠠ ᠃
     ᠬᠤᠷᠠᠯ ᠢ ᠲᠸᠯᠸᠢᠰ ᠶ᠋ᠢᠨ ᠬᠤᠷᠠᠯ ᠤᠨ ᠬᠡᠯᠪᠡᠷᠢ ᠪᠡᠷ ᠬᠤᠷᠠᠯᠳᠤᠭᠤᠯᠵᠤ ᠂ ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠵᠡᠭᠡᠯᠢ ᠭᠤᠳᠤᠮᠵᠢ ᠳ᠋ᠥ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ