ᠬᠣᠰᠢᠭᠣᠨ ᠤ ᠨᠠᠮ ᠤᠨ ᠬᠣᠷᠢᠶᠠᠨ ᠤ ᠱᠦᠵᠢ ᠵᠠᠩ ᠬᠤᠸᠠ ᠰᠢᠷᠠᠬᠣᠭᠣᠯᠠᠢ ᠪᠠᠯᠭᠠᠰᠤᠨ ᠳᠤ ᠭᠦᠡᠵᠡᠭᠡᠶᠢᠷᠡᠨ ᠭᠣᠣᠯ ᠰᠡᠳ᠋ᠦᠪᠲᠦ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 692     ᠨᠡᠶᠢᠳᠡᠯᠡᠭᠰᠡᠨ ᠴᠠᠭ ᠄ 2019/11/7 15:22:20

     11  ᠳ᠋ᠦ᠋ᠭᠡᠷ ᠰᠠᠷ᠎ᠠ ᠶ᠋ᠢᠨ 4 ᠦ ᠡᠳ᠋ᠦᠷ ᠂ ᠬᠣᠰᠢᠭᠣᠨ ᠤ ᠨᠠᠮ ᠤᠨ ᠬᠣᠷᠢᠶᠠᠨ ᠤ ᠱᠦᠵᠢ ᠵᠠᠩ ᠬᠤᠸᠠ ᠰᠢᠷᠠᠬᠣᠭᠣᠯᠠᠢ ᠪᠠᠯᠭᠠᠰᠤᠨ ᠳᠤ  ᠭᠦᠡᠵᠡᠭᠡᠶᠢᠷᠡᠨ ᠭᠣᠣᠯ ᠰᠡᠳ᠋ᠦᠪᠲᠦ ᠬᠥᠮᠦᠵᠢᠯ ᠂ ᠶᠠᠳᠠᠭᠤ ᠡᠴᠠ  ᠠᠩᠭᠢᠵᠢᠷᠠᠭᠣᠯᠣᠨ ᠪᠣᠭᠣᠮᠲᠠ ᠰᠢᠪᠲᠤᠯᠬᠤ ᠂ 《 ᠭᠤᠷᠪᠠᠨ ᠶᠠᠪᠤᠳᠠᠯ 》 ᠢ ᠢᠯᠠ ᠪᠣᠯᠭᠠᠬᠤ ᠵᠡᠷᠭᠡ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ ᠪᠠᠶᠢᠨ᠎ᠠ ᠃ ᠵᠠᠩ ᠬᠤᠸᠠ ᠤᠷᠢᠳ ᠬᠣᠵᠢᠳ ᠭᠣᠣᠯᠳᠠᠯᠭ᠎ᠠ ᠲᠠᠢ ᠶᠡᠳᠠᠭᠣ ᠬᠦᠴᠢᠷᠳᠡᠯᠲᠡᠢ ᠲᠣᠰᠬᠣᠨ ᠱᠦᠶ ᠴᠢᠤᠸᠠᠨ ᠲᠣᠰᠬᠣᠨ ᠂ ᠮᠥᠩᠬᠡ  ᠬᠠᠩᠱᠠᠷ ᠲᠣᠰᠬᠣᠨ ᠢᠶᠠᠷ ᠠᠶᠢᠯᠴᠢᠯᠠᠨ ᠂ ᠲᠣᠰᠬᠣᠨ ᠳᠤ ᠰᠠᠭᠤᠭ᠎ᠠ ᠺᠠᠳ᠋ᠷ ᠤᠨ ᠠᠮᠢᠳᠤᠷᠠᠯ ᠤᠨ  ᠪᠠᠶᠢᠳᠠᠯ ᠢ  ᠣᠶᠢᠯᠠᠭᠠᠵᠦ ᠂ ᠪᠠᠯᠭᠠᠰᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ‍ᠢ ᠲᠣᠰᠬᠣᠨ ᠳᠤ ᠰᠠᠭᠤᠭ᠎ᠠ ᠺᠠᠳ᠋ᠷ ᠤᠨ ᠰᠤᠷᠤᠯᠴᠠᠯᠭ᠎ᠠ ᠠᠮᠢᠳᠤᠷᠠᠯ ᠢ  ᠰᠠᠶᠢᠳᠣᠷ  ᠬᠠᠯᠠᠮᠵᠢᠯᠠᠨ ᠳᠠᠮᠵᠢᠵᠤ ᠂ ᠲᠡᠳᠡᠨ ᠳᠦ  ᠰᠠᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ   ᠵᠠᠬᠢᠭᠰᠠᠨ ᠪᠠᠶᠢᠨ᠎ᠠ ᠃ ᠵᠠᠩ ᠬᠤᠸᠠ ᠪᠠᠰᠠ ᠲᠠᠩᠰᠠᠨ ᠳ᠋ᠥ ᠲᠡᠮᠳᠡᠭᠯᠡᠨ ᠺᠠᠷᠲ ᠪᠠᠶᠢᠭᠣᠯᠣᠭᠰᠠᠨ ᠶᠠᠳᠠᠭᠤ ᠬᠦᠴᠢᠷᠳᠡᠯᠲᠡᠶ ᠡᠷᠦᠬᠡ ᠰᠢᠤᠢ  ᠪᠣᠯᠣᠳ ᠂ ᠪᠣᠣ ᠸᠧᠨ ᠴᠢᠤᠸᠠᠨ ᠂ ᠵᠠᠩ ᠬᠦᠶ ᠴᠢᠨ ᠤ ᠬᠢᠨ ᠳ᠋ᠥ ᠠᠶᠢᠯᠴᠢᠯᠠᠵᠣ ᠂ ᠶᠠᠳᠠᠭᠤ ᠶ᠋ᠢ ᠲᠡᠳᠬᠦᠬᠦ ᠠᠵᠤ ᠦᠢᠯᠡᠰ ᠦᠨ ᠬᠥᠭᠵᠢᠯᠲᠡ ᠂ ᠭᠡᠷ ᠪᠦᠯᠢ ᠶ᠋ᠢᠨ ᠣᠷᠣᠯᠭ᠎ᠠ ᠵᠠᠷᠤᠯᠭ᠎ᠠ ᠂ ᠠᠵᠢᠯ ᠣᠯᠭᠣᠯᠲᠠ ᠵᠡᠷᠭᠡ  ᠪᠠᠶᠢᠳᠠᠯ ᠢ ᠨᠠᠷᠢᠨ ᠠᠰᠠᠭᠤᠨ ᠯᠠᠪᠯᠠᠵᠤ ᠂ ᠠᠷᠭ᠎ᠠ ᠬᠡᠮᠵᠢᠶ᠎ᠡ ᠰᠦᠪᠡᠭᠴᠢᠯᠡᠨ ᠠᠰᠠᠭᠤᠳᠠᠯ ᠢ ᠨᠢ ᠰᠢᠢᠳᠪᠦᠷᠢᠯᠡᠵᠣ ᠦᠭᠭᠦᠭᠰᠡᠨ ᠪᠠᠶᠢᠨ᠎ᠠ ᠃

    

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ