ᠬᠣᠰᠢᠭᠣᠨ ᠤ ᠨᠠᠮ ᠤᠨ ᠬᠣᠷᠢᠶᠠᠨ ᠤ ᠱᠦᠵᠢ ᠵᠠᠩ ᠬᠤᠸᠠ ᠰᠢᠨ᠎ᠡ ᠪᠠᠯᠭᠠᠰᠤᠨ ᠳᠤ ᠭᠦᠨᠵᠡᠭᠡᠶᠢᠷᠡᠨ ᠭᠣᠣᠯ ᠰᠡᠳ᠋ᠦᠪᠲᠦ ᠬᠥᠮᠦᠵᠢᠯ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ 《 ᠭᠤᠷᠪᠠᠨ ᠶᠠᠪᠤᠳᠠᠯ 》 ᠢ ᠢᠯᠠ ᠪᠣᠯᠭᠠᠬᠤ ᠵᠡᠷᠭᠡ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ
ᠣᠩᠰᠢᠭᠰᠠᠨ ᠤᠳᠠᠭ᠎ᠠ ᠄ 2228 ᠨᠡᠶᠢᠳᠡᠯᠡᠭᠰᠡᠨ ᠴᠠᠭ ᠄ 2019/11/12 14:44:47
11 ᠳ᠋ᠦ᠋ᠭᠡᠷ ᠰᠠᠷ᠎ᠠ ᠶ᠋ᠢᠨ 5 ᠦ ᠡᠳ᠋ᠦᠷ ᠂ ᠬᠣᠰᠢᠭᠣᠨ ᠤ ᠨᠠᠮ ᠤᠨ ᠬᠣᠷᠢᠶᠠᠨ ᠤ ᠱᠦᠵᠢ ᠵᠠᠩ ᠬᠤᠸᠠ ᠰᠢᠨ᠎ᠡ ᠪᠠᠯᠭᠠᠰᠤᠨ ᠳᠤ ᠭᠦᠨᠵᠡᠭᠡᠶᠢᠷᠡᠨ ᠭᠣᠣᠯ ᠰᠡᠳ᠋ᠦᠪᠲᠦ ᠬᠥᠮᠦᠵᠢᠯ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ 《 ᠭᠤᠷᠪᠠᠨ ᠶᠠᠪᠤᠳᠠᠯ 》 ᠢ ᠢᠯᠠ ᠪᠣᠯᠭᠠᠬᠤ ᠵᠡᠷᠭᠡ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ ᠪᠠᠶᠢᠨ᠎ᠠ᠃ ᠵᠠᠩ ᠬᠤᠸᠠ ᠤᠷᠢᠳ ᠬᠣᠵᠢᠳ ᠭᠣᠵᠢᠭᠣᠷᠬᠣᠸᠠ ᠭᠠᠴᠠᠭ᠎ᠠ ᠂ ᠵᠢᠡᠭᠽᠢ ᠲᠣᠰᠬᠣᠨ ᠳᠤ ᠬᠦᠷᠴᠦ ᠂ ᠲᠣᠰᠬᠣᠨ ᠳᠤ ᠰᠠᠭᠤᠭ᠎ᠠ ᠠᠵᠢᠯᠯᠠᠬᠣ ᠠᠩᠭᠢ ᠶ᠋ᠢᠨ ᠠᠵᠢᠯ ᠠᠮᠢᠳᠣᠷᠠᠯ ᠤᠨ ᠪᠠᠶᠢᠲᠠᠯ ᠢ ᠠᠰᠠᠭᠣᠨ ᠯᠠᠪᠯᠡᠵᠣ ᠂ ᠪᠠᠯᠭᠠᠰᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠳᠤ ᠲᠣᠰᠬᠣᠨ ᠳᠤ ᠰᠠᠭᠤᠭ᠎ᠠ ᠺᠠᠳ᠋ᠷ ᠤᠨ ᠰᠤᠷᠤᠯᠴᠠᠯᠭ᠎ᠠ ᠠᠵᠢᠯ ᠠᠮᠢᠳᠤᠷᠠᠯ ᠢ ᠦᠷᠭᠦᠯᠵᠢᠯᠡᠨ ᠬᠠᠯᠠᠮᠵᠢᠯᠠᠨ ᠳᠠᠮᠵᠢᠵᠤ ᠂ ᠲᠡᠳᠡᠨ ᠳᠦ ᠨᠠᠩ ᠰᠠᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠠᠬᠢᠪᠠ ᠃ ᠵᠠᠩ ᠬᠤᠸᠠ ᠪᠠᠰᠠ ᠲᠠᠩᠰᠠᠨ ᠳ᠋ᠥ ᠲᠡᠮᠳᠡᠭᠯᠡᠨ ᠺᠠᠷᠲ ᠪᠠᠶᠢᠭᠣᠯᠣᠭᠰᠠᠨ ᠶᠠᠳᠠᠭᠤ ᠬᠦᠴᠢᠷᠳᠡᠯᠲᠡᠶ ᠡᠷᠦᠬᠡ ᠭᠤᠤ ᠢᠦᠢ ᠰᠧᠨ ᠂ ᠸᠠᠩ ᠸᠧᠨ ᠰᠢᠶᠠᠩ ᠤ ᠬᠢᠨ ᠳ᠋ᠥ ᠠᠶᠢᠯᠴᠢᠯᠠᠵᠣ ᠂ ᠶᠠᠳᠠᠭᠤ ᠶ᠋ᠢ ᠲᠡᠳᠬᠦᠬᠦ ᠂ ᠠᠵᠤ ᠦᠢᠯᠡᠰ ᠦᠨ ᠬᠥᠭᠵᠢᠯᠲᠡ ᠂ ᠭᠡᠷ ᠪᠦᠯᠢ ᠶ᠋ᠢᠨ ᠣᠷᠣᠯᠭ᠎ᠠ ᠵᠠᠷᠤᠯᠭ᠎ᠠ ᠂ ᠠᠵᠢᠯ ᠣᠯᠭᠣᠯᠲᠠ ᠵᠡᠷᠭᠡ ᠪᠠᠶᠢᠲᠠᠯ ᠢ ᠨᠠᠷᠢᠨ ᠠᠰᠠᠭᠤᠨ ᠯᠠᠪᠯᠠᠵᠤ ᠂ ᠬᠠᠪᠰᠣᠷᠣᠨ ᠲᠡᠳᠭᠦᠬᠦ ᠠᠷᠭ᠎ᠠ ᠬᠡᠮᠵᠢᠶ᠎ᠡ ᠰᠦᠪᠡᠭᠴᠢᠯᠡᠨ ᠠᠰᠠᠭᠤᠳᠠᠯ ᠢ ᠨᠢ ᠰᠢᠢᠳᠪᠦᠷᠢᠯᠡᠵᠣ ᠦᠭᠭᠦᠭᠰᠡᠨ ᠪᠠᠶᠢᠨ᠎ᠠ ᠃